ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠭᠤᠷᠪᠠᠳᠣᠭᠠᠷ ᠳᠠᠯ᠎ᠠ ᠶᠢᠨ ᠦᠨᠡᠯᠡᠯᠳᠡ ᠶᠢᠨ ᠬᠠᠷᠢᠭᠤ ᠳᠣᠰᠬᠠᠯᠳᠠ ᠵᠢᠴᠢ 2018 ᠣᠨ ᠤ ᠡᠮ ᠡᠮᠨᠡᠯᠬᠡ ᠶᠢᠨ ᠦᠬᠡᠷᠡᠴᠢᠯᠡᠯᠳᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018-12-05
     
     11 ᠰᠠᠷ᠎ᠠ ᠶᠢᠨ 30 ᠤ ᠡᠳᠤᠷ᠂ ᠮᠠᠨ ᠤ ᠬᠤᠰᠢᠭᠤ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ  ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠭᠤᠷᠪᠠᠳᠣᠭᠠᠷ ᠳᠠᠯ᠎ᠠ ᠶᠢᠨ ᠦᠨᠡᠯᠡᠯᠳᠡ ᠶᠢᠨ ᠬᠠᠷᠢᠭᠤ ᠳᠣᠰᠬᠠᠯᠳᠠ ᠵᠢᠴᠢ 2018 ᠣᠨ ᠤ ᠡᠮ ᠡᠮᠨᠡᠯᠬᠡ ᠶᠢᠨ ᠦᠬᠡᠷᠡᠴᠢᠯᠡᠯᠳᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠣᠯᠪᠠ᠃ ᠬᠢᠨᠠᠨ ᠲᠤᠭᠳᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠵᠦᠪᠯᠡᠭᠴᠢ ᠬᠤᠳᠠ ᠶᠢᠨ ᠡᠮᠴᠢ ᠶᠢᠨ ᠨᠡᠶᠢᠬᠡᠮᠯᠢᠭ  ᠤᠨ ᠳᠣᠰᠬᠠᠢ ᠮᠡᠷᠭᠡᠵᠢᠯᠳᠡᠨ ᠤ ᠳᠤᠭᠤᠶᠢᠯᠠᠩ ᠤᠨ ᠳᠠᠷᠤᠭ᠎ᠠ ᠤᠤᠯ ᠤᠨ ᠬᠤᠲᠠ ᠶᠢᠨ ᠡᠮ ᠡᠮᠨᠡᠯᠬᠡ ᠶᠢᠨ ᠦᠬᠡᠷᠡᠴᠢᠯᠡᠯᠳᠡ ᠶᠢᠨ ᠠᠯᠪᠠᠨ ᠭᠡᠷ ᠤᠨ ᠪᠠᠶᠢᠩᠭᠤ ᠶᠢᠨ ᠠᠵᠢᠯ ᠤᠨ ᠳᠡᠳ᠋ ᠡᠷᠬᠢᠯᠡᠭᠴᠢ ᠵᠠᠩ ᠯᠢ ᠮᠢᠩ᠂ ᠬᠤᠲᠠ  ᠶᠢᠨ ᠡᠷᠡᠬᠦᠯ ᠬᠠᠮᠠᠭᠠᠯᠠᠯ ᠪᠠ ᠲᠦᠯᠦᠪᠯᠡᠭᠡᠲᠤ ᠬᠦᠩᠬᠡᠵᠢᠯ ᠤᠨ ᠵᠦᠪᠯᠡᠯ ᠤᠨ ᠡᠮᠨᠡᠯᠭᠡ ᠶᠢᠨ ᠬᠤᠷᠢᠶᠠᠨ ᠤ ᠵᠡᠷᠭᠡ ᠲᠡᠰ  ᠢ ᠬᠢᠨᠠᠨ ᠲᠤᠭᠲᠠᠭᠠᠬᠤ ᠳᠤᠭᠤᠶᠢᠯᠠᠩ ᠤᠨ ᠳᠠᠷᠤᠭ᠎ᠠ ᠬᠤᠳᠠ ᠶᠢᠨ ᠡᠮᠴᠢ ᠶᠢᠨ ᠨᠡᠶᠢᠬᠡᠮᠯᠢᠭ ᠤᠨ ᠳᠣᠰᠬᠠᠢ ᠮᠡᠷᠭᠡᠵᠢᠯᠳᠡᠨ ᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ ᠱᠢ ᠵᠧᠨ ᠴᠢᠩ᠂ ᠬᠤᠲᠠ ᠶᠢᠨ ᠡᠮᠴᠢ ᠶᠢᠨ ᠨᠡᠶᠢᠬᠡᠮᠯᠢᠭ ᠤᠨ ᠳᠣᠰᠬᠠᠢ ᠮᠡᠷᠭᠡᠵᠢᠯᠳᠡᠨ ᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤᠨ ᠠᠨᠠᠭᠠᠬᠤ ᠤᠬᠠᠭᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ ᠯᠥᠸᠧ ᠰᠢᠶᠤᠤ ᠪᠦᠸᠧ ᠂ ᠬᠤᠰᠢᠭᠤ ᠳᠡᠳ᠋ ᠳᠠᠷᠤᠭ᠎ᠠ ᠪᠠᠶᠠᠨᠴᠢᠮᠡᠭ᠂ ᠬᠤᠰᠢᠭᠤ ᠬᠠᠮᠢᠶ᠎ᠠ ᠪᠦᠬᠦᠢ ᠪᠠᠶᠢᠭᠤᠯᠭ᠎ᠠ ᠨᠢᠬᠡᠴᠢ ᠶᠢᠨ ᠬᠠᠷᠢᠭᠤᠴᠠᠯᠭᠠᠲᠠᠨ᠂ ᠬᠤᠰᠢᠭᠤ ᠡᠷᠡᠬᠦᠯ ᠬᠠᠮᠠᠭᠠᠯᠠᠯ ᠪᠠ ᠲᠦᠯᠦᠪᠯᠡᠭᠡᠲᠤ ᠬᠦᠩᠬᠡᠵᠢᠯ ᠤᠨ ᠳᠣᠪᠴᠢᠶᠠᠨ ᠤ ᠬᠠᠮᠢᠶ᠎ᠠ ᠪᠦᠬᠦᠢ ᠰᠠᠯᠠᠭ᠎ᠠ ᠳᠠᠰᠤᠭ᠂ ᠬᠤᠰᠢᠭᠤ ᠳᠡᠰ ᠤᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ᠂ ᠡᠯ᠎ᠡ ᠰᠣᠮᠣ ᠪᠠᠯᠭᠠᠰᠣᠨ ᠤ ᠡᠷᠡᠬᠦᠯ ᠬᠠᠮᠠᠭᠠᠯᠠᠯ ᠤᠨ ᠬᠤᠷᠢᠶ᠎ᠠ᠂ ᠨᠡᠶᠢᠬᠡᠮ ᠳᠣᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ  ᠤ ᠲᠦᠪ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠢᠨᠠᠨ ᠲᠤᠭᠲᠠᠭᠠᠬᠤ ᠳᠣᠰᠬᠠᠢ ᠮᠡᠷᠬᠡᠵᠢᠯᠳᠡᠨ ᠤ ᠳᠤᠭᠤᠶᠢᠯᠠᠩ ᠠᠴᠠ ᠮᠠᠨ ᠤ ᠬᠤᠰᠢᠭᠤᠨ  ᠤ ᠡᠮᠨᠡᠯᠭᠡ ᠶᠢᠨ ᠬᠤᠷᠢᠶᠠᠨ ᠤ ᠡᠷᠬᠢᠯᠳᠡ ᠶᠢᠨ ᠳᠤᠭ᠎ᠠ ᠪᠠᠷᠢᠮᠳᠠ ᠵᠢᠴᠢ ᠬᠠᠨᠣᠮᠵᠢ ᠶᠢᠨ ᠳᠦᠪᠰᠢᠨ ᠤ ᠦᠨᠡᠯᠡᠯᠳᠡ  ᠶᠢᠨ ᠦᠷ᠎ᠡ ᠳ᠋ᠦᠩ ᠪᠠ ᠭᠤᠷᠪᠠᠨ ᠦᠬᠡᠷᠡᠴᠢᠯᠡᠯᠳᠡ ᠶᠢᠨ ᠠᠭᠤᠯᠭ᠎ᠠ ᠶᠢᠨ ᠳᠣᠭᠤᠷᠢᠨ ᠳᠤ ᠡᠷᠬᠢᠴᠡᠬᠦᠯᠦᠯ ᠤᠨ ᠴᠢᠨᠠᠷᠳᠠᠢ ᠪᠠᠶᠢᠴᠠᠭᠠᠯᠳᠠ ᠬᠢᠭᠰᠡᠨ ᠪᠠᠶᠢᠳᠠᠯ ᠤᠨ ᠳᠣᠬᠠᠢ ᠨᠡᠶᠢᠳᠡᠯᠡᠵᠦ᠂ ᠮᠠᠨ ᠤ ᠬᠤᠰᠢᠭᠤᠨ ᠤ ᠡᠮᠨᠡᠯᠭᠡ ᠶᠢᠨ ᠬᠤᠷᠢᠶᠠᠨ ᠤ ᠦᠬᠡᠷᠡᠴᠢᠯᠡᠯᠳᠡ ᠶᠢᠨ ᠪᠠᠶᠢᠳᠠᠯ ᠳᠤ ᠬᠦᠢᠴᠡᠳ ᠨᠤᠲᠠᠯᠠᠯᠲᠠ ᠦᠭᠴᠦ᠂ ᠣᠳᠣᠬᠠᠨ ᠳᠤ ᠣᠷᠣᠰᠢᠵᠦ ᠪᠠᠶᠢᠭ᠎ᠠ ᠠᠰᠠᠭᠤᠳᠠᠯ ᠤᠨ ᠳᠣᠬᠠᠢ ᠵᠠᠳᠠᠯᠣᠨ᠂ ᠰᠠᠨᠠᠯ ᠰᠠᠨᠠᠭᠤᠯᠭ᠎ᠠ ᠦᠭᠬᠦᠭᠰᠡᠨ ᠪᠠᠶᠢᠨ᠎ᠠ᠃      ᠪᠠᠶᠠᠨᠴᠢᠮᠡᠭ ᠠᠴᠠ ᠤᠳᠤᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠮ ᠡᠮᠨᠡᠯᠭᠡ ᠶᠢᠨ ᠦᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠬᠤ ᠳᠠᠭᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠳᠣᠰ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠠᠶᠢᠳᠣᠷ ᠲᠤᠭᠤᠰᠢᠯᠠᠭᠤᠯᠤᠨ ᠨᠠᠶᠢᠳᠠᠪᠣᠷᠢᠵᠢᠭᠤᠯᠵᠣ᠂ ᠪᠠᠷᠢᠮᠵᠢᠶ᠎ᠠ ᠪᠣᠯᠣᠨ ᠱᠠᠭᠠᠷᠳᠠᠯᠭ᠎ᠠ ᠶᠣᠰᠣᠭᠠᠷ ᠡᠮ ᠡᠮᠨᠡᠯᠬᠡ ᠶᠢᠨ ᠦᠬᠡᠷᠡᠴᠢᠯᠡᠯᠳᠡ ᠶᠢᠨ ᠠᠵᠢᠯ ᠶᠢᠨ ᠬᠠᠮᠲᠣ ᠶᠢᠨ ᠴᠣᠭᠴᠠ ᠶᠢ ᠪᠠᠶᠢᠭᠤᠯᠵᠣ᠂ ᠱᠠᠳᠣ ᠬᠤᠪᠢᠶᠠᠨ ᠡᠮᠴᠢᠯᠡᠬᠦ ᠪᠠ ᠬᠡᠷ ᠪᠦᠯᠢ ᠶᠢᠨ ᠡᠮᠴᠢ ᠶᠢᠨ ᠬᠡᠷ᠎ᠡ ᠳᠣᠭᠳᠠᠵᠣ ᠦᠢᠯᠡᠴᠢᠯᠡᠬᠦ ᠡᠯ᠎ᠡ ᠲᠦᠷᠦᠯ ᠤᠨ ᠠᠵᠢᠯ ᠢ ᠠᠬᠢᠭᠤᠯᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号