ᠰᠢ ᠶᠢᠨ ᠫᠢᠩ ᠫᠠᠨᠠᠮᠠ ᠬᠤᠳᠠ ᠳᠤ ᠬᠦᠷᠴᠤ ᠪᠦᠬᠦᠳᠡ ᠨᠠᠶᠢᠷᠠᠮᠳᠠᠬᠤ ᠫᠠᠨᠠᠮᠠ ᠤᠯᠤᠰ ᠲᠤ ᠳᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠵᠥ ᠡᠬᠢᠯᠡᠪᠡ
ᠨᠡᠶᠢᠲᠡᠯᠡᠭᠰᠡᠨ ᠴᠠᠭ᠄
2018-12-05
     ᠰᠢᠨᠬᠤᠸᠠ ᠬᠤᠷᠢᠶᠠᠨ ᠤ ᠫᠠᠨᠠᠮᠠ ᠬᠤᠳᠠ ᠶᠢᠨ 12 ᠰᠠᠷ᠎ᠠ ᠶᠢᠨ 2 ᠤᠨ ᠴᠠᠬᠢᠯᠭᠠᠨ ᠮᠡᠳᠡᠭᠡ ᠳᠤᠬᠠᠢ ᠶᠢᠨ ᠭᠠᠵᠠᠷ ᠤᠨ ᠴᠠᠬ ᠢᠶᠠᠷ 12 ᠰᠠᠷ᠎ᠠ ᠶᠢᠨ 2 ᠤᠨ ᠡᠳᠤᠷ᠂ ᠤᠯᠤᠰ ᠤᠨ ᠳᠡᠷᠢᠬᠦᠯᠡᠭᠴᠢ ᠰᠢ ᠶᠢᠨ ᠫᠢᠩ ᠫᠠᠨᠠᠮᠠ ᠬᠤᠳᠠ ᠳᠤ ᠬᠦᠷᠴᠤ᠂ ᠪᠦᠬᠦᠳᠡ ᠨᠠᠶᠢᠷᠠᠮᠳᠠᠬᠤ ᠫᠠᠨᠠᠮᠠ ᠤᠯᠤᠰ ᠲᠤ ᠳᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠵᠥ ᠡᠬᠢᠯᠡᠪᠡ᠃      ᠳᠤᠬᠠᠢ ᠶᠢᠨ ᠭᠠᠵᠠᠷ ᠤᠨ ᠴᠠᠬ ᠢᠶᠠᠷ 20 ᠴᠠᠬ ᠤᠨ ᠦᠶ᠎ᠡ ᠪᠠᠷ᠂ ᠰᠢ ᠶᠢᠨ ᠫᠢᠩ ᠤᠨ ᠰᠠᠭᠤᠬᠰᠠᠨ ᠳᠤᠰᠬᠠᠢ ᠨᠢᠰᠬᠡᠯ ᠫᠠᠨᠠᠮᠠ ᠬᠤᠳᠠ ᠶᠢᠨ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠪᠡ᠃ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠨᠢᠰᠬᠡᠯ ᠤᠨ ᠦᠷᠦᠭᠡ ᠠᠴᠠ ᠠᠯᠬᠤᠨ ᠭᠠᠷᠬᠤ ᠳᠤ᠂ ᠫᠠᠨᠠᠮᠠ ᠶᠢᠨ ᠶᠡᠷᠦᠩᠬᠡᠶᠢᠯᠡᠭᠴᠢ ᠪᠠᠯᠸᠢᠢᠯᠠ ᠬᠠᠳᠤᠨ ᠺᠠᠰᠳᠢᠯᠦ᠋ᠸᠧ ᠲᠠᠢ ᠪᠠᠨ ᠨᠢᠰᠭᠡᠯ ᠠᠴᠠ ᠪᠠᠭᠤᠬᠤ ᠱᠠᠳᠤᠨ ᠤ ᠳᠡᠷᠭᠡᠳᠡ ᠬᠠᠯᠠᠭᠤᠨ ᠢᠶᠠᠷ ᠤᠬᠳᠤᠵᠤ ᠠᠪᠤᠪᠠ᠃ ᠬᠤᠶᠠᠷ ᠤᠯᠤᠰ ᠤᠨ ᠳᠡᠷᠢᠬᠦᠨ ᠪᠠ ᠬᠠᠳᠤᠨ ᠳᠤᠳᠤᠨᠤ ᠪᠠᠷ ᠭᠠᠷ ᠠᠳᠬᠤᠵᠤ᠂ ᠬᠠᠷᠢᠯᠴᠠᠨ ᠮᠡᠨᠳᠦᠴᠢᠯᠡᠪᠡ᠃ ᠶᠤᠰᠤᠯᠠᠯ ᠤᠨ ᠴᠡᠷᠢᠭ ᠤᠯᠠᠭᠠᠨ ᠬᠡᠪᠢᠰ ᠤᠨ ᠬᠤᠶᠠᠷ ᠳᠠᠯ᠎ᠠ ᠪᠠᠷ ᠲᠦᠪ ᠵᠢᠭᠰᠠᠵᠠᠢ᠃      ᠪᠠᠯᠸᠢᠢᠯᠠ ᠨᠢᠰᠬᠡᠯ ᠤᠨ ᠪᠠᠭᠤᠳᠠᠯ ᠳᠤ ᠰᠢ ᠶᠢᠨ ᠫᠢᠩ ᠢ ᠤᠬᠳᠤᠬᠤ ᠦᠪᠡᠳᠡᠭᠰᠢ ᠶᠡᠭᠡ ᠶᠤᠰᠤᠯᠠᠯ ᠶᠠᠪᠤᠭᠤᠯᠪᠠ᠃      ᠬᠤᠶᠠᠷ ᠤᠯᠤᠰ ᠤᠨ ᠳᠡᠷᠢᠬᠦᠨ ᠬᠠᠳᠤᠨ ᠲᠠᠢ ᠪᠠᠨ ᠤᠯᠠᠭᠠᠨ ᠬᠡᠪᠢᠰ ᠤᠨ ᠳᠡᠬᠡᠷ᠎ᠡ ᠠᠯᠬᠤᠯᠠᠵᠥ ᠰᠢᠯᠭᠠᠨ ᠦᠵᠡᠬᠦ ᠳᠠᠶᠢᠰᠠᠨ ᠳᠤ ᠭᠠᠷᠪᠠ᠃ ᠴᠡᠷᠢᠭ ᠤᠨ ᠬᠦᠭᠵᠢᠮ ᠤᠨ ᠠᠩᠬᠢ ᠳᠤᠮᠳᠠᠳᠤ ᠫᠠᠨᠠᠮᠠ ᠬᠤᠶᠠᠷ ᠤᠯᠤᠰ ᠤᠨ ᠰᠦᠯᠳᠡ ᠳᠠᠭᠤᠤ ᠶᠢ ᠬᠦᠭᠵᠢᠮᠳᠡᠪᠡ᠃ ᠰᠢ ᠶᠢᠨ ᠫᠢᠩ ᠪᠠᠯᠸᠢᠢᠯᠠ ᠶᠢᠨ ᠪᠠᠷ᠎ᠠ ᠪᠤᠯᠤᠯᠭ᠎ᠠ ᠲᠠᠢ ᠪᠠᠷ ᠶᠤᠰᠤᠯᠠᠯ ᠤᠨ ᠠᠩᠬᠢ ᠶᠢ ᠰᠢᠯᠭᠠᠨ ᠦᠵᠡᠵᠡᠢ᠃      ᠳᠤᠬᠠᠢ ᠶᠢᠨ ᠭᠠᠵᠠᠷ ᠤᠨ ᠪᠦᠵᠢᠭᠴᠢᠳ ᠦᠨᠳᠦᠰᠦᠳᠡᠨ ᠤ ᠪᠦᠵᠢᠭ ᠢᠶᠠᠨ ᠪᠠᠶᠠᠷ ᠬᠦᠷ ᠲᠠᠢ ᠪᠦᠵᠢᠭᠯᠡᠵᠥ᠂ ᠪᠠᠭᠠᠴᠤᠳ ᠬᠡᠥᠬᠡᠳ ᠰᠤᠷᠭᠤᠬ ᠴᠡᠴᠡᠭ ᠪᠤᠯᠤᠨ ᠳᠤᠮᠳᠠᠳᠤ ᠫᠠᠨᠠᠮᠠ ᠬᠤᠶᠠᠷ ᠤᠯᠤᠰ ᠤᠨ ᠳᠤᠭ ᠢ ᠬᠤᠷᠦ᠋ᠢᠯᠠᠵᠤ᠂ ᠠᠯᠤᠰ ᠠᠴᠠ ᠢᠷᠡᠭᠰᠡᠨ ᠳᠤᠮᠳᠠᠳᠤ ᠤᠯᠤᠰ ᠤᠨ ᠬᠦᠨᠳᠤᠳᠤ ᠵᠤᠴᠢᠨ ᠢᠶᠠᠨ ᠤᠬᠳᠤᠪᠡ᠃ ᠰᠢ ᠶᠢᠨ ᠫᠢᠩ ᠪᠤᠯᠤᠨ ᠫᠧᠩ ᠯᠢ ᠶᠤᠸᠠᠨ ᠮᠠᠰᠢ ᠤᠷᠮ᠎ᠠ ᠲᠠᠢ ᠪᠠᠭ᠋ᠠᠷᠬᠠᠨ ᠬᠠᠷᠠᠬᠤ ᠶᠢᠨ ᠬᠠᠮᠳᠤ ᠭᠠᠷ ᠳᠠᠯᠠᠯᠤᠨ ᠮᠡᠨᠳᠦᠴᠢᠯᠡᠪᠠ᠃      ᠰᠢ ᠶᠢᠨ ᠫᠢᠩ᠂ ᠡᠨᠡ ᠪᠤᠯ ᠮᠢᠨᠤ ᠫᠠᠨᠠᠮᠠ ᠳᠠᠬᠢ ᠠᠩᠬᠠᠳᠠᠭᠴᠢ ᠠᠶᠢᠯᠴᠢᠯᠠᠯᠳᠠ ᠪᠤᠯᠬᠤ ᠪᠦᠭᠡᠳ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠢᠬᠦᠯᠡᠭᠴᠢ ᠶᠢᠨ ᠲᠡᠦᠬᠡᠨ ᠳᠡᠭᠡᠷᠡᠬᠢ ᠫᠠᠨᠠᠮᠠ ᠳᠠᠬᠢ ᠠᠩᠬᠠᠳᠠᠭᠴᠢ ᠠᠶᠢᠯᠴᠢᠯᠠᠯᠳᠠ ᠪᠤᠯᠤᠨ᠎ᠠ᠃ ᠪᠢ ᠲᠤᠮᠳᠠᠳᠤ ᠤᠯᠤᠰ ᠤᠨ ᠠᠷᠠᠳ ᠲᠦᠮᠡᠨ ᠤ ᠡᠮᠤᠨ᠎ᠡ ᠠᠴᠠ ᠫᠠᠨᠠᠮᠠ ᠶᠢᠨ ᠠᠷᠠᠳ ᠲᠦᠮᠡᠨ ᠳᠤ ᠴᠢᠩ ᠰᠡᠳᠬᠢᠯ ᠤᠨ ᠮᠠᠨᠳᠤᠴᠢᠯᠡᠯ ᠪᠤᠯᠤᠨ ᠰᠠᠶᠢᠨ ᠰᠠᠶᠢᠬᠠᠨ ᠬᠦᠰᠡᠯ ᠵᠦᠡᠭᠨᠡᠯ ᠢᠶᠠᠨ ᠲᠡᠪᠰᠢᠬᠦᠯᠵᠤ ᠪᠠᠶᠢᠨ᠎ᠡ᠃ ᠨᠢᠭᠡ ᠵᠢᠯ ᠬᠠᠭᠠᠰ ᠤᠨ ᠡᠮᠤᠨ᠎ᠡ᠂ ᠲᠤᠮᠳᠠᠳᠤ ᠫᠠᠨᠠᠮᠠ ᠨᠢᠭᠡ ᠲᠤᠮᠳᠠᠳᠤ ᠤᠯᠤᠰ ᠪᠠᠶᠢᠬᠤ ᠵᠠᠷᠴᠢᠮ ᠤᠨ ᠰᠠᠭᠤᠷᠢᠨ ᠳᠡᠬᠡᠷ᠎ᠡ ᠵᠢᠩᠭᠢᠨᠢ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠵᠤ᠂ ᠬᠤᠶᠠᠷ ᠤᠯᠤᠰ ᠤᠨ 160 ᠭᠠᠷᠤᠢ ᠵᠢᠯ ᠤᠨ ᠶᠠᠪᠤᠯᠴᠠᠭ᠎ᠠ ᠶᠢᠨ ᠲᠡᠤᠭᠡ ᠶᠢᠨ ᠰᠢᠨ᠎ᠡ ᠬᠠᠭᠤᠳᠠᠰᠤ ᠶᠢ ᠨᠡᠭᠡᠭᠡᠪᠡ᠃ ᠲᠤᠮᠳᠠᠳᠤ ᠫᠠᠨᠠᠮᠠ ᠬᠠᠷᠢᠯᠴᠠᠭ᠎ᠠ ᠪᠠᠶᠢᠭᠤᠯᠤᠬᠰᠡᠨ ᠠᠴᠠ ᠨᠠᠭᠠᠰᠢ᠂ ᠬᠤᠶᠠᠷ ᠤᠯᠤᠰ ᠤᠨ ᠬᠠᠷᠢᠯᠴᠠᠭ᠎ᠠ ᠴᠢᠩᠭ᠎ᠠ ᠡᠷᠴᠢᠮ ᠲᠠᠢ ᠡᠬᠢᠯᠡᠵᠤ᠂ ᠡᠯ᠎ᠡ ᠬᠦᠷᠢᠶᠠᠨ ᠳᠠᠬᠢ ᠬᠠᠮᠳᠤᠷᠠᠯᠴᠠᠭ᠎ᠠ ᠶᠢᠨ ᠦᠷ᠎ᠡ ᠪᠦᠳᠦᠭᠡᠯ ᠡᠯᠪᠡᠭ ᠪᠠᠶᠠᠯᠢᠭ ᠪᠤᠯᠪᠠ᠃ ᠪᠤᠳᠠᠳᠤ ᠭᠡᠷᠡᠭ ᠬᠡᠷᠡᠴᠢᠯᠡᠭᠰᠡᠨ ᠨᠢ᠂ ᠲᠤᠮᠳᠠᠳᠤ ᠫᠠᠨᠠᠮᠠ ᠬᠠᠷᠢᠯᠴᠠᠭ᠎ᠠ ᠪᠠᠶᠢᠭᠤᠯᠤᠬᠰᠡᠨ ᠨᠢ ᠬᠤᠶᠠᠷ ᠤᠯᠤᠰ ᠪᠠ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠠ ᠠᠯᠤᠰ ᠭᠡᠳᠤ ᠶᠢᠨ ᠠᠰᠢᠭ ᠲᠤᠰᠠ ᠲᠠᠢ ᠨᠡᠶᠢᠴᠡᠵᠤ᠂ ᠲᠤᠮᠳᠠᠳᠤ ᠫᠠᠨᠠᠮᠠ ᠶᠢᠨ ᠬᠠᠮᠳᠤᠷᠠᠯᠴᠠᠭ᠎ᠠ ᠯᠤᠳᠤ ᠶᠡᠭᠡ ᠲᠠᠯᠳᠠ ᠬᠦᠴᠦᠨ ᠨᠢᠭᠤᠬᠳᠠᠵᠤ ᠪᠠᠶᠢᠨ᠎ᠡ ᠭᠡᠵᠤ ᠴᠢᠬᠤᠯᠠᠴᠢᠯᠠᠪᠠ᠃      ᠰᠢ ᠶᠢᠨ ᠫᠢᠩ᠂ ᠪᠢ ᠠᠶᠢᠯᠴᠢᠯᠠᠯᠳᠠ ᠬᠢᠬᠦ ᠬᠤᠭᠤᠴᠠᠭᠠᠨ ᠳᠠᠭᠠᠨ ᠶᠡᠷᠤᠩᠭᠡᠶᠢᠯᠡᠭᠴᠢ ᠪᠠᠯᠸᠢᠢᠯᠠ ᠲᠠᠢ ᠬᠡᠯᠡᠯᠴᠡᠭᠡ ᠬᠢᠵᠤ᠂ ᠲᠤᠮᠳᠠᠳᠤ ᠫᠠᠨᠠᠮᠠ ᠶᠢᠨ ᠬᠠᠷᠢᠯᠴᠠᠭ᠎ᠠ ᠶᠢᠨ ᠠᠯᠤᠰ ᠭᠡᠳᠤ ᠶᠢᠨ ᠬᠦᠭᠵᠢᠯᠳᠠ ᠶᠢᠨ ᠪᠤᠷᠤ ᠲᠦᠯᠦᠪ ᠢ ᠵᠢᠷᠤᠭᠯᠠᠵᠤ᠂ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠶᠢ ᠠᠬᠢᠭᠤᠯᠵᠤ᠂ ᠬᠠᠮᠳᠤ ᠶᠢᠨ ᠬᠦᠭᠵᠢᠯᠳᠠ ᠶᠢ ᠠᠬᠢᠭᠤᠯᠵᠤ᠂ ᠬᠤᠶᠠᠷ ᠤᠯᠤᠰ ᠪᠠ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠶᠢ ᠬᠦᠰᠡᠵᠤ ᠪᠠᠶᠢᠨ᠎ᠡ ᠭᠡᠵᠤ ᠢᠯᠡᠳᠭᠡᠪᠡ᠃      ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ᠂ ᠾᠧ ᠯᠢ ᠹᠧᠩ ᠵᠡᠷᠭᠡ ᠪᠠᠷ᠎ᠡ ᠪᠤᠯᠤᠬᠰᠡᠳ ᠨᠢᠰᠭᠡᠯ ᠢᠶᠠᠷ ᠬᠠᠮᠳᠤ ᠬᠦᠷᠴᠠᠢ᠃      ᠫᠠᠨᠠᠮᠠ ᠳᠤ ᠰᠠᠭᠤᠭ᠎ᠠ ᠲᠤᠮᠳᠠᠳᠤ ᠤᠯᠤᠰ ᠤᠨ ᠡᠯᠴᠢᠨ ᠰᠠᠶᠢᠳ ᠸᠧᠢ ᠴᠢᠶᠠᠩ ᠪᠠᠰᠠ ᠨᠢᠰᠭᠡᠯ ᠤᠨ ᠪᠠᠭᠤᠳᠠᠯ ᠳᠤ ᠬᠦᠷᠴᠤ ᠤᠬᠳᠤᠵᠠᠢ᠃      ᠰᠢ ᠶᠢᠨ ᠫᠢᠩ ᠠᠷᠭᠧᠨ᠋ᠲ᠋ᠢᠨ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠳᠠ ᠪᠠᠨ ᠲᠡᠭᠦᠰᠭᠡᠭᠰᠡᠨ ᠤ ᠲᠠᠷᠠᠭ᠎ᠠ ᠫᠠᠨᠠᠮᠠ ᠳᠤ ᠬᠦᠷᠦᠭᠰᠡᠨ ᠶᠤᠮ᠃ ᠪᠦᠶᠧᠨᠤᠰ ᠠᠶᠢᠷᠧᠰ ᠠᠴᠠ ᠰᠠᠯᠬᠤ ᠦᠶᠡᠰ ᠲᠤ ᠠᠷᠭᠧᠨ᠋ᠲ᠋ᠢᠨ ᠤ ᠵᠠᠰᠠᠭ ᠤᠨ ᠤᠷᠳᠤᠨ ᠤ ᠲᠡᠭᠡᠳᠤ ᠵᠡᠷᠭᠡ ᠶᠢᠨ ᠠᠯᠪᠠᠨ ᠲᠤᠰᠢᠶᠠᠯᠳᠠᠳ ᠨᠢᠰᠭᠡᠯ ᠤᠨ ᠪᠠᠭᠤᠳᠠᠯ ᠳᠤ ᠬᠦᠷᠴᠤ ᠦᠳᠡᠨ ᠮᠤᠷᠳᠠᠭᠤᠯᠵᠠᠢ᠃      ᠫᠠᠨᠠᠮᠠ ᠪᠤᠯ ᠰᠢ ᠶᠢᠨ ᠫᠢᠩ ᠤᠨ ᠡᠨᠡ ᠤᠳᠠᠭ᠎ᠠ ᠶᠢᠨ ᠠᠶᠢᠯᠴᠢᠯᠠᠯᠳᠠ ᠶᠢᠨ ᠠᠶᠠᠯᠡᠯ ᠤᠨ ᠭᠤᠷᠪᠠᠳᠠᠬᠢ ᠦᠷᠳᠡᠭᠡ ᠪᠤᠯᠤᠨ᠎ᠡ᠃ ᠰᠢ ᠶᠢᠨ ᠫᠢᠩ ᠪᠠᠰᠠ ᠫᠤᠷᠲ᠋ᠦ᠋ᠭᠠᠯ ᠳᠤ ᠲᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠬᠦ ᠪᠤᠯᠤᠨ᠎ᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号