ᠦᠥᠰᠢᠨ ᠬᠤᠰᠢᠭᠤᠨ ᠤ ︽ᠡᠭᠡᠰᠢᠭ ᠲᠤᠯᠤᠭ᠎ᠠ︾ ᠬᠡᠥᠬᠡᠳ ᠤᠨ ᠨᠠᠶᠢᠷᠠᠯ ᠲᠠᠭᠤᠨ ᠤ ᠪᠦᠯᠬᠦᠮ ᠠᠩᠬᠠᠳᠤᠭᠠᠷ ᠤᠳᠠᠭᠠᠨ ᠤ ᠲᠤᠰᠬᠠᠢ ᠲᠤᠭᠯᠠᠯᠲᠠ ᠪᠠᠷ ᠢᠶᠠᠨ ᠤᠯᠠᠨ ᠲᠦᠮᠡᠨ ᠤ ᠬᠠᠷᠠᠭ᠎ᠠ ᠶᠢ ᠮᠢᠯᠢᠶᠠᠯ᠎ᠠ
ᠨᠡᠶᠢᠲᠡᠯᠡᠭᠰᠡᠨ ᠴᠠᠭ᠄
2018-12-05
      11 ᠰᠠᠷ᠎ᠠ ᠶᠢᠨ 30 ᠤ ᠤᠷᠤᠢ ᠦᠤᠰᠢᠨ ᠬᠤᠰᠢᠭᠤᠨ ᠤ ︽ᠡᠭᠡᠰᠢᠭ ᠲᠤᠯᠤᠭ᠎ᠠ︾ ᠬᠡᠥᠬᠡᠳ ᠤᠨ ᠨᠠᠶᠢᠷᠠᠯ ᠲᠠᠭᠤᠨ ᠤ ᠪᠦᠯᠬᠦᠮ ᠤᠨ ᠠᠩᠬᠠᠳᠤᠭᠠᠷ ᠤᠳᠠᠭᠠᠨ ᠤ ᠲᠤᠭᠯᠠᠯᠲᠠ ᠬᠤᠰᠢᠭᠤ ᠰᠤᠶᠤᠯ ᠤᠨ ᠠᠵᠢᠯᠯᠠᠭᠠᠨ ᠤ ᠲᠥᠪ ᠲᠤ ᠠᠮᠵᠢᠯᠲᠠᠲᠠᠢ ᠶᠠᠪᠤᠭᠳᠠᠪᠠ᠃ ᠬᠤᠰᠢᠭᠤ ᠦᠨᠳᠦᠰᠦᠲᠡᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ᠂ ᠰᠤᠶᠤᠯ ᠷᠠᠳᠢᠤ᠋ ᠺᠢᠨᠤ᠋ ᠲᠧᠯᠸᠢᠰ ᠤᠨ ᠲᠤᠪᠴᠢᠶ᠎ᠠ᠂ ᠰᠤᠷᠭᠠᠨ ᠬᠦᠮᠦᠵᠢᠯ ᠤᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠤᠯᠤᠨ ᠡᠯ᠎ᠡ ᠰᠤᠷᠭᠠᠭᠤᠯᠢ ᠶᠢᠨ ᠵᠠᠬᠢᠷᠤᠯ ᠵᠢᠴᠢ 200 ᠢᠯᠡᠭᠦᠦ ᠭᠡᠷ ᠤᠨ ᠠᠬᠠᠮᠠᠳ᠂ ᠦᠵᠡᠭᠴᠢᠳ ᠲᠤᠭᠯᠠᠯᠳᠠ ᠶᠢ ᠰᠤᠨᠢᠷᠬᠠᠵᠤ᠂ ︽ᠡᠭᠡᠰᠢᠭ ᠲᠤᠯᠤᠭ᠎ᠠ︾ ᠬᠡᠥᠬᠡᠳ ᠤᠨ ᠨᠠᠶᠢᠷᠠᠯ ᠲᠠᠭᠤᠨ ᠤ ᠪᠦᠯᠬᠦᠮ ︽ᠤᠷᠳᠤᠰ ᠮᠤᠩᠭᠤᠯ︾᠂ ︽ᠲᠡᠭᠦᠲᠡᠭᠡᠷ ᠮᠤᠲᠤ︾᠂ ︽ᠰᠢᠷ᠎ᠠ ᠠᠯᠠᠭ ᠯᠠᠮ᠎ᠠ ᠰᠢᠪᠠᠭᠤ︾ ᠵᠡᠷᠭᠡ ᠲᠠᠭᠤᠤ ᠪᠤᠯᠤᠨ ᠰᠢᠯᠦᠭ ᠪᠦᠵᠢᠭ ᠤᠨ ᠲᠤᠭᠯᠠᠯᠳᠠ ᠪᠠᠨ ᠲᠠᠪᠰᠢᠭᠦᠯᠵᠤ ᠦᠵᠡᠭᠴᠢᠳ ᠤᠯᠠᠨ ᠢᠶᠠᠨ ᠪᠠᠶᠠᠰᠬᠠᠭᠰᠠᠨ ᠪᠠᠶᠢᠨ᠎ᠠ᠃      ︽ᠡᠭᠡᠰᠢᠭ ᠲᠤᠯᠤᠭ᠎ᠠ︾ ᠬᠡᠥᠬᠡᠳ ᠤᠨ ᠨᠠᠶᠢᠷᠠᠯ ᠲᠠᠭᠤᠨ ᠤ ᠪᠦᠯᠬᠦᠮ ᠢ ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠶᠢᠨ ᠲᠠᠭᠤᠨ ᠤ ᠪᠠᠭᠰᠢ ᠠᠩᠭᠢᠯᠤᠮ᠎ᠠ 2018 ᠤᠨ ᠤ 3 ᠰᠠᠷ᠎ᠠ ᠳᠤ ᠪᠠᠶᠢᠭᠤᠯᠵᠤ᠂ ᠦᠥᠰᠢᠨ ᠬᠤᠰᠢᠭᠤᠨ ᠤ ᠡᠯ᠎ᠡ ᠮᠤᠩᠭᠤᠯ ᠪᠠᠭ᠎ᠠ ᠰᠤᠷᠭᠠᠭᠤᠯᠢ ᠠᠴᠠ ᠲᠠᠭᠤᠤ ᠤᠷᠠᠯᠢᠭ ᠲᠤ ᠪᠠᠬ᠎ᠠ ᠲᠠᠢ 36 ᠨᠠᠷ᠎ᠠ ᠰᠤᠷᠤᠭᠴᠢ  ᠶᠢ ᠰᠢᠯᠭᠠᠨ ᠠᠪᠴᠤ᠂ ᠭᠠᠷᠠᠭ ᠪᠤᠯᠭᠠᠨ ᠤ ᠭᠠᠷᠠᠭ ᠤᠨ ᠵᠢᠷᠭᠤᠭᠠᠨ ᠤ ᠴᠠᠭ ᠢ ᠠᠰᠢᠭᠯᠠᠵᠤ ᠦᠨ᠎ᠡ ᠲᠦᠯᠦᠪᠦᠷᠢ ᠦᠭᠡᠢ ᠪᠠᠷ ᠭᠡᠴᠢᠶᠡᠯ ᠵᠢᠭᠠᠳᠠᠭ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号