ᠲᠦᠪ ᠷᠠᠳᠢᠤ᠋ ᠶᠢᠨ ᠮᠡᠳᠡᠭᠡ᠄ | | | | | | ᠲᠤᠬᠠᠢ ᠶᠢᠨ ᠭᠠᠵᠠᠷ ᠤᠨ ᠴᠠᠭ ᠢᠶᠠᠷ 12 ᠳ᠋ᠤᠭᠠᠷ ᠰᠠᠷ᠎ᠠ ᠶᠢᠨ 2 ᠤᠨ ᠡᠳᠦᠷ᠂ ᠤᠯᠤᠰ ᠤᠨ ᠲᠡᠷᠢᠬᠦᠯᠡᠭᠴᠢ | ᠰᠢ ᠶᠢᠨ ᠫᠢᠩ ᠠᠷᠭᠧᠨ᠋ᠲ᠋ᠢᠨ ᠤ ᠶᠡᠷᠦᠩᠬᠡᠶᠢᠯᠡᠭᠴᠢ ᠮᠠᠺᠷᠢ ᠲᠠᠢ ᠪᠦᠶᠧᠨᠤᠰ ᠠᠶᠢᠷᠧᠰ ᠲᠤ ᠬᠡᠯᠡᠯᠴᠡᠭᠡ ᠬᠢᠭᠰᠡᠨ | ᠪᠠᠶᠢᠨ᠎ᠠ᠃ ᠬᠤᠶᠠᠷ ᠤᠯᠤᠰ ᠤᠨ ᠲᠦᠷᠦ ᠶᠢᠨ ᠲᠡᠷᠢᠬᠦᠨ ᠨᠡᠩ ᠦᠷᠭᠡᠨ ᠬᠠᠷᠠᠭᠠᠰᠤ ᠠᠴᠠ ᠬᠤᠶᠠᠷ ᠤᠯᠤᠰ ᠤᠨ | ᠬᠠᠷᠢᠯᠴᠠᠭᠠᠨ ᠤ ᠬᠦᠭᠵᠢᠯᠳᠡ ᠶᠢᠨ ᠲᠦᠯᠦᠪᠯᠡᠭᠡ ᠶᠢ ᠲᠦᠯᠦᠪᠵᠢᠬᠦᠯᠵᠦ᠂ ᠬᠠᠮᠳᠤ ᠪᠠᠷ ᠲᠤᠮᠳᠠᠳᠤ ᠠᠷᠭᠧᠨ᠋ᠲ᠋ᠢᠨ ᠤ | ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠲᠦᠩᠰᠢ ᠶᠢᠨ ᠬᠠᠷᠢᠯᠴᠠᠭᠠᠨ ᠤ ᠰᠢᠨ᠎ᠠ ᠴᠠᠭ ᠦᠶ᠎ᠡ ᠶᠢ ᠨᠡᠭᠡᠭᠡᠬᠦ ᠶᠢ | ᠬᠡᠵᠦ ᠰᠠᠨᠠᠯ ᠨᠢᠭᠡᠳᠡᠢ ᠵᠦᠪᠰᠢᠶᠡᠷᠡᠭᠰᠡᠨ ᠪᠠᠶᠢᠨ᠎ᠠ᠃ | ᠰᠢ ᠶᠢᠨ ᠫᠢᠩ ᠵᠢᠭᠠᠬᠤ ᠳᠠᠭᠠᠨ᠂ ᠬᠤᠶᠠᠷ ᠵᠢᠯ ᠭᠠᠷᠤᠢ ᠶᠢᠨ ᠲᠤᠷᠰᠢ᠂ ᠪᠢ ᠶᠡᠷᠦᠩᠬᠡᠶᠢᠯᠡᠭᠴᠢ ᠠᠪᠤᠭᠠᠢ ᠲᠠᠨ | ᠲᠠᠢ ᠲᠠᠪᠤ ᠤᠳᠠᠭ᠎ᠠ ᠠᠭᠤᠯᠵᠠᠵᠦ᠂ ᠲᠤᠮᠳᠠᠳᠤ ᠠᠷᠭᠧᠨ᠋ᠲ᠋ᠢᠨ ᠤ ᠬᠠᠷᠢᠯᠴᠠᠭᠠᠨ ᠤ ᠲᠡᠦᠬᠡ ᠶᠢᠨ ᠰᠢᠨ᠎ᠡ ᠲᠡᠮᠳᠡᠭᠯᠡᠯ ᠢ | ᠡᠬᠦᠳᠦᠭᠰᠡᠨ ᠪᠠᠶᠢᠨ᠎ᠠ᠃ ᠲᠤᠮᠳᠠᠳᠤ ᠠᠷᠭᠧᠨ᠋ᠲ᠋ᠢᠨ ᠤ ᠬᠠᠮᠳᠤ ᠶᠢᠨ ᠠᠵᠢᠯᠯᠠᠭ᠎ᠠ ᠶᠢᠨ ᠦᠷᠭᠡᠴᠡ ᠪᠠ ᠬᠦᠨᠴᠡ ᠤᠷᠢᠤᠨ | ᠡᠮᠦᠨ᠎ᠡ ᠪᠠᠶᠢᠭ᠎ᠠ ᠦᠬᠡᠢ ᠶᠤᠮ᠃ ᠤᠳᠤᠬᠠᠨ ᠳᠤ᠂ ᠤᠯᠠᠨ ᠤᠯᠤᠰ ᠤᠨ ᠪᠠᠶᠢᠳᠠᠯ ᠲᠦᠪᠡᠭ ᠪᠤᠳᠤᠯᠢᠶᠠᠨᠳᠠᠢ | ᠬᠤᠪᠢᠷᠠᠯᠳᠠ ᠶᠡᠭᠡ ᠲᠠᠢ ᠪᠠᠶᠢᠨ᠎ᠠ᠃ ᠰᠢᠨ᠎ᠡ ᠪᠠᠶᠢᠳᠠᠯ᠂ ᠰᠢᠨ᠎ᠡ ᠦᠷᠢᠰᠦᠯᠳᠦᠬᠡᠨ ᠤ ᠡᠮᠦᠨ᠎ᠡ᠂ ᠬᠤᠶᠠᠷ ᠲᠠᠯ᠎ᠠ ᠪᠠᠷ | ᠢᠶᠠᠨ ᠬᠠᠷᠢᠯᠴᠠᠨ ᠬᠦᠨᠳᠦᠦᠨᠬᠡᠵᠦ᠂ ᠡᠷᠬᠡ ᠲᠡᠭᠰᠢ ᠪᠠᠷ ᠬᠠᠷᠢᠯᠴᠠᠨ ᠠᠰᠢᠭ ᠬᠦᠷᠳᠡᠵᠦ᠂ ᠬᠠᠮᠳᠤᠷᠠᠨ ᠠᠵᠢᠯᠯᠠᠵᠦ | ᠬᠠᠮᠳᠤᠪᠠᠷ ᠠᠮᠵᠢᠯᠳᠡ ᠳᠤ ᠬᠦᠷᠬᠦ ᠰᠠᠭᠤᠷᠢᠨ ᠲᠡᠬᠡᠷ᠎ᠡ᠂ ᠨᠡᠩ ᠦᠷᠭᠡᠨ ᠬᠠᠷᠠᠭᠠᠰᠤ ᠠᠴᠠ ᠬᠤᠶᠠᠷ ᠲᠠᠯ᠎ᠠ ᠶᠢᠨ | ᠬᠠᠷᠢᠯᠴᠠᠭ᠎ᠠ ᠶᠢ ᠲᠦᠯᠦᠪᠵᠢᠬᠦᠯᠵᠦ᠂ ᠡᠯ᠎ᠡ ᠴᠠᠷ ᠬᠦᠷᠢᠶᠡᠨ ᠤ ᠬᠠᠮᠳᠤ ᠶᠢᠨ ᠠᠵᠢᠯᠯᠠᠭ᠎ᠠ ᠶᠢ ᠬᠦᠨᠵᠡᠬᠡᠢ ᠮᠦᠷᠳᠡᠭᠡᠨ | ᠪᠤᠳᠠᠳᠠᠢ ᠪᠠᠷ ᠦᠷᠨᠢᠬᠦᠯᠵᠦ᠂ ᠲᠤᠮᠳᠠᠳᠤ ᠠᠷᠭᠧᠨ᠋ᠲ᠋ᠢᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠲᠦᠩᠰᠢ | ᠶᠢᠨ ᠬᠠᠷᠢᠯᠴᠠᠭᠠᠨ ᠤ ᠰᠢᠨ᠎ᠠ ᠴᠠᠭ ᠦᠶ᠎ᠡ ᠶᠢ ᠨᠡᠭᠡᠭᠡᠵᠦ᠂ ᠬᠤᠶᠠᠷ ᠤᠯᠤᠰ ᠤᠨ ᠪᠠ ᠲᠡᠯᠡᠬᠡᠢ ᠶᠢᠨ ᠲᠠᠶᠢᠪᠤᠩ | ᠲᠤᠭᠳᠠᠭᠤᠨ ᠬᠦᠭᠵᠢᠯ ᠴᠡᠴᠡᠭᠯᠡᠯ ᠳᠤ ᠰᠢᠨ᠎ᠡ ᠬᠤᠪᠢ ᠨᠡᠮᠡᠷᠢ ᠤᠷᠤᠭᠤᠯᠪᠠᠯ ᠵᠤᠬᠢᠨ᠎ᠠ ᠬᠡᠵᠡᠢ᠃ | ᠰᠢ ᠶᠢᠨ ᠫᠢᠩ ᠵᠢᠭᠠᠬᠤ ᠳᠠᠭᠠᠨ᠂ ᠬᠤᠶᠠᠷ ᠲᠠᠯ᠎ᠠ ᠪᠠᠷ ᠢᠶᠠᠨ ᠢᠷᠡᠬᠦ ᠲᠠᠪᠤᠨ ᠵᠢᠯ ᠤᠨ ᠬᠤᠶᠠᠷ ᠤᠯᠤᠰ ᠤᠨ | ᠵᠠᠰᠠᠭ ᠤᠨ ᠤᠷᠳᠤᠨ ᠤ ᠬᠠᠮᠳᠤ ᠶᠢᠨ ᠠᠵᠢᠯᠯᠠᠭᠠᠨ ᠤ ᠲᠦᠯᠦᠪᠯᠡᠭᠡ ᠪᠠᠷ ᠬᠦᠳᠦᠯᠪᠤᠷᠢ ᠪᠤᠯᠭᠠᠵᠦ᠂ ︽ᠨᠢᠭᠡ ᠪᠦᠰᠡ | ᠨᠢᠭᠡ ᠵᠠᠮ︾ ᠢ ᠬᠠᠮᠳᠤ ᠪᠠᠷ ᠪᠠᠶᠢᠭᠤᠯᠬᠤ ᠬᠡᠪᠴᠢᠶᠠᠨ ᠳᠤ ᠤᠶᠢᠯᠠᠭᠠᠯᠴᠠᠭ᠎ᠠ ᠪᠠ ᠬᠠᠮᠳᠤ ᠶᠢᠨ ᠠᠵᠢᠯᠯᠠᠭ᠎ᠠ ᠪᠠᠨ | ᠴᠢᠩᠭᠠᠤᠨᠬᠠᠵᠦ᠂ ᠬᠤᠶᠠᠷ ᠤᠯᠤᠰ ᠤᠨ ᠬᠦᠭᠵᠢᠯᠳᠡ ᠶᠢᠨ ᠲᠦᠯᠦᠪᠵᠢᠬᠦᠯᠬᠡ ᠲᠠᠢ ᠠᠪᠴᠠᠯᠳᠤᠭᠤᠯᠵᠦ᠂᠂ ᠡᠯ᠎ᠡ | ᠲᠠᠪᠬᠤᠷᠭ᠎ᠠ ᠡᠯ᠎ᠡ ᠴᠠᠷᠠᠭ᠎ᠠ ᠬᠦᠷᠢᠶᠠᠨ ᠳᠠᠬᠢ ᠰᠤᠯᠢᠯᠴᠠᠭ᠎ᠠ ᠬᠠᠮᠳᠤ ᠶᠢᠨ ᠠᠵᠢᠯᠯᠠᠭ᠎ᠠ ᠪᠠᠨ ᠨᠢᠭᠡᠳᠦᠯᠳᠡᠢ ᠠᠬᠢᠭᠤᠯᠬᠤ | ᠬᠡᠷᠡᠭᠳᠡᠢ᠃ ᠲᠤᠮᠳᠠᠳᠤ ᠶᠢᠨ ᠲᠠᠯ᠎ᠠ ᠶᠢᠨ ᠬᠢᠨ ᠠᠷᠭᠧᠨ᠋ᠲ᠋ᠢᠨ ᠤ ᠲᠠᠯ᠎ᠠ ᠶᠢᠨ ᠰᠠᠭᠤᠷᠢ ᠪᠡᠯᠡᠦᠨᠬᠡᠯ ᠲᠦᠬᠦᠬᠡᠷᠦᠮᠵᠢ ᠶᠢᠨ | ᠪᠠᠶᠢᠭᠤᠯᠤᠯᠳᠠ᠂ ᠠᠷᠠᠤᠨ ᠤᠨ ᠠᠮᠢᠳᠤᠷᠠᠯ ᠢ ᠰᠠᠶᠢᠵᠢᠷᠠᠭᠤᠯᠬᠤ ᠲᠦᠷᠦᠯ ᠵᠦᠢᠯ ᠳᠤ ᠢᠳᠡᠪᠬᠢᠳᠡᠢ ᠤᠷᠤᠯᠴᠠᠵᠦ᠂ | ᠠᠷᠭᠧᠨ᠋ᠲ᠋ᠢᠨ ᠪᠤᠯᠤᠨ ᠡᠮᠦᠨᠡᠳᠦ ᠠᠮᠧᠷᠢᠺᠠ ᠲᠢᠪ ᠤᠨ ᠤᠷᠤᠨ ᠤ ᠬᠠᠷᠢᠯᠴᠠᠨ ᠬᠤᠯᠪᠤᠵᠦ ᠨᠡᠪᠳᠡᠷᠡᠬᠦᠯᠬᠦ ᠶᠢ ᠠᠬᠢᠭᠤᠯᠬᠤ | ᠲᠤᠷᠠᠳᠠᠢ ᠪᠠᠶᠢᠨ᠎ᠠ᠃ ᠪᠡᠯᠡ ᠬᠤᠷᠠᠮᠳᠤᠭᠤᠯᠬᠤ ᠪᠠ ᠲᠤᠰ ᠤᠯᠤᠰ ᠤᠨ ᠵᠤᠭᠤᠰ ᠢᠶᠠᠨ ᠬᠠᠷᠢᠯᠴᠠᠨ ᠰᠤᠯᠢᠬᠤ ᠬᠠᠮᠳᠤ | ᠶᠢᠨ ᠠᠵᠢᠯᠯᠠᠭ᠎ᠠ ᠶᠢ ᠬᠦᠨᠵᠡᠬᠡᠶᠢᠷᠡᠬᠦᠯᠵᠦ᠂ ᠤᠯᠠᠨ ᠤᠯᠤᠰ ᠤᠨ ᠵᠤᠭᠤᠰᠤᠨ ᠤ ᠰᠢᠰᠲ᠋ᠧᠮ ᠢ ᠢ ᠦᠬᠡᠷᠡᠴᠢᠯᠡᠨ | ᠲᠡᠬᠦᠯᠳᠡᠷᠵᠢᠬᠦᠯᠬᠦ ᠪᠠᠷ ᠲᠠᠮᠵᠢᠵᠦ᠂ ᠬᠠᠮᠳᠤ ᠪᠠᠷ ᠰᠢᠨ᠎ᠠ ᠪᠠᠷ ᠬᠦᠭᠵᠢᠨ ᠮᠠᠨᠳᠤᠵᠦ ᠪᠠᠶᠢᠭ᠎ᠠ ᠠᠵᠤ ᠠᠬᠤᠢ ᠶᠢᠨ | ᠴᠤᠭᠴᠠ ᠪᠤᠯᠤᠨ ᠬᠦᠭᠵᠢᠵᠦ ᠪᠠᠶᠢᠭ᠎ᠠ ᠤᠯᠤᠰ ᠤᠨ ᠤᠯᠠᠨ ᠤᠯᠤᠰ ᠤᠨ ᠠᠵᠤ ᠠᠬᠤᠢ ᠮᠦᠩᠬᠦᠨ ᠬᠦᠢᠯᠭᠡᠭᠡᠨ ᠤ | ᠪᠠᠶᠢᠭᠤᠯᠤᠮᠵᠢ ᠶᠢᠨ ᠲᠤᠮᠳᠠᠬᠢ ᠦᠬᠡ ᠬᠡᠯᠡᠬᠦ ᠡᠷᠬᠡ ᠪᠠ ᠲᠦᠯᠦᠭᠡᠯᠡᠬᠦ ᠴᠢᠨᠡᠷ ᠢ ᠲᠡᠭᠡᠭᠰᠢᠯᠡᠬᠦᠯᠬᠦ ᠬᠡᠷᠡᠭᠳᠡᠢ᠃ | ᠵᠠᠯᠠᠭᠤᠴᠤᠤᠨ ᠬᠤᠭᠤᠷᠤᠨᠳᠤ ᠶᠢᠨ ᠰᠤᠯᠢᠯᠴᠠᠭ᠎ᠠ ᠶᠢ ᠠᠬᠢᠭᠤᠯᠵᠦ᠂ ᠰᠤᠶᠤᠯ᠂ ᠰᠤᠷᠭᠠᠨ ᠬᠦᠮᠦᠵᠢᠯ᠂ ᠠᠶᠠᠯᠠᠯ | ᠵᠢᠭᠤᠯᠴᠢᠯᠠᠯ᠂ ᠪᠡᠶ᠎ᠡ ᠶᠢᠨ ᠲᠠᠮᠢᠷ ᠵᠡᠷᠬᠡ ᠴᠠᠷ ᠬᠦᠷᠢᠶᠡᠨ ᠳᠠᠬᠢ ᠬᠠᠮᠳᠤ ᠶᠢᠨ ᠠᠵᠢᠯᠯᠠᠭ᠎ᠠ ᠶᠢ ᠠᠬᠢᠭᠤᠯᠵᠦ᠂ ᠬᠤᠶᠠᠷ | ᠤᠯᠤᠰ ᠤᠨ ᠠᠷᠠᠤᠨ ᠲᠦᠮᠡᠨ ᠤ ᠤᠶᠢᠯᠠᠭᠠᠯᠴᠠᠭ᠎ᠠ ᠪᠠ ᠨᠦᠬᠦᠷᠯᠡᠯ ᠤᠨ ᠰᠡᠦᠨᠬᠢᠯᠬᠡ ᠶᠢ ᠨᠡᠮᠡᠭᠳᠡᠬᠦᠯᠬᠦ ᠬᠡᠷᠡᠭᠳᠡᠢ ᠬᠡᠵᠡᠢ | ᠃ | ᠰᠢ ᠶᠢᠨ ᠫᠢᠩ ᠵᠢᠭᠠᠬᠤ ᠳᠠᠭᠠᠨ᠂ ᠲᠤᠮᠳᠠᠳᠤ ᠠᠷᠭᠧᠨ᠋ᠲ᠋ᠢᠨ ᠪᠦᠷ ᠪᠠᠷ ᠴᠢᠬᠤᠯᠠ ᠨᠦᠯᠦᠭᠡ ᠲᠠᠢ ᠬᠦᠭᠵᠢᠵᠦ | ᠪᠠᠶᠢᠭ᠎ᠠ ᠤᠯᠤᠰ ᠪᠠ ᠰᠢᠨ᠎ᠡ ᠪᠠᠷ ᠬᠦᠭᠵᠢᠨ ᠮᠠᠨᠳᠤᠵᠦ ᠪᠠᠶᠢᠭ᠎ᠠ ᠵᠠᠬ᠎ᠠ ᠲᠡᠯᠬᠡᠬᠦᠷ ᠤᠨ ᠤᠯᠤᠰ ᠪᠤᠯᠤᠭᠰᠠᠨ ᠤ ᠬᠤᠪᠢ | ᠳᠤ᠂ ᠤᠯᠠᠨ ᠲᠠᠯᠠᠳᠤ ᠦᠵᠡᠯ ᠪᠠ ᠨᠡᠭᠡᠭᠡᠯᠳᠡ ᠲᠠᠢ ᠪᠠᠭᠳᠠᠭᠠᠮᠵᠢᠳᠠᠢ ᠲᠡᠯᠡᠬᠡᠢ ᠶᠢᠨ ᠠᠵᠤ ᠠᠬᠤᠢ ᠶᠢ ᠬᠠᠮᠳᠤ ᠪᠠᠷ | ᠲᠡᠮᠵᠢᠪᠡᠯ ᠵᠤᠬᠢᠨ᠎ᠠ ᠬᠡᠵᠡᠢ᠃ | ᠰᠢ ᠶᠢᠨ ᠫᠢᠩ ᠴᠢᠬᠤᠯᠠᠴᠢᠯᠠᠬᠤ ᠳᠠᠭᠠᠨ᠂ ᠣᠳᠣ ᠭᠠᠳᠠᠨ᠎ᠠ ᠲᠠᠯ᠎ᠠ ᠶᠢᠨ ᠬᠦᠴᠦᠨ ᠵᠦᠢᠯ ᠳᠤ | ᠨᠥᠯᠥᠭᠡᠯᠡᠭᠳᠡᠵᠦ᠂ ᠯᠠᠲ᠋ᠢᠨ ᠠᠮᠧᠷᠢᠺᠠ ᠶᠢᠨ ᠪᠦᠰᠡ ᠨᠤᠲᠤᠭ ᠤᠨ ᠪᠠᠶᠢᠳᠠᠯ ᠳᠤ ᠭᠦᠨᠵᠡᠭᠡᠢ ᠮᠥᠷᠲᠡᠭᠡᠨ ᠪᠤᠳᠤᠯᠢᠶᠠᠨᠲᠠᠢ | ᠬᠤᠪᠢᠷᠠᠯᠲᠠ ᠭᠠᠷᠴᠤ᠂ ᠥᠷᠢᠰᠦᠯᠳᠦᠭᠡᠨ ᠶᠡᠭᠡ ᠪᠠᠷ ᠨᠡᠮᠡᠭᠳᠡᠭᠰᠡᠨ ᠶᠤᠮ᠃ ᠯᠠᠲ᠋ᠢᠨ ᠠᠮᠧᠷᠢᠺᠠ ᠶᠢᠨ ᠠᠷᠠᠳ | ᠲᠦᠮᠡᠨ ᠤ ᠦᠨᠡᠨᠴᠢ ᠨᠠᠶᠢᠵᠠ ᠪᠠ ᠲᠦᠩᠰᠢ ᠪᠣᠯᠣᠭᠰᠠᠨ ᠤ ᠬᠤᠪᠢ ᠳᠤ ᠯᠠᠲ᠋ᠢᠨ ᠠᠮᠧᠷᠢᠺᠠ ᠶᠢᠨ ᠡᠯ᠎ᠡ ᠤᠯᠤᠰ ᠤᠨ | ᠥᠪᠡᠷ ᠤᠨ ᠴᠢᠷᠮᠠᠶᠢᠯᠭ᠎ᠠ ᠪᠠᠷ ᠢᠶᠠᠨ ᠲᠠᠶᠢᠪᠦᠩ ᠲᠣᠭᠲᠠᠭᠤᠨ ᠪᠠ ᠬᠥᠭᠵᠢᠯ ᠮᠠᠨᠳᠤᠯ ᠢᠶᠠᠨ ᠪᠡᠶᠡᠯᠡᠭᠦᠯᠬᠦ ᠣᠶᠣᠨ | ᠤᠬᠠᠭᠠᠨ ᠪᠠ ᠬᠦᠴᠦᠨ ᠴᠢᠳᠠᠯ ᠲᠠᠢ ᠭᠡᠳᠡᠭ ᠢ ᠳᠤᠮᠳᠠᠳᠤ ᠶᠢᠨ ᠲᠠᠯ᠎ᠠ ᠢᠲᠡᠭᠡᠵᠦ ᠪᠠᠶᠢᠨ᠎ᠠ᠃ ᠪᠢᠳᠠ ᠯᠠᠲ᠋ᠢᠨ | ᠠᠮᠧᠷᠢᠺᠠ ᠶᠢᠨ ᠬᠥᠭᠵᠢᠯᠲᠡ ᠶᠢᠨ ᠬᠡᠲᠦ ᠶᠢᠨ ᠲᠥᠯᠥᠪ ᠲᠤ ᠪᠦᠷᠢᠨ ᠢᠲᠡᠭᠡᠯ ᠲᠠᠢ ᠪᠠᠶᠢᠬᠤ ᠪᠥᠭᠡᠳ ᠡᠷᠬᠡ | ᠲᠡᠭᠰᠢ ᠪᠠᠷ ᠬᠠᠷᠢᠯᠴᠠᠬᠤ᠂ ᠬᠠᠷᠢᠯᠴᠠᠨ ᠠᠰᠢᠭ ᠬᠦᠷᠲᠡᠭᠡᠵᠦ ᠬᠠᠮᠲᠤ ᠪᠠᠷ ᠠᠮᠵᠢᠯᠲᠠ ᠳᠤ ᠬᠦᠷᠬᠦ ᠵᠠᠷᠴᠢᠮ ᠢ | ᠪᠠᠷᠢᠮᠲᠠᠯᠠᠨ᠂ ᠠᠷᠭᠧᠨ᠋ᠲ᠋ᠢᠨ ᠢ ᠪᠠᠭᠲᠠᠭᠠᠭᠰᠠᠨ ᠯᠠᠲ᠋ᠢᠨ ᠠᠮᠧᠷᠢᠺᠠ ᠶᠢᠨ ᠨᠠᠶᠢᠵᠠ ᠨᠠᠷ ᠲᠠᠢ ᠬᠠᠮᠲᠤ ᠪᠠᠷ ᠡᠷᠬᠡ ᠲᠡᠭᠰᠢ᠂ | ᠬᠠᠷᠢᠯᠴᠠᠨ ᠠᠰᠢᠭᠲᠠᠢ᠂ ᠡᠭᠦᠳᠦᠯᠲᠡ ᠰᠢᠨᠡᠴᠢᠯᠡᠯᠲᠡ ᠲᠠᠢ᠂ ᠨᠡᠭᠡᠭᠡᠯᠲᠡ ᠲᠠᠢ᠂ ᠠᠷᠠᠳ ᠲᠤ ᠠᠰᠢᠭ ᠬᠦᠷᠲᠡᠭᠡᠭᠰᠡᠨ | ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠶᠢᠨ ᠰᠢᠨ᠎ᠡ ᠴᠠᠭ ᠦᠶ᠎ᠡ ᠶᠢᠨ ᠬᠠᠷᠢᠯᠴᠠᠭ᠎ᠠ ᠶᠢ ᠪᠠᠶᠢᠭᠤᠯᠬᠤ ᠪᠣᠯᠣᠨ᠎ᠠ | ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠶᠢᠨ ᠴᠢᠭᠤᠯᠭ᠎ᠠ ᠠᠭᠤᠯᠵᠠᠯᠲᠠ ᠶᠢᠨ ᠪᠠᠶᠢᠭᠤᠯᠤᠯᠲᠠ ᠪᠣᠯᠣᠨ ᠨᠢᠭᠡ | ᠪᠦᠰᠡ ᠨᠢᠭᠡ ᠵᠠᠮ ᠤᠨ ᠬᠠᠮᠲᠤ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠪᠣᠯᠣᠨ | ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ | ᠪᠣᠯᠣᠨ᠎ᠠ ᠭᠡᠵᠡᠢ᠃ | ᠰᠢ ᠶᠢᠨ ᠫᠢᠩ ᠰᠠᠶ᠋ᠢᠬᠠᠨ ᠲᠡᠭᠦᠰᠦᠭᠰᠡᠨ ᠬᠤᠷᠢᠨ ᠤᠯᠤᠰ ᠤᠨ ᠡᠪᠰᠡᠯ ᠪᠦᠯᠦᠭ ᠤᠨ ᠤᠳᠤᠷᠢᠳᠬᠤ | ᠬᠥᠮᠥᠰ ᠤᠨ ᠳᠡᠭᠡᠳᠦ ᠲᠦᠪᠰᠢᠨ ᠤ ᠬᠤᠷᠠᠯ ᠢᠳᠡᠪᠬᠢᠲᠡᠢ ᠠᠮᠵᠢᠯᠲᠠ ᠣᠯᠣᠭᠰᠠᠨ ᠤ ᠬᠠᠮᠲᠤ ᠤᠳᠤᠷᠢᠳᠬᠤ | ᠬᠥᠮᠥᠰ ᠤᠨ ᠲᠤᠩᠬᠠᠭ ᠢ ᠪᠠᠲᠤᠯᠠᠵᠤ᠂ ᠳᠡᠯᠡᠬᠡᠢ ᠨᠡᠶᠢᠲᠡ ᠳᠤ ᠵᠥᠪ ᠣᠨᠣᠪᠴᠢᠲᠠᠢ᠂ ᠢᠳᠡᠪᠬᠢᠲᠡᠢ᠂ ᠰᠠᠨᠠᠭ᠎ᠠ | ᠰᠡᠳᠬᠢᠯ ᠢ ᠲᠠᠶᠢᠪᠤᠰᠢᠷᠠᠭᠤᠯᠤᠭᠰᠠᠨ ᠴᠢᠮᠡᠭᠡ ᠵᠠᠩᠭᠢ ᠶᠢ ᠳᠠᠮᠵᠢᠭᠤᠯᠤᠭᠰᠠᠨ ᠶᠠᠪᠤᠳᠠᠯ ᠳᠤ ᠪᠠᠶᠠᠷ ᠬᠦᠷᠭᠡᠵᠦ᠂ | ᠠᠷᠭᠧᠨ᠋ᠲ᠋ᠢᠨ ᠤ ᠲᠠᠯ᠎ᠠ ᠶᠢ ᠴᠢᠬᠤᠯᠠ ᠵᠣᠬᠢᠴᠠᠭᠤᠯᠬᠤ ᠦᠢᠯᠡᠳᠦᠯ ᠪᠠᠳᠠᠷᠠᠭᠤᠯᠤᠯ᠎ᠠ ᠭᠡᠵᠤ ᠮᠠᠭᠲᠠᠨ ᠰᠠᠶᠢᠰᠢᠶᠠᠭᠰᠠᠨ | ᠪᠠᠶᠢᠯ᠎ᠠ᠃ ᠰᠢ ᠶᠢᠨ ᠫᠢᠩ ᠵᠢᠭᠠᠬᠤ ᠳᠠᠭᠠᠨ᠂ ᠡᠨᠡ ᠤᠳᠠᠭᠠᠨ ᠤ ᠬᠤᠷᠠᠯ ᠤᠨ ᠠᠮᠵᠢᠯᠲᠠ ᠪᠣᠯ ᠣᠯᠠᠨ ᠲᠠᠯᠠᠲᠤ | ᠦᠵᠡᠯ ᠢ ᠪᠠᠷᠢᠮᠲᠠᠯᠠᠭᠰᠠᠨ ᠤ ᠢᠯᠠᠯᠲᠠ ᠮᠥᠨ᠂ ᠲᠡᠷᠡ ᠨᠢ ᠣᠯᠠᠨ ᠲᠠᠯᠠᠲᠤ ᠠᠷᠠᠯᠵᠢᠶᠠᠨ ᠤ ᠰᠢᠰᠲ᠋ᠧᠮ ᠢ ᠬᠠᠮᠠᠭᠠᠯᠠᠬᠤ | ᠂ ᠨᠡᠭᠡᠭᠡᠯᠲᠡ ᠲᠠᠢ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠳᠤ ᠠᠰᠢᠭᠲᠠᠢ ᠪᠥᠭᠡᠳ ᠣᠯᠠᠨ ᠤᠯᠤᠰ ᠤᠨ ᠵᠠᠬ᠎ᠠ | ᠳᠡᠯᠭᠡᠭᠦᠷ ᠲᠤ ᠢᠲᠡᠭᠡᠯ ᠪᠠ ᠠᠮᠢᠵᠢᠷᠠᠯ ᠤᠨ ᠬᠦᠴᠦᠨ ᠨᠡᠮᠡᠷᠢᠯᠡᠬᠦ ᠳᠤ ᠴᠦ ᠠᠰᠢᠭᠲᠠᠢ ᠶᠤᠮ ᠭᠡᠵᠡᠢ᠃ | ᠮᠠᠺᠷᠢ ᠢᠯᠡᠷᠬᠡᠶᠢᠯᠡᠬᠦ ᠳᠡᠭᠡᠨ᠂ ᠠᠷᠭᠧᠨ᠋ᠲ᠋ᠢᠨ ᠤ ᠬᠢᠨ ᠳᠤᠮᠳᠠᠳᠤ ᠤᠯᠤᠰ ᠲᠠᠢ ᠪᠦᠬᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠲᠦᠩᠰᠢ ᠶᠢᠨ ᠬᠠᠷᠢᠯᠴᠠᠭ᠎ᠠ ᠪᠠᠨ ᠭᠦᠨᠵᠡᠭᠡᠶᠢᠷᠡᠭᠦᠯᠬᠦ ᠪᠠᠷ ᠡᠷᠡᠰ ᠭᠤᠶᠢᠪᠢᠰᠢ ᠦᠭᠡᠢ ᠴᠢᠷᠮᠠᠶᠢᠵᠤ᠂ | ᠨᠢᠭᠡ ᠪᠦᠰᠡ ᠨᠢᠭᠡ ᠵᠠᠮ ᠤᠨ ᠬᠡᠪᠴᠢᠶᠡᠨ ᠳᠤ ᠬᠠᠮᠲᠤ ᠶᠢᠨ ᠠᠵᠢᠯᠯᠠᠭ᠎ᠠ ᠪᠠᠨ ᠴᠢᠩᠭᠠᠳᠬᠠᠬᠤ ᠪᠣᠯᠣᠨ᠎ᠠ᠃ | ᠣᠶᠢᠷ᠎ᠠ ᠶᠢᠨ ᠵᠢᠯ ᠳᠤ ᠠᠷᠭᠧᠨ᠋ᠲ᠋ᠢᠨ ᠪᠣᠯᠣᠨ ᠳᠤᠮᠳᠠᠳᠤ ᠤᠯᠤᠰ ᠤᠨ ᠢᠲᠡᠭᠡᠯᠴᠡᠭᠡ ᠨᠡᠮᠡᠭᠳᠡᠵᠦ᠂ ᠡᠯ᠎ᠡ ᠴᠠᠷ | ᠬᠦᠷᠢᠶᠡᠨ ᠤ ᠬᠠᠷᠢᠯᠴᠠᠭ᠎ᠠ ᠶᠠᠪᠤᠯᠴᠠᠭ᠎ᠠ ᠣᠯᠠᠰᠢᠷᠠᠵᠤ᠂ ᠬᠤᠶᠠᠷ ᠤᠯᠤᠰ ᠤᠨ ᠬᠠᠮᠲᠤ ᠶᠢᠨ ᠠᠵᠢᠯᠯᠠᠭ᠎ᠠ ᠬᠠᠷᠢᠯᠴᠠᠨ | ᠠᠰᠢᠭ ᠬᠦᠷᠲᠡᠭᠡᠵᠦ ᠬᠠᠮᠲᠤ ᠪᠠᠷ ᠠᠮᠵᠢᠯᠲᠠ ᠳᠤ ᠬᠦᠷᠬᠦ ᠰᠢᠨ᠎ᠡ ᠱᠠᠲᠤᠨ ᠳᠤ ᠣᠷᠣᠭᠰᠠᠨ ᠶᠤᠮ᠃ ᠠᠷᠭᠧᠨ᠋ᠲ᠋ᠢᠨ ᠤ | ᠲᠠᠯ᠎ᠠ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠬᠤ ᠪᠠᠷᠠᠭ᠎ᠠ ᠪᠦᠲᠦᠭᠡᠭᠳᠡᠬᠦᠨ ᠤ ᠠᠩᠬᠠᠳᠤᠭᠠᠷ | ᠬᠤᠭᠤᠴᠠᠭᠠᠨ ᠤ ᠦᠵᠡᠰᠬᠦᠯᠡᠩ ᠳᠤ ᠠᠮᠵᠢᠯᠲᠠ ᠲᠠᠢ ᠣᠷᠣᠯᠴᠠᠭᠰᠠᠨ ᠪᠥᠭᠡᠳ ᠳᠤᠮᠳᠠᠳᠤ ᠤᠯᠤᠰ ᠲᠠᠬᠢ ᠵᠠᠬ᠎ᠠ | ᠳᠡᠯᠭᠡᠭᠦᠷ ᠢᠶᠠᠨ ᠴᠢᠨᠠᠭᠰᠢᠳᠠ ᠥᠷᠭᠡᠳᠬᠡᠬᠦ ᠳᠤᠷᠠᠲᠠᠢ ᠪᠠᠶᠢᠨ᠎ᠠ᠃ ᠠᠷᠭᠧᠨ᠋ᠲ᠋ᠢᠨ ᠤ ᠲᠠᠯ᠎ᠠ ᠡᠨᠡ ᠤᠳᠠᠭᠠᠨ ᠤ ᠬᠤᠶᠠᠷ | ᠲᠠᠯ᠎ᠠ ᠶᠢᠨ ᠭᠠᠷ ᠤᠨ ᠦᠰᠦᠭ ᠵᠢᠷᠤᠭᠰᠠᠨ ᠢᠷᠡᠬᠦ ᠲᠠᠪᠤᠨ ᠵᠢᠯ ᠤᠨ ᠬᠠᠮᠲᠤ ᠶᠢᠨ ᠠᠵᠢᠯᠯᠠᠭᠠᠨ ᠤ ᠲᠥᠯᠥᠪᠯᠡᠭᠡ ᠪᠠᠷ | ᠠᠵᠠ ᠲᠣᠬᠢᠶᠠᠯ ᠪᠣᠯᠭᠠᠵᠤ᠂ ᠬᠥᠳᠡᠭᠡ ᠠᠵᠤ ᠠᠬᠤᠢ᠂ ᠮᠥᠩᠭᠦᠨ ᠭᠦᠢᠯᠭᠡᠭᠡ᠂ ᠠᠭᠠᠷ ᠠᠶᠠᠯᠠᠯ᠂ ᠰᠠᠭᠤᠷᠢ | ᠪᠡᠯᠡᠳᠬᠡᠯ ᠲᠥᠬᠦᠭᠡᠷᠦᠮᠵᠢ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠬᠠᠮᠲᠤ ᠶᠢᠨ ᠠᠵᠢᠯᠯᠠᠭ᠎ᠠ ᠪᠠᠨ ᠥᠷᠭᠡᠳᠬᠡᠵᠦ᠂ | ᠠᠶᠠᠯᠠᠯ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠰᠣᠶᠣᠯ ᠢᠷᠭᠡᠨᠰᠢᠯ ᠤᠨ ᠬᠦᠷᠢᠶᠡᠨ ᠤ ᠰᠣᠯᠢᠯᠴᠠᠭ᠎ᠠ ᠪᠠᠨ | ᠨᠡᠮᠡᠭᠳᠡᠭᠦᠯᠬᠦ ᠶᠢ ᠬᠦᠰᠡᠵᠦ ᠪᠠᠶᠢᠨ᠎ᠠ᠃ ᠠᠷᠭᠧᠨ᠋ᠲ᠋ᠢᠨ ᠤ ᠲᠠᠯ᠎ᠠ ᠳᠤᠮᠳᠠᠳᠤ ᠶᠢᠨ ᠲᠠᠯ᠎ᠠ ᠶᠢᠨ ᠠᠵᠤ ᠠᠬᠤᠶᠢᠯᠠᠯ ᠤᠨ | ᠠᠷᠭᠧᠨ᠋ᠲ᠋ᠢᠨ ᠳᠠᠬᠢ ᠪᠡᠯᠡ ᠣᠷᠤᠭᠤᠯᠤᠯᠲᠠ ᠪᠠᠨ ᠥᠷᠭᠡᠳᠬᠡᠬᠦ ᠶᠢ ᠤᠭᠲᠤᠵᠤ ᠪᠠᠶᠢᠨ᠎ᠠ ᠭᠡᠵᠡᠢ᠃ | ᠬᠤᠶᠠᠷ ᠤᠯᠤᠰ ᠤᠨ ᠲᠥᠷᠥ ᠶᠢᠨ ᠲᠡᠷᠢᠭᠦᠨ ᠬᠠᠮᠲᠤ ᠪᠠᠷ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠣᠨ ᠪᠣᠯᠣᠨ ᠪᠦᠭᠦᠳᠡ ᠨᠠᠶᠢᠷᠠᠮᠳᠠᠬᠤ ᠠᠷᠭᠧᠨ᠋ᠲ᠋ᠢᠨ ᠤᠯᠤᠰ ᠤᠨ ᠵᠠᠰᠠᠭ ᠤᠨ ᠣᠷᠳᠣᠨ | ᠤ 2019 ᠣᠨ ᠠᠴᠠ 2023 ᠣᠨ ᠬᠦᠷᠲᠡᠯᠡᠬᠢ ᠬᠠᠮᠲᠤ ᠶᠢᠨ ᠠᠵᠢᠯᠯᠠᠭ᠎ᠠ ᠶᠢᠨ ᠲᠥᠯᠥᠪᠯᠡᠭᠡ︾ ᠶᠢ | ᠭᠡᠷᠡᠴᠢᠯᠡᠵᠦ᠂ ᠬᠤᠶᠠᠷ ᠲᠠᠯ᠎ᠠ ᠶᠢᠨ ᠬᠠᠮᠲᠤ ᠶᠢᠨ ᠠᠵᠢᠯᠯᠠᠭ᠎ᠠ ᠶᠢᠨ ᠣᠯᠠᠨ ᠪᠢᠴᠢᠭ ᠮᠠᠲ᠋ᠧᠷᠢᠶᠠᠯ ᠳᠤ ᠭᠠᠷ ᠤᠨ | ᠦᠰᠦᠭ ᠵᠢᠷᠤᠭᠰᠠᠨ ᠪᠠᠶᠢᠨ᠎ᠠ᠃ | ᠬᠤᠶᠠᠷ ᠲᠠᠯ᠎ᠠ ᠪᠠᠷ ᠢᠶᠠᠨ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ | ᠪᠣᠯᠣᠨ ᠪᠦᠭᠦᠳᠡ ᠨᠠᠶᠢᠷᠠᠮᠳᠠᠬᠤ ᠠᠷᠭᠧᠨ᠋ᠲ᠋ᠢᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠭᠰᠡᠨ | ᠪᠠᠶᠢᠨ᠎ᠠ᠃ | ᠬᠡᠯᠡᠯᠴᠡᠭᠡ ᠬᠢᠬᠦ ᠠᠴᠠ ᠡᠮᠦᠨ᠎ᠡ ᠮᠠᠺᠷᠢ ᠶᠡᠷᠦᠩᠬᠡᠶᠢᠯᠡᠭᠴᠢ ᠶᠢᠨ ᠣᠷᠳᠣᠨ ᠤ ᠪᠠᠨ ᠢᠷᠠᠭᠤ ᠠᠯᠳᠠᠷ ᠨᠡᠷᠡᠮᠵᠢᠲᠦ | ᠠᠭᠤᠳᠠᠮ ᠲᠠᠯᠠᠪᠠᠢ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠤᠭᠰᠠᠨ ᠪᠠᠶᠢᠨ᠎ᠠ᠃ | ᠬᠠᠪᠤᠷ ᠴᠠᠭ ᠤᠨ ᠪᠦᠶᠧᠨᠣᠰ ᠠᠶᠢᠷᠧᠰ ᠤᠨ ᠲᠡᠭᠷᠢ ᠨᠢ ᠴᠡᠯᠮᠡᠶᠢᠵᠦ᠂ ᠴᠡᠴᠡᠭ ᠬᠤᠸᠠᠷ ᠳᠡᠯᠭᠡᠷᠡᠭᠡᠳ ᠬᠤᠪᠢ | ᠶᠢᠨ ᠭᠠᠳᠠᠨ᠎ᠠ ᠦᠵᠡᠰᠬᠦᠯᠡᠩᠲᠡᠢ ᠪᠠᠶᠢᠯ᠎ᠠ᠃ | ᠲᠡᠷᠢᠭᠦᠯᠡᠭᠴᠢ ᠰᠢ ᠶᠢᠨ ᠫᠢᠩ ᠬᠠᠲᠤᠨ ᠫᠧᠩ ᠯᠢ ᠶᠤᠸᠠᠨ ᠲᠠᠢ ᠪᠠᠨ ᠮᠣᠷᠢᠲᠤ ᠠᠩᠭᠢ ᠶᠢᠨ ᠬᠠᠮᠠᠭᠠᠯᠠᠯᠲᠠ | ᠲᠠᠢ ᠪᠠᠷ ᠶᠡᠷᠦᠩᠬᠡᠶᠢᠯᠡᠭᠴᠢ ᠶᠢᠨ ᠣᠷᠳᠣᠨ ᠳᠤ ᠬᠦᠷᠴᠦ᠂ ᠶᠣᠰᠣᠯᠠᠯ ᠤᠨ ᠴᠡᠷᠢᠭ ᠵᠦᠯᠭᠡᠨ ᠵᠠᠮ ᠤᠨ ᠬᠤᠶᠠᠷ ᠲᠠᠯ᠎ᠠ | ᠳᠤ ᠵᠢᠭᠰᠠᠵᠤ ᠰᠢᠯᠭᠠᠯᠲᠠ ᠶᠢ ᠬᠦᠯᠢᠶᠡᠭᠰᠡᠨ ᠪᠠᠶᠢᠨ᠎ᠠ᠃ ᠢᠷᠠᠭᠤ ᠠᠯᠳᠠᠷ ᠨᠡᠷᠡᠮᠵᠢᠲᠦ ᠠᠭᠤᠳᠠᠮ ᠲᠠᠯᠠᠪᠠᠢ ᠳᠤ ᠬᠦᠷᠬᠦ | ᠦᠶ᠎ᠡ ᠳᠤ ᠴᠡᠷᠢᠭ ᠤᠨ ᠬᠥᠭᠵᠢᠮ ᠤᠨ ᠪᠦᠯᠬᠦᠮ ᠤᠷᠤᠭᠰᠢᠯᠠᠯᠲᠠ ᠶᠢᠨ ᠠᠶ᠎ᠠ ᠬᠥᠭᠵᠢᠮᠳᠡᠵᠦ᠂ ᠶᠡᠷᠦᠩᠬᠡᠶᠢᠯᠡᠭᠴᠢ | ᠮᠠᠺᠷᠢ ᠬᠠᠲᠤᠨ ᠠᠸᠠᠳᠢ ᠲᠠᠢ ᠪᠠᠨ ᠬᠠᠯᠠᠭᠤᠮᠰᠤᠭ ᠢᠶᠠᠷ ᠤᠭᠲᠤᠭᠰᠠᠨ ᠪᠠᠶᠢᠨ᠎ᠠ᠃ ᠬᠤᠶᠠᠷ ᠤᠯᠤᠰ ᠤᠨ ᠲᠥᠷᠥ ᠶᠢᠨ | ᠲᠡᠷᠢᠭᠦᠨ ᠬᠠᠲᠤᠨ ᠲᠠᠢ ᠪᠠᠨ ᠴᠡᠷᠢᠭ ᠰᠢᠯᠭᠠᠬᠤ ᠶᠣᠰᠣᠯᠠᠯ ᠤᠨ ᠲᠠᠶᠢᠰᠠᠨ ᠳᠤ ᠭᠠᠷᠴᠤ ᠵᠣᠭᠰᠣᠬᠤ ᠳᠤ ᠴᠡᠷᠢᠭ ᠤᠨ | ᠬᠥᠭᠵᠢᠮ ᠤᠨ ᠠᠩᠭᠢ ᠠᠴᠠ ᠳᠤᠮᠳᠠᠳᠤ ᠤᠯᠤᠰ᠂ ᠠᠷᠭᠧᠨ᠋ᠲ᠋ᠢᠨ ᠬᠤᠶᠠᠷ ᠤᠯᠤᠰ ᠤᠨ ᠲᠥᠷᠥ ᠶᠢᠨ ᠰᠦᠯᠳᠡ ᠳᠠᠭᠤᠤ | ᠶᠢ ᠬᠥᠭᠵᠢᠮᠳᠡᠭᠰᠡᠨ ᠪᠠᠶᠢᠯ᠎ᠠ᠃ ᠰᠢ ᠶᠢᠨ ᠫᠢᠩ ᠮᠠᠺᠷᠢ ᠶᠢᠨ ᠪᠠᠷ᠎ᠠ ᠪᠣᠯᠤᠯᠭ᠎ᠠ ᠲᠠᠢ ᠪᠠᠷ ᠰᠠᠨ ᠮᠠᠷᠲ᠋ᠢᠨ ᠤ ᠱᠤᠭᠤᠮᠠᠯ | ᠳᠤ ᠴᠡᠴᠡᠭ ᠤᠨ ᠴᠠᠭᠠᠷᠢᠭ ᠬᠦᠷᠭᠡᠭᠰᠡᠨ ᠪᠠᠶᠢᠨ᠎ᠠ᠃ | ᠤᠭᠲᠤᠬᠤ ᠶᠣᠰᠣᠯᠠᠯ ᠳᠠᠭᠤᠰᠤᠭᠰᠠᠨ ᠤ ᠰᠡᠭᠦᠯᠡᠷ᠂ ᠰᠢ ᠶᠢᠨ ᠫᠢᠩ ᠪᠣᠯᠣᠨ ᠮᠠᠺᠷᠢ ᠠᠷᠭᠧᠨ᠋ᠲ᠋ᠢᠨ ᠤ | ᠶᠡᠷᠦᠩᠬᠡᠶᠢᠯᠡᠭᠴᠢ ᠶᠢᠨ ᠣᠷᠳᠣᠨ ᠤ ᠠᠯᠪᠠᠨ ᠠᠰᠠᠷ ᠤᠨ ᠡᠮᠦᠨᠡᠬᠢ ᠵᠦᠯᠭᠡᠨ ᠳᠡᠭᠡᠷ᠎ᠡ ᠵᠣᠭᠰᠣᠵᠤ ᠵᠣᠭᠤᠭᠳᠠᠬᠤ | ᠵᠠᠭᠤᠷ᠎ᠠ ᠮᠠᠺᠷᠢ ᠰᠢ ᠶᠢᠨ ᠫᠢᠩ ᠳᠤ ᠮᠣᠷᠢᠨ ᠪᠥᠮᠪᠦᠭᠡ ᠶᠢᠨ ᠤᠷᠤᠯᠳᠤᠭᠠᠨ ᠢ ᠲᠠᠨᠢᠯᠴᠠᠭᠤᠯᠤᠭᠰᠠᠨ ᠤ ᠬᠠᠮᠲᠤ | ᠳᠤᠮᠳᠠᠳᠤ ᠤᠯᠤᠰ ᠤᠨ ᠲᠤᠭ ᠤᠨ ᠵᠢᠷᠤᠭ ᠲᠠᠢ ᠮᠣᠷᠢᠨ ᠪᠥᠮᠪᠦᠭᠡ ᠶᠢᠨ ᠮᠠᠯᠠᠭᠠᠢ ᠪᠣᠯᠣᠨ ᠪᠥᠮᠪᠦᠭᠡ ᠶᠢᠨ ᠴᠣᠬᠢᠭᠤᠷ | ᠪᠡᠯᠡᠭᠯᠡᠭᠰᠡᠨ ᠪᠠᠶᠢᠨ᠎ᠠ᠃ ᠰᠢ ᠶᠢᠨ ᠫᠢᠩ ᠮᠣᠷᠢᠨ ᠪᠥᠮᠪᠦᠭᠡ ᠶᠢᠨ ᠴᠣᠬᠢᠭᠤᠷ ᠢᠶᠠᠷ ᠪᠥᠮᠪᠦᠭᠡ ᠶᠢ ᠴᠣᠬᠢᠭᠰᠠᠨ ᠳᠤ | ᠮᠠᠺᠷᠢ ᠢᠨᠢᠶᠡᠮᠰᠦᠭᠯᠡᠨ ᠮᠠᠭᠲᠠᠵᠤ ᠪᠠᠶᠢᠯ᠎ᠠ᠃ ᠰᠢ ᠶᠢᠨ ᠫᠢᠩ ᠮᠠᠺᠷᠢ ᠳᠤ ︽ᠲᠠᠩ ᠤᠯᠤᠰ ᠤᠨ ᠡᠮᠡᠭᠲᠡᠢ ᠮᠣᠷᠢᠨ | ᠪᠥᠮᠪᠦᠭᠡ ᠲᠣᠭᠯᠠᠵᠤ ᠪᠠᠶᠢᠭ᠎ᠠ ᠵᠢᠷᠤᠭ︾ ᠤᠨ ᠳᠤᠮᠳᠠᠳᠤ ᠤᠯᠤᠰ ᠤᠨ ᠬᠠᠳᠬᠤᠮᠠᠯ ᠤᠨ ᠪᠦᠲᠦᠭᠡᠯ ᠪᠡᠯᠡᠭᠯᠡᠭᠰᠡᠨ | ᠪᠠᠶᠢᠨ᠎ᠠ᠃ ᠬᠤᠶᠠᠷ ᠤᠯᠤᠰ ᠤᠨ ᠲᠥᠷᠥ ᠶᠢᠨ ᠲᠡᠷᠢᠭᠦᠨ ᠪᠡᠶ᠎ᠡ ᠶᠢᠨ ᠲᠠᠮᠢᠷ ᠤᠨ ᠲᠠᠯ᠎ᠠ ᠪᠠᠷ ᠰᠣᠯᠢᠯᠴᠠᠭ᠎ᠠ ᠬᠢᠵᠦ᠂ | ᠢᠷᠭᠡᠳ ᠤᠨ ᠬᠤᠭᠤᠷᠣᠨᠳᠤᠬᠢ ᠨᠥᠬᠦᠷᠯᠡᠯ ᠢ ᠨᠢᠭᠲᠠᠷᠠᠭᠤᠯᠬᠤ ᠲᠠᠯ᠎ᠠ ᠪᠠᠷ ᠰᠠᠨᠠᠯ ᠪᠣᠳᠣᠯ ᠢᠶᠠᠨ ᠰᠣᠯᠢᠯᠴᠠᠭᠰᠠᠨ | ᠪᠠᠶᠢᠨ᠎ᠠ᠃ |