ᠤᠶᠢᠷ᠎ᠠ ᠶᠢᠨ ᠡᠳᠣᠷ᠂ ᠦᠥᠰᠢᠨ ᠬᠤᠰᠢᠭᠤᠨ ᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ ᠪᠤᠯᠤᠨ | ᠨᠠᠰᠤᠨ ᠳᠤ ᠦᠯᠣ ᠬᠦᠷᠣᠭ᠍ᠰᠡᠳ ᠤᠨ ᠰᠡᠳᠬᠢᠴᠡ ᠶᠢᠨ ᠡᠷᠡᠭᠦᠯ ᠮᠡᠨᠲᠤ ᠶᠢ ᠵᠢᠭᠠᠨ ᠵᠢᠯᠤᠭᠤᠳᠬᠤ ᠲᠦᠪ ᠬᠠᠮᠳᠣᠷᠠᠨ | ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠳᠤ ᠬᠦᠷᠴᠣ ᠰᠣᠷᠣᠭᠴᠢᠳ ᠲᠤ ᠰᠡᠳᠬᠢᠴᠡ ᠶᠢᠨ ᠡᠷᠡᠭᠦᠯ ᠮᠡᠨᠳᠦ ᠶᠢᠨ | ᠬᠢᠴᠢᠶᠡᠯᠯᠡᠭᠡ ᠬᠢᠪᠡ᠃ ᠵᠢᠯᠤᠭᠤᠳᠤᠭᠴᠢ ᠪᠠᠭᠰᠢ ᠠᠴᠠ ᠰᠣᠷᠣᠭᠴᠢᠳ ᠲᠤ ᠦᠩᠭᠡᠲᠦ ᠰᠢᠪᠠᠷ ᠢᠶᠠᠷ ᠡᠵᠢ ᠶᠢᠨ ᠢᠶᠠᠨ | ᠲᠦᠷᠢ ᠶᠢ ᠱᠣᠭᠤᠨ ᠪᠦᠲᠦᠭᠡᠬᠦ ᠭᠠᠷ ᠤᠷᠠᠯᠠᠯ ᠤᠨ ᠬᠢᠴᠢᠶᠡᠯ ᠢᠶᠠᠷ ᠲᠠᠮᠵᠢᠭᠤᠯᠵᠤ᠂ ᠡᠨᠡᠷᠢᠯᠳᠤ ᠡᠵᠢ ᠶᠢᠨ ᠢᠶᠠᠨ | ᠠᠭᠤᠤ ᠬᠠᠶᠢᠷ᠎ᠠ ᠪᠣᠯᠣᠨ ᠠᠬᠠᠰ ᠵᠠᠬᠠᠰ ᠢᠶᠠᠨ ᠠᠰᠠᠷᠠᠨ ᠬᠦᠨᠳᠣᠯᠡᠬᠦ ᠡᠷᠬᠢᠮ ᠰᠤᠷᠲᠠᠯ ᠢ ᠤᠶᠢᠯᠠᠭᠠᠭᠤᠯᠤᠭᠰᠠᠨ ᠤ | ᠬᠠᠮᠳᠣ ᠰᠣᠷᠣᠭᠴᠢᠳ ᠤᠨ ᠬᠢᠴᠢᠶᠠᠯ ᠰᠣᠷᠣᠯᠭ᠎ᠠ ᠪᠠᠨ ᠰᠢᠮᠳᠡᠨ ᠰᠣᠷᠣᠯᠴᠠᠬᠤ ᠳᠤ ᠳᠦᠢᠯ ᠤᠨ ᠶᠡᠭᠡ ᠬᠠᠪᠰᠤᠷᠠᠮᠵᠢ | ᠪᠤᠯᠤᠭᠰᠠᠨ ᠪᠠᠶᠢᠨ᠎ᠠ᠃ | | | | | | | ᠦᠥᠰᠢᠨ ᠬᠤᠰᠢᠭᠤᠨ ᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ ᠨᠢ 2015 ᠤᠨ ᠤ 5 | ᠰᠠᠷ᠎ᠠ ᠳᠤ ᠪᠠᠶᠢᠭᠤᠯᠤᠭᠳᠠᠵᠤ᠂ ᠤᠯᠤᠰ ᠤᠨ ᠬᠤᠶᠠᠷ ᠭᠤᠷᠪᠡᠳᠣᠭᠠᠷ ᠲᠡᠰ ᠤᠨ ᠰᠡᠳᠬᠢᠴᠡ ᠶᠢᠨ ᠵᠢᠯᠤᠭᠤᠳᠤᠭᠴᠢ ᠶᠢᠨ | ᠲᠤᠰᠬᠠᠢ ᠮᠡᠷᠭᠡᠵᠢᠯ ᠤᠨ ᠦᠨᠡᠮᠯᠡᠯ ᠲᠠᠢ 89 ᠪᠠᠭᠰᠢ ᠪᠠᠷ ᠭᠤᠤᠯᠯᠠᠭᠤᠯᠤᠭᠰᠠᠨ 164 ᠭᠡᠰᠢᠭᠦᠨ ᠲᠠᠢ ᠪᠠᠶᠢᠵᠤ᠂ | ᠨᠢᠭᠡᠨᠳᠡ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠪᠡᠯᠡ ᠭᠠᠷᠭᠠᠨ ᠣᠯᠠᠨ ᠳᠦᠮᠡᠨ ᠳᠤ ᠣᠶᠢᠯᠠᠴᠢᠯᠡᠬᠦ | ᠲᠦᠷᠦᠯ ᠵᠦᠢᠯ ᠳᠤ ᠵᠢᠭᠰᠠᠭᠠᠭᠳᠠᠨ ᠣᠷᠣᠵᠣ᠂ ᠡᠯ᠎ᠡ ᠭᠠᠴᠠᠭ᠎ᠠ ᠲᠤᠰᠬᠤᠨ ᠨᠡᠶᠢᠬᠡᠮ ᠳᠣᠭᠤᠷᠢᠭ᠂ ᠰᠣᠷᠭᠠᠭᠤᠯᠢ ᠶᠢᠨ | ᠬᠦᠷᠢᠶᠠᠨ ᠳᠤ ᠬᠦᠷᠴᠤ᠂ ᠤᠯᠠᠨ ᠲᠦᠮᠡᠨ ᠳᠤ ᠵᠦᠪ ᠡᠨᠧᠷᠬᠢ᠂ ᠰᠡᠳᠬᠢᠴᠡ ᠶᠢᠨ ᠡᠷᠡᠭᠦᠯ ᠮᠡᠨᠳᠤ ᠶᠢᠨ ᠳᠠᠶᠢᠯᠣᠮᠵᠢ᠂ | ᠡᠮᠡᠭᠳᠡᠶᠢᠴᠣᠣᠨ ᠤᠨ ᠰᠡᠳᠬᠢᠴᠡ ᠶᠢᠨ ᠬᠢᠴᠢᠶᠡᠯᠯᠡᠭᠡ᠂ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ | ᠪᠤᠯᠪᠠᠰᠤᠷᠠᠯ᠂ ᠪᠠᠭᠠᠴᠤᠳ ᠬᠡᠥᠬᠡᠳ ᠤᠨ ᠠᠵᠢᠯᠯᠠᠭᠠᠨ ᠤ ᠦᠷᠦᠭᠡ ᠶᠢᠨ ᠬᠢᠴᠢᠶᠡᠯᠯᠡᠭᠡ ᠵᠡᠷᠭᠡ ᠲᠠᠯ᠎ᠠ ᠶᠢᠨ ᠪᠡᠶ᠎ᠠ | ᠰᠡᠳᠬᠢᠴᠡ ᠶᠢᠨ ᠡᠷᠡᠬᠦᠯ ᠮᠡᠨᠳᠣ ᠶᠢᠨ ᠬᠢᠴᠢᠶᠡᠯᠯᠡᠭᠡ ᠶᠢ ᠵᠢᠯ ᠳᠤ 100 ᠭᠠᠷᠣᠢ ᠳᠡᠯᠡᠪᠣᠷ ᠡᠷᠬᠢᠯᠡᠨ ᠶᠠᠪᠤᠭᠳᠠᠭᠤᠯᠵᠤ | ᠂ ᠣᠯᠠᠨ ᠳᠦᠮᠡᠨ ᠳᠤ ᠡᠷᠡᠭᠦᠯ ᠮᠡᠨᠳᠤ ᠰᠡᠳᠬᠢᠴᠡ ᠶᠢᠨ ᠣᠷᠴᠢᠨ ᠢ ᠪᠣᠢ ᠪᠣᠯᠭᠠᠬᠤ ᠳᠤ ᠪᠡᠳᠣᠯᠠᠭ᠎ᠠ ᠬᠠᠩᠭᠠᠭᠰᠠᠨ | ᠪᠠᠶᠢᠨ᠎ᠠ᠃ | | | | | | | ᠦᠢᠯᠠᠭᠠᠭᠰᠠᠨ ᠢᠶᠠᠷ ᠦᠨᠳᠦᠰᠦᠨ ᠱᠠᠲᠤᠨ ᠤ ᠬᠡᠥᠬᠡᠳ ᠪᠠᠭᠠᠴᠤᠳ ᠲᠤ ᠬᠠᠨᠳᠤᠭᠤᠯᠤᠨ ᠰᠢᠪᠠᠷ ᠱᠤᠭᠤᠮᠠᠯ | ᠭᠠᠷ ᠤᠷᠠᠯᠠᠯ ᠤᠨ ᠬᠢᠴᠢᠶᠡᠯᠯᠡᠭᠡ ᠶᠢ ᠦᠷᠨᠢᠭᠦᠯᠬᠦ ᠪᠠᠷ ᠲᠠᠮᠵᠢᠨ ᠦᠨᠳᠦᠰᠦᠨ ᠱᠠᠲᠤᠨ ᠤ ᠬᠡᠥᠭᠡᠳ ᠪᠠᠭᠠᠴᠤᠳ ᠢ | ᠬᠤᠲᠠ ᠪᠠᠯᠭᠠᠰᠤᠨ ᠤ ᠬᠡᠥᠬᠡᠳ ᠪᠠᠭᠠᠴᠤᠳ ᠲᠠᠢ ᠠᠳᠠᠯᠢᠬᠠᠨ ᠪᠠᠶᠠᠯᠢᠭ ᠤᠳᠬ᠎ᠠ ᠠᠭᠤᠯᠭ᠎ᠠ ᠲᠠᠢ ᠰᠤᠷᠭᠠᠨ | ᠬᠦᠮᠦᠵᠢᠯ ᠤᠨ ᠠᠵᠢᠯᠯᠠᠭᠠᠨ ᠳᠤ ᠤᠷᠤᠯᠴᠠᠭᠤᠯᠵᠦ᠂ ᠡᠷᠡᠭᠦᠯ ᠰᠠᠷᠠᠭᠤᠯ ᠢᠶᠠᠷ ᠦᠰᠦᠨ ᠪᠤᠶᠢᠵᠢᠵᠦ ᠬᠡᠥᠭᠡᠳ | ᠨᠠᠰᠤ ᠪᠠᠨ ᠪᠠᠶᠠᠷ ᠪᠠᠶᠠᠰᠬᠤᠯᠠᠩ ᠲᠠᠢ ᠤᠳᠬ᠎ᠠ ᠠᠭᠤᠯᠭ᠎ᠠ ᠲᠠᠢ ᠦᠩᠭᠡᠷᠡᠭᠡᠬᠦ ᠳᠤ ᠨᠢ ᠲᠤᠰᠠ ᠲᠡᠮᠵᠢᠯᠭᠡ ᠪᠤᠯᠵᠦ᠂ | ᠰᠤᠷᠤᠭᠴᠢᠳ ᠤᠨ ᠦᠪᠡᠷ ᠤᠨ ᠪᠠᠶᠡᠨ ᠳᠡᠭᠡᠨ ᠵᠦᠪ ᠡᠨᠧᠷᠬᠢ ᠬᠤᠷᠠᠮᠳᠤᠭᠤᠯᠤᠨ ᠦᠭᠡᠳᠡᠷᠬᠡᠭ ᠰᠡᠳᠬᠢᠨ ᠤᠷᠮ᠎ᠠ | ᠬᠦᠷ ᠲᠠᠢ ᠪᠠᠷ ᠰᠢᠮᠳᠠᠨ ᠰᠤᠷᠤᠯᠴᠠᠵᠤ᠂ ᠠᠮᠢᠳᠤᠷᠠᠯ ᠰᠤᠷᠤᠯᠭ᠎ᠠ ᠳᠠᠭᠠᠨ ᠦᠷᠭᠦᠯᠵᠢ ᠬᠠᠲᠠᠭᠤᠵᠢᠨ ᠵᠤᠷᠢᠭᠵᠢᠵᠤ | ᠠᠵᠢᠯ ᠶᠠᠪᠤᠳᠠᠯ ᠲᠡᠭᠡᠷ᠎ᠡ ᠪᠠᠨ ᠴᠠᠭ ᠢ ᠴᠢᠩᠭ᠎ᠠ ᠪᠠᠷᠢᠮᠳᠠᠯᠠᠬᠤ ᠰᠠᠶᠢᠨ ᠰᠠᠶᠢᠬᠠᠨ ᠲᠠᠳᠬᠠᠯ ᠲᠠᠢ ᠪᠤᠯᠵᠤ | ᠬᠦᠮᠦᠵᠢᠬᠦ ᠳᠤ ᠲᠤᠩ ᠶᠡᠭᠡ ᠬᠠᠪᠰᠤᠷᠤᠮᠵᠢ ᠪᠤᠯᠵᠤ ᠪᠠᠶᠢᠨ᠎ᠠ᠃ | | |