ᠮᠠᠨ ᠤ ᠬᠤᠰᠢᠭᠤᠨ ᠤ ᠵᠡᠮᠳᠡᠭᠴᠤᠳ ᠢ ᠡᠷᠡᠭᠦᠯᠵᠢᠬᠦᠯᠬᠦ ᠲᠥᠪ ᠡᠷᠡᠭᠦᠯᠵᠢᠭᠦᠯᠬᠦ ᠮᠡᠳᠡᠯᠭᠡ ᠶᠢᠨ ᠪᠤᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2018-12-03
      ᠵᠡᠮᠳᠡᠭᠴᠤᠳ ᠢ ᠤᠨᠤᠪᠴᠢᠲᠠᠢ ᠪᠠᠷ ᠡᠷᠡᠭᠦᠯᠵᠢᠭᠦᠯᠬᠦ ᠥᠢᠯᠡᠴᠢᠯᠡᠭᠡᠨ ᠤ ᠠᠷᠭ᠎ᠠ ᠠᠪᠴᠠᠯ ᠢ ᠨᠠᠶᠢᠲᠠᠪᠤᠷᠢᠵᠢᠭᠤᠯᠤᠨ ᠵᠡᠮᠳᠡᠭᠴᠤᠳ ᠤᠨ ᠡᠷᠡᠭᠦᠯᠵᠢᠭᠦ ᠶᠢ ᠠᠬᠢᠭᠤᠯᠵᠤ ᠪᠡᠶ᠎ᠡ ᠮᠠᠬᠠᠪᠤᠳ ᠤᠨ ᠡᠷᠡᠭᠦᠯ ᠡᠩᠬᠡ ᠶᠢᠨ ᠬᠡᠪ ᠴᠢᠨᠠᠷ ᠢ ᠲᠡᠭᠡᠭᠰᠢᠯᠡᠭᠦᠯᠤᠨ ᠪᠠᠶᠠᠵᠢᠨ ᠴᠢᠨᠡᠭᠡᠯᠢᠭᠵᠢᠬᠦ ᠶᠠᠪᠤᠴᠠ ᠶᠢ ᠲᠥᠷᠭᠡᠳᠭᠡᠨ ᠭᠡᠷ ᠠᠴᠠ ᠪᠠᠨ ᠭᠠᠷᠬᠤ ᠥᠭᠡᠢ ᠡᠷᠡᠭᠦᠯᠵᠢᠬᠦ ᠥᠢᠯᠡᠴᠢᠯᠡᠭᠡ ᠬᠠᠩᠭᠠᠬᠤ ᠶᠢᠨ ᠲᠦᠯᠦᠭᠡ ᠤᠢᠢᠷ᠎ᠠ ᠶᠢᠨ ᠡᠳᠥᠷ ᠬᠤᠰᠢᠭᠤ ᠵᠡᠮᠳᠡᠭᠴᠤᠳ ᠢ ᠡᠷᠡᠭᠦᠯᠵᠢᠭᠦᠯᠬᠦ ᠪᠤᠯᠪᠠᠰᠤᠷᠠᠯ ᠤᠨ ᠲᠥᠪ ᠠᠴᠠ ᠵᠡᠮᠳᠡᠭᠴᠤᠳ ᠪᠠᠷ ᠭᠤᠤᠯᠳᠠᠯᠭ᠎ᠠ ᠪᠤᠯᠭᠠᠵᠤ ᠰᠢᠷᠬᠤᠰᠤᠨ ᠪᠠᠯᠭᠠᠰᠤᠨ ᠳᠤ 2 ᠬᠤᠭᠤᠴᠠᠭᠠᠨ ᠤ ᠡᠷᠡᠭᠦᠯᠵᠢᠭᠦᠯᠬᠦ ᠮᠡᠳᠡᠯᠭᠡ ᠶᠢᠨ ᠪᠤᠯᠪᠠᠰᠤᠷᠠᠯ ᠤᠨ ᠠᠩᠬᠢ ᠶᠢ ᠡᠷᠭᠢᠯᠡᠵᠤ᠂ ᠨᠡᠶᠢᠲᠡ 110 ᠰᠢᠬᠠᠮ ᠬᠥᠮᠥᠨ ᠤᠷᠤᠯᠴᠠᠪᠠ᠃      ᠬᠤᠲᠠ ᠶᠢᠨ ᠡᠬᠡ ᠨᠢᠯᠬᠠᠰ ᠤᠨ ᠡᠷᠡᠭᠦᠯ ᠮᠡᠨᠲᠤ ᠶᠢᠨ ᠡᠮᠨᠡᠯᠭᠡ ᠶᠢᠨ ᠡᠷᠡᠭᠦᠯᠵᠢᠭᠦᠯᠬᠦ ᠲᠥᠪ ᠤᠨ ᠲᠤᠰᠬᠠᠢ ᠮᠡᠷᠭᠡᠵᠢᠯᠲᠡᠨ ᠢ ᠤᠨᠴᠠᠭᠠᠢᠢᠯᠠᠨ ᠤᠷᠢᠨ ᠵᠡᠮᠲᠡᠭᠴᠤᠳ ᠵᠢᠴᠢ ᠲᠡᠲᠡᠨ ᠤ ᠭᠡᠷ ᠤᠨ ᠬᠥᠮᠥᠨ ᠳᠤ ᠵᠡᠮᠲᠡᠭ ᠪᠤᠯᠬᠤ ᠠᠴᠠ ᠬᠡᠷᠬᠢᠨ ᠰᠡᠷᠭᠡᠶᠢᠯᠡᠬᠦ ᠪᠠ ᠵᠡᠮᠲᠡᠭ ᠪᠤᠯᠤᠭᠰᠠᠨ ᠬᠤᠶᠢᠨᠡᠬᠢ ᠡᠷᠡᠭᠦᠯᠵᠢᠬᠦ ᠡᠮᠨᠡᠯᠭᠡ ᠶᠢ ᠬᠡᠷᠬᠢᠨ ᠬᠢᠬᠦ᠂ ᠡᠷᠡᠭᠦᠯᠵᠢᠭᠦᠯᠥᠨ ᠰᠤᠪᠢᠯᠡᠬᠤ ᠪᠠ ᠡᠷᠡᠭᠦᠯᠵᠢᠭᠦ ᠲᠠᠮᠢᠷ ᠪᠤᠯᠪᠠᠰᠤᠷᠠᠯ ᠤᠨ ᠮᠡᠳᠡᠯᠭᠡ ᠶᠢᠨ ᠲᠤᠬᠠᠢ ᠬᠢᠴᠢᠶᠡᠯ ᠤᠷᠤᠭᠤᠯᠪᠠ᠃ ᠲᠤᠰᠬᠠᠢ ᠮᠡᠷᠭᠡᠵᠢᠯᠲᠡᠨ ᠳᠤ ᠡᠷᠡᠭᠦᠯᠵᠢᠬᠦᠯᠬᠦ ᠲᠤᠬᠠᠢ ᠤᠨᠤᠯ ᠤᠨ ᠮᠡᠳᠡᠯᠭᠡ ᠶᠠᠷᠢᠭᠰᠠᠨ ᠢᠶᠠᠷ ᠪᠠᠷᠠᠬᠤ ᠥᠭᠡᠢ ᠪᠠᠰᠠ ᠭᠡᠰᠡᠭ ᠵᠡᠮᠳᠡᠭᠴᠤᠳ ᠲᠤ ᠲᠤᠬᠠᠢ ᠶᠢᠨ ᠲᠠᠯᠠᠪᠠᠢ ᠳᠤ ᠤᠨᠤᠰᠢᠯᠠᠵᠤ᠂ ᠵᠡᠭᠦᠥ ᠲᠥᠭᠡᠨᠡᠵᠥ᠂ ᠢᠯᠢᠪᠡ᠃ ᠬᠠᠮᠲᠤ ᠳᠤᠨᠢ ᠵᠡᠮᠳᠡᠭᠴᠤᠳ ᠤᠨ ᠭᠡᠷ ᠲᠤ ᠨᠢ ᠬᠥᠷᠴᠤ ᠵᠡᠮᠳᠡᠭ ᠬᠥᠮᠥᠨ ᠤ ᠪᠤᠳᠠᠭᠠᠯᠢ ᠪᠡᠶ᠎ᠡ ᠳᠤ ᠨᠡᠷᠢᠨ ᠨᠢᠮᠪᠡᠢ ᠲᠠᠮᠢᠷ ᠪᠤᠯᠪᠠᠰᠤᠷᠠᠯ ᠤᠨ ᠵᠢᠯᠤᠭᠤᠳᠤᠯᠭ᠎ᠠ ᠰᠡᠳᠬᠢᠴᠡ ᠶᠢᠨ ᠵᠢᠯᠤᠭᠤᠳᠤᠯᠭ᠎ᠠ ᠬᠢᠵᠥ᠂ ᠵᠡᠮᠳᠡᠭᠴᠤᠳ ᠤᠨ ᠥᠷᠭᠦᠯᠵᠢᠯᠡᠨ ᠡᠷᠡᠭᠦᠯᠵᠢᠬᠦ ᠪᠤᠯᠪᠠᠰᠤᠷᠠᠯ ᠤᠨ ᠢᠳᠡᠭᠡᠯ ᠢ ᠲᠡᠭᠡᠭᠰᠢᠯᠡᠭᠦᠯᠤᠭ᠍ᠰᠡᠨ ᠪᠠᠶᠢᠨ᠎ᠠ᠃      ᠲᠤᠰ ᠤᠳᠠᠭᠠᠨ ᠤ ᠪᠤᠯᠪᠠᠰᠤᠷᠠᠯ ᠳᠤ᠂ ᠵᠡᠮᠳᠡᠭ ᠪᠤᠯᠬᠤ ᠠᠴᠠ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠠᠮᠢᠳᠤᠷᠠᠯ ᠤᠨ ᠪᠤᠳᠠᠰ 250 ᠭᠠᠷᠤᠢ᠂ ᠤᠬᠠᠭᠤᠯᠭ᠎ᠠ ᠶᠢᠨ ᠲᠡᠪᠲᠡᠷ 100 ᠭᠠᠷᠤᠢ᠂ ᠤᠬᠠᠭᠤᠯᠭ᠎ᠠ ᠶᠢᠨ ᠬᠠᠭᠤᠳᠠᠰᠤ 50 ᠭᠠᠷᠤᠢ ᠬᠤᠪᠢ ᠲᠠᠷᠬᠠᠭᠠᠵᠤ ᠵᠡᠮᠳᠡᠭᠴᠤᠳ ᠲᠤ ᠥᠢᠯᠡᠴᠢᠯᠡᠵᠤ ᠪᠤᠲᠠᠲᠠᠢ ᠤᠴᠢᠷ ᠬᠢᠵᠥ ᠵᠡᠮᠳᠡᠭᠴᠤᠳ ᠤᠨ ᠠᠵᠢᠯ ᠥᠢᠯᠡᠰ ᠰᠢᠨ᠎ᠡ ᠲᠠᠪᠴᠠᠩ ᠳᠤ ᠭᠠᠷᠬᠤ ᠶᠢ ᠲᠥᠯᠬᠢᠨ ᠠᠬᠢᠭᠤᠯᠪᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号