| | | | | 11 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠮᠦᠽᠧᠢ ᠶᠢᠨ ᠨᠡᠶᠢᠬᠡᠮᠯᠢᠭ᠂ ᠳᠤᠮᠳᠠᠳᠤ | ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠮᠦᠽᠧᠢ ᠶᠢᠨ ᠨᠡᠶᠢᠬᠡᠮᠯᠢᠭ ᠤᠨ ᠡᠷᠬᠢᠯᠡᠭᠰᠡᠨ ᠨᠠᠢᠮᠠᠳᠤᠭᠠᠷ | ᠬᠤᠭᠤᠴᠠᠭᠠᠨ ᠤ ︽ᠳᠤᠮᠳᠠᠳᠤ ᠤᠯᠤᠰ ᠤᠨ ᠮᠦᠽᠧᠢ ᠪᠤᠯᠤᠨ ᠬᠤᠯᠪᠤᠭᠳᠠᠯ ᠪᠦᠬᠦᠢ ᠪᠦᠲᠦᠭᠡᠭᠳᠡᠭᠦᠨ ᠤ ᠮᠡᠷᠭᠡᠵᠢᠯ | ᠤᠨ ᠦᠵᠡᠭᠦᠯᠤᠯᠭᠡ︾ ᠹᠦᠵᠢᠶᠠᠨ ᠮᠤᠵᠢ ᠶᠢᠨ ᠹᠦᠵᠧᠦ ᠬᠤᠲᠠᠨ ᠳᠤ ᠦᠪᠡᠳᠡᠭᠰᠢ ᠶᠡᠭᠡ ᠪᠠᠷ ᠶᠠᠪᠤᠭᠳᠠᠪᠠ᠃ | ᠤᠯᠤᠰ ᠤᠨ ᠲᠡᠣᠬᠡ ᠶᠢᠨ ᠳᠤᠷᠠᠰᠬᠠᠯᠲᠤ ᠵᠦᠢᠯ ᠤᠨ ᠲᠤᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠳᠡᠳ᠋ | ᠲᠤᠪᠴᠢᠶᠠᠨ ᠳᠠᠷᠤᠭ᠎ᠠ ᠯᠢᠤ ᠢᠤᠢ ᠵᠤ᠋᠂ ᠳᠡᠳ᠋ ᠲᠤᠪᠴᠢᠶᠠᠨ ᠳᠠᠷᠤᠭ᠎ᠠ ᠭᠤᠸᠠᠨ ᠴᠢᠶᠠᠩ᠂ ᠹᠦᠵᠢᠶᠠᠨ ᠮᠤᠵᠢ ᠶᠢᠨ | ᠨᠠᠮ ᠤᠨ ᠬᠤᠷᠢᠶᠠᠨ ᠤ ᠪᠠᠶᠢᠩᠭᠤ ᠬᠡᠰᠢᠭᠦᠨ ᠵᠸᠤ ᠯᠢᠶᠠᠨ ᠴᠢᠩ᠂ ᠹᠦᠵᠢᠶᠠᠨ ᠮᠤᠵᠢ ᠶᠢᠨ ᠰᠤᠶᠤᠯ ᠵᠢᠭᠤᠯᠴᠢᠯᠠᠯ ᠤᠨ | ᠲᠢᠩᠬᠢᠮ ᠤᠨ ᠨᠠᠮ ᠤᠨ ᠳᠤᠭᠤᠶᠢᠯᠠᠩ ᠤᠨ ᠱᠦᠵᠢ ᠱᠢ ᠵᠢᠶᠠᠨ ᠫᠢᠩ᠂ ᠹᠦᠵᠧᠦ ᠬᠤᠲᠠ ᠶᠢᠨ ᠬᠤᠲᠠ ᠶᠢᠨ ᠳᠠᠷᠤᠭ᠎ᠠ | ᠶᠢᠣ ᠮᠧᠩ ᠵᠢᠶᠦ᠋ᠨ᠂ ᠳᠤᠮᠳᠠᠳᠤ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠮᠦᠽᠸᠢ ᠶᠢᠨ | ᠨᠡᠶᠢᠬᠡᠮᠯᠢᠭ ᠤᠨ ᠬᠡᠷᠡᠭ ᠡᠷᠬᠢᠯᠡᠭᠴᠢ ᠴᠧᠩ ᠳ᠋ᠦᠩ ᠬᠤᠩ ᠵᠡᠷᠭᠡ ᠤᠳᠤᠷᠢᠳᠤᠯᠭ᠎ᠠ ᠪᠠ ᠳᠡᠯᠡᠬᠡᠢ ᠶᠢᠨ 40 ᠭᠠᠷᠤᠢ | ᠤᠯᠤᠰ ᠤᠨ ᠲᠦᠯᠦᠭᠡᠯᠡᠭᠴᠢᠳ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃ | | | | | | ᠲᠤᠰ ᠦᠵᠡᠭᠦᠯᠤᠯᠭᠡ ᠨᠢ ᠤᠯᠤᠰ ᠤᠨ ᠰᠤᠶᠤᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠨᠡᠶᠢᠬᠡᠮ ᠤᠨ | ᠦᠢᠯᠡᠴᠢᠯᠡᠭᠡᠨ ᠤ ᠬᠦᠭᠵᠢᠯᠲᠡ ᠶᠢ ᠦᠨᠳᠦᠰᠦᠯᠡᠨ ︽ᠮᠦᠽᠸᠢ — ᠰᠢᠨ᠎ᠡ ᠡᠷᠡᠨ᠂ ᠰᠢᠨ᠎ᠡ ᠠᠶᠠᠨ︾ ᠢᠶᠠᠷ ᠭᠤᠤᠯ | ᠰᠡᠲᠤᠪ ᠪᠤᠯᠭᠠᠵᠤ ᠦᠵᠡᠭᠦᠯᠤᠯᠭᠡ ᠦᠵᠡᠭᠦᠯᠦᠮᠵᠢ᠂ ᠶᠠᠷᠢᠯᠴᠠᠭ᠎ᠠ ᠰᠤᠲᠤᠯᠤᠯ᠂ ᠨᠠᠶᠢᠳᠡᠴᠢ ᠠᠵᠢᠯᠯᠠᠭ᠎ᠠ᠂ | ᠲᠠᠨᠢᠯᠴᠠᠭᠤᠯᠭ᠎ᠠ ᠤᠬᠠᠭᠤᠯᠭ᠎ᠠ ᠵᠡᠷᠭᠡ ᠠᠭᠤᠯᠭ᠎ᠠ ᠪᠠᠷ ᠭᠤᠤᠯᠳᠠᠭᠤᠯᠤᠭᠰᠠᠨ ᠪᠠᠶᠢᠨ᠎ᠠ᠃ ᠠᠬᠤᠢ ᠲᠠᠯᠠᠪᠠᠢ ᠳᠤ | ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠳᠠᠷᠤᠭ᠎ᠠ ᠯᠢᠤ ᠢᠤᠢ ᠵᠤ᠋ ᠵᠡᠷᠭᠡ ᠤᠳᠤᠷᠢᠳᠤᠯᠭ᠎ᠠ | ᠨᠠᠷ ᠦᠦᠰᠢᠨ ᠮᠦᠽᠧᠢ ᠶᠢᠨ ᠦᠵᠡᠭᠦᠯᠤᠯᠭᠡ ᠪᠤᠯᠤᠨ ᠲᠤᠭᠯᠠᠯᠲᠠ ᠶᠢ ᠲᠤᠭᠤᠷᠢᠨ ᠦᠵᠡᠭᠰᠡᠨ ᠪᠦᠭᠡᠳ | ᠮᠦᠽᠸᠢ ᠶᠢᠨ ᠠᠵᠢᠯᠲᠠᠳ ᠲᠠᠢ ᠬᠠᠯᠠᠭᠤᠮᠰᠤᠭ ᠢᠶᠠᠷ ᠵᠤᠯᠭᠠᠨ ᠦᠨᠳᠦᠷ ᠦᠨᠡᠯᠡᠯᠲᠡ ᠦᠭᠭᠦᠭᠰᠡᠨ ᠪᠠᠶᠢᠨ᠎ᠠ᠃ | | | | | | | ᠲᠤᠰ ᠤᠳᠠᠭᠠᠨ ᠤ ᠦᠵᠡᠭᠦᠯᠤᠯᠭᠡ ᠳᠤ ᠨᠡᠶᠢᠲᠡ 613 ᠮᠦᠽᠸᠢ ᠪᠤᠯᠤᠨ ᠪᠠᠶᠢᠭᠤᠯᠭ᠎ᠠ ᠨᠢᠭᠡᠴᠢ ᠤᠷᠤᠯᠴᠠᠵᠤ | ᠂ ᠦᠦᠰᠢᠨ ᠮᠦᠽᠧᠢ ᠨᠢ ᠭᠠᠵᠠᠷ ᠤᠷᠤᠨ᠂ ᠦᠨᠳᠦᠰᠦᠲᠡᠨ ᠤ ᠤᠨᠴᠠᠯᠢᠭ ᠢᠶᠠᠷ ᠤᠨᠴᠠᠯᠢᠭᠳᠠᠭᠰᠠᠨ ᠮᠤᠩᠭᠤᠯ | ᠦᠨᠳᠦᠰᠦᠲᠡᠨ ᠤ ᠮᠦᠩᠭᠦᠨ ᠡᠳ᠋ᠯᠡᠯ᠂ ᠰᠢᠷᠬᠤᠰᠤᠨ ᠬᠤᠤᠯᠵᠠᠭᠤᠷ ᠤᠨ ᠬᠠᠭᠤᠴᠢ ᠦᠯᠡᠳᠡᠭᠳᠡᠯ᠂ ᠬᠠᠭᠤᠴᠢ ᠰᠤᠶᠤᠯ | ᠰᠣᠳᠣᠯᠣᠯ ᠤᠨ ᠰᠣᠷᠪᠣᠯᠵᠢ ᠰᠡᠭᠦᠳᠡᠷ᠂ ᠦᠨᠳᠦᠰᠦᠲᠡᠨ ᠤ ᠰᠤᠶᠤᠯ ᠵᠡᠷᠭᠡ ᠦᠵᠡᠭᠦᠯᠤᠯᠭᠡ ᠪᠠᠷ ᠤᠯᠤᠰ ᠤᠨ | ᠲᠤᠳᠤᠭᠠᠳᠤ ᠭᠠᠳᠠᠭᠠᠳᠤ ᠶᠢᠨ ᠬᠦᠮᠦᠰ ᠤᠨ ᠬᠠᠷᠠᠭ᠎ᠠ ᠶᠢ ᠮᠢᠯᠢᠶᠠᠨ᠂ ᠰᠤᠨᠤᠷ ᠢ ᠳᠡᠯᠡᠳᠴᠤ ᠦᠦᠰᠢᠨ ᠰᠣᠶᠣᠯ ᠤᠨ | ᠭᠠᠶᠢᠬᠠᠮᠰᠢᠭ ᠢ ᠳᠡᠯᠡᠬᠡᠢ ᠶᠢᠨ ᠬᠠᠷᠠᠭᠠᠨ ᠳᠤ ᠬᠦᠷᠭᠡᠭᠰᠡᠨ ᠪᠠᠶᠢᠨ᠎ᠠ᠃ | | | | | | | | | | | |