ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠤᠶᠢᠷ᠎ᠠ ᠬᠠᠪᠢ ᠶᠢᠨ ᠠᠵᠤ ᠥᠢᠯᠡᠳᠪᠤᠷᠢ ᠶᠢᠨ ᠬᠦᠷᠢᠶᠡᠯᠡᠩ ᠲᠤᠭᠤᠷᠢᠭ ᠲᠤ ᠭᠥᠷᠴᠤ ᠪᠠᠶᠢᠴᠠᠭᠠᠨ ᠰᠣᠷᠤᠯᠴᠠᠪᠠ
ᠨᠡᠶᠢᠲᠡᠯᠡᠭᠰᠡᠨ ᠴᠠᠭ᠄
2018-12-05
    12 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠰᠢᠨᠵᠢᠯᠠᠨ ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠢ ᠲᠠᠭᠠᠭᠤᠯᠤᠨ ᠰᠠᠶᠢᠠᠳᠤᠷ᠎ᠠ ᠬᠤᠳᠠ ᠶᠢᠨ ᠵᠢᠨᠵᠢᠷ ᠠᠵᠤ ᠥᠢᠯᠡᠳᠪᠤᠷᠢ  ᠤᠨ ᠬᠦᠷᠢᠶᠡᠯᠡᠩ ᠲᠤᠭᠤᠷᠢᠭ ᠪᠤᠯᠤᠨ ᠡᠵᠡᠨ ᠬᠤᠷᠤᠭ᠎ᠠ ᠬᠤᠰᠢᠭᠤᠨ ᠤ ᠨᠠᠷᠢᠨᠳᠤᠬᠤᠢ ᠪᠠᠯᠭᠠᠰᠤᠨ ᠤ ᠬᠤᠢ ᠨᠧᠩ ᠨᠠᠭᠦᠷᠠᠰᠤ ᠴᠠᠭᠢᠯᠭᠠᠨ ᠨᠠᠭᠦᠷᠠᠰᠤ ᠭᠢᠮᠢ ᠶᠢᠨ ᠠᠵᠤ ᠥᠢᠯᠡᠳᠪᠤᠷᠢ ᠶᠢᠨ ᠭᠥᠷᠢᠶᠠᠯᠠᠩ ᠲᠤᠭᠤᠷᠢᠭ ᠲᠤ ᠭᠥᠷᠴᠤ ᠨᠠᠭᠦᠷᠠᠰᠤᠨ ᠠᠵᠤ ᠥᠢᠯᠠᠰ ᠤᠨ ᠭᠥᠭᠵᠢᠯᠳᠠ ᠶᠢᠨ ᠲᠤᠭᠤᠷᠢᠨ ᠳᠤ ᠭᠥᠷᠢᠶᠠᠯᠠᠩ ᠲᠤᠭᠤᠷᠢᠭ ᠤᠨ ᠲᠥᠯᠥᠪᠵᠢᠭᠦᠯᠭᠡ ᠪᠥᠳᠥᠭᠡᠨ ᠪᠠᠶᠢᠭᠤᠯᠤᠯᠳᠠ᠂ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠪᠤᠯᠤᠨ ᠠᠵᠤ ᠠᠬᠤᠶᠢᠯᠠᠯ ᠤᠨ ᠵᠤᠭᠢᠶᠠᠨ ᠪᠠᠶᠢᠭᠤᠯᠤᠯᠳᠠ ᠶᠢᠨ ᠭᠡᠯᠪᠠᠷᠢ ᠮᠠᠶ᠋ᠢᠭ᠂ ᠴᠢᠳᠠᠪᠤᠷᠢᠳᠠᠨ ᠤ ᠭᠥᠮᠤᠵᠢᠭᠦᠯᠥᠯᠳᠠ ᠵᠡᠷᠭᠡ ᠶᠢᠨ ᠲᠤᠭᠳᠠᠯᠴᠠᠭᠠᠨ ᠤ ᠡᠷᠭᠢᠯᠳᠠ ᠶᠢᠨ ᠲᠠᠯ᠎ᠠ ᠪᠠᠷ ᠪᠠᠶᠢᠴᠠᠭᠠᠨ ᠰᠣᠷᠣᠯᠴᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠤᠳᠤᠷᠢᠳᠤᠯᠭ᠎ᠠ ᠪᠠᠶᠠᠠᠴᠠᠩᠭᠡᠯ ᠪᠤᠯᠤᠨ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ᠂ ᠨᠠᠷᠢᠠᠭᠤᠤᠯ ᠠᠵᠤ ᠥᠢᠯᠡᠳᠪᠤᠷᠢ ᠶᠢᠨ ᠭᠥᠷᠢᠶᠠᠯᠠᠩ ᠲᠤᠭᠤᠷᠢᠭ᠂ ᠬᠤᠰᠢᠭᠤ ᠭᠥᠭᠵᠢᠭᠦᠯᠥᠯᠳᠠ ᠥᠭᠡᠷᠡᠴᠢᠯᠠᠯᠳᠠ᠂ ᠠᠵᠤ ᠠᠬᠤᠢ ᠠᠷᠠᠯᠵᠢᠶᠠᠨ ᠤ ᠴᠢᠮᠡᠭᠡ ᠵᠠᠩᠭᠢᠴᠢᠯᠠᠯᠳᠠ᠂ ᠤᠯᠤᠰ ᠤᠨ ᠡᠳ᠋ ᠭᠥᠷᠥᠩᠭᠡ ᠶᠢᠨ ᠬᠠᠮᠢᠶᠠᠷᠤᠯᠳᠠ ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃
     ᠰᠢᠨᠵᠢᠯᠠᠨ ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠤᠷᠢᠳ ᠬᠤᠵᠢᠳ ᠰᠠᠶᠢᠠᠳᠤᠷ᠎ᠠ ᠬᠤᠳᠠ ᠶᠢᠨ ᠵᠢᠨᠵᠢᠷ ᠠᠵᠤ ᠥᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠱᠠᠠᠰᠢ ᠶᠢᠨ ᠪᠸᠢ ᠶᠤᠸᠠᠨ ᠠᠵᠤ ᠥᠢᠯᠡᠳᠪᠤᠷᠢ ᠶᠢᠨ ᠪᠥᠯᠥᠭᠯᠠᠯ ᠤᠨ ᠬᠢᠵᠠᠭᠠᠷᠲᠤ ᠺᠤᠮᠫᠠᠨᠢ᠂ ᠭᠥᠸᠧ ᠷᠥᠩ ᠨᠠᠷᠢᠯᠢᠭ ᠭᠢᠮᠢ ᠶᠢᠨ ᠠᠵᠤ ᠥᠢᠯᠡᠳᠪᠤᠷᠢ ᠶᠢᠨ ᠭᠢᠵᠠᠭᠠᠷᠳᠤ ᠺᠤᠮᠫᠠᠨᠢ᠂ ᠱᠠᠨᠰᠢ ᠨᠠᠭᠦᠷᠠᠰᠤᠨ ᠥᠢᠯᠡᠰ ᠤᠨ ᠭᠢᠮᠢ ᠶᠢᠨ ᠠᠵᠤ ᠥᠢᠯᠡᠳᠪᠤᠷᠢ ᠶᠢᠨ ᠪᠥᠯᠥᠭᠯᠠᠯ ᠤᠨ ᠰᠠᠶᠢᠨᠳᠤᠷ᠎ᠠ ᠶᠢᠨ ᠲᠢᠶᠠᠨ ᠶᠤᠸᠠᠨ ᠭᠢᠮᠢ ᠶᠢᠨ ᠠᠵᠤ ᠥᠢᠯᠠᠳᠪᠤᠷᠢ ᠶᠢᠨ ᠭᠢᠵᠠᠭᠠᠷᠳᠤ ᠺᠤᠮᠫᠠᠨᠢ ᠪᠠ ᠡᠵᠡᠨ ᠬᠤᠷᠤᠭ᠎ᠠ ᠬᠤᠰᠢᠭᠤᠨ ᠤ ᠨᠠᠷᠢᠨᠳᠤᠬᠤᠢ ᠪᠠᠯᠭᠠᠰᠤᠨ ᠤ ᠬᠤᠢ ᠨᠧᠩ ᠨᠠᠭᠦᠷᠠᠰᠤ ᠴᠠᠭᠢᠯᠭᠠᠨ ᠨᠠᠭᠦᠷᠠᠰᠤ ᠭᠢᠮᠢ ᠶᠢᠨ ᠠᠵᠤ ᠥᠢᠯᠡᠳᠪᠤᠷᠢ ᠶᠢᠨ ᠭᠥᠷᠢᠶᠠᠯᠠᠩ ᠲᠤᠭᠤᠷᠢᠭ ᠤᠨ ᠥᠪᠤᠷ ᠮᠤᠩᠭᠤᠯ ᠤᠨ ᠬᠤᠢ ᠨᠧᠩ ᠨᠠᠭᠦᠷᠠᠰᠤ ᠭᠢᠮᠢ ᠶᠢᠨ ᠬᠢᠵᠠᠭᠠᠷᠲᠤ ᠺᠤᠮᠫᠠᠨᠢ᠂ ᠥᠪᠤᠷ ᠮᠤᠩᠭᠤᠯ ᠤᠨ ᠵᠧᠩ ᠨᠧᠩ ᠭᠢᠮᠢ ᠶᠢᠨ ᠠᠵᠤ ᠥᠢᠯᠡᠳᠪᠤᠷᠢ ᠶᠢᠨ ᠪᠥᠯᠥᠭᠯᠠᠯ ᠤᠨ ᠭᠢᠵᠠᠭᠠᠷᠳᠤ ᠺᠤᠮᠫᠠᠨᠢ ᠵᠡᠷᠭᠡ ᠭᠠᠵᠠᠷ ᠢᠶᠠᠷ ᠰᠢᠨᠵᠢᠯᠠᠨ ᠪᠠᠶᠢᠴᠠᠭᠠᠯᠳᠠ ᠭᠢᠵᠤ ᠲᠠᠨᠢᠯᠴᠠᠭᠤᠯᠭ᠎ᠠ ᠶᠢ ᠰᠤᠨᠤᠰᠬᠤ ᠶᠢᠨ ᠬᠠᠮᠲᠤ ᠰᠤᠳᠤᠯᠤᠨ ᠶᠠᠷᠢᠯᠴᠠᠵᠦ ᠡᠯ᠎ᠠ ᠭᠥᠷᠢᠶᠠᠯᠠᠩ ᠲᠤᠭᠤᠷᠢᠭ ᠤᠨ ᠠᠵᠤ ᠠᠬᠤᠶᠢᠯᠠᠯ ᠤᠨ ᠭᠥᠭᠵᠢᠯᠳᠠ ᠶᠢᠨ ᠪᠠᠶᠢᠳᠠᠯ᠂ ᠠᠵᠤ ᠥᠢᠯᠡᠰ ᠤᠨ ᠪᠠᠶᠢᠷᠢᠯᠠᠭᠤᠯᠤᠯᠳᠠ᠂ ᠥᠢᠯᠡᠳᠪᠤᠷᠢᠯᠠᠯ ᠤᠨ ᠡᠵᠡᠩᠨᠠᠯᠳᠠ᠂ ᠡᠨᠧᠷᠬᠢ  ᠠᠷᠪᠢᠯᠠᠯᠳᠠ᠂ ᠴᠢᠳᠠᠪᠤᠷᠢᠳᠠᠨ ᠤ ᠭᠥᠮᠤᠵᠢᠭᠦᠯᠥᠯᠳᠠ᠂ ᠤᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠨᠠᠷᠢᠨ ᠣᠶᠢᠯᠠᠭᠠᠵᠦ ᠭᠥᠷᠢᠶᠠᠯᠠᠩ ᠲᠤᠭᠤᠷᠢᠭ ᠤᠨ ᠠᠵᠤ ᠠᠬᠤᠶᠢᠯᠠᠯ ᠤᠨ ᠠᠵᠤ ᠥᠢᠯᠡᠰ ᠤᠨ ᠭᠡᠯᠭᠢᠶᠠᠵᠢᠯ ᠤᠨ ᠪᠠᠶᠢᠷᠢᠯᠠᠭᠤᠯᠤᠯᠳᠠ ᠶᠢᠨ ᠭᠥᠭᠵᠢᠯᠳᠠ᠂ ᠴᠡᠪᠠᠷ ᠡᠨᠧᠷᠬᠢ ᠶᠢᠨ ᠨᠡᠭᠡᠭᠡᠯᠳᠠ ᠵᠡᠷᠭᠡ ᠲᠠᠯ᠎ᠠ ᠪᠠᠷ ᠬᠢ ᠠᠷᠭ᠎ᠠ ᠪᠠᠷᠢᠯ ᠳᠤ ᠥᠨᠳᠤᠷ ᠥᠨᠠᠯᠠᠯᠳᠠ ᠥᠭᠭᠦᠭᠰᠠᠨ ᠪᠠᠶᠢᠨ᠎ᠠ᠃
      ᠰᠠᠶᠢᠠᠳᠤᠷ᠎ᠠ ᠬᠤᠳᠠ ᠶᠢᠨ ᠵᠢᠨᠵᠢᠷ ᠠᠵᠤ ᠥᠢᠯᠡᠳᠪᠤᠷᠢ ᠶᠢᠨ ᠭᠥᠷᠢᠶᠠᠯᠡᠩ ᠲᠤᠭᠤᠷᠢᠭ ᠤᠨ ᠱᠠᠠᠰᠢ ᠶᠢᠨ ᠪᠸᠢ ᠶᠤᠸᠠᠨ ᠠᠵᠤ ᠥᠢᠯᠡᠳᠪᠤᠷᠢ ᠶᠢᠨ ᠪᠥᠯᠥᠭᠯᠠᠯ ᠤᠨ ᠬᠢᠵᠠᠭᠠᠷᠲᠤ ᠺᠤᠮᠫᠠᠨᠢ᠂ ᠭᠥᠸᠧ ᠷᠥᠩ ᠨᠠᠷᠢᠯᠢᠭ ᠭᠢᠮᠢ ᠶᠢᠨ ᠠᠵᠤ ᠥᠢᠯᠡᠳᠪᠤᠷᠢ ᠶᠢᠨ ᠭᠢᠵᠠᠭᠠᠷᠳᠤ ᠺᠤᠮᠫᠠᠨᠢ ᠳᠤ ᠰᠢᠨᠵᠢᠯᠠᠨ ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠠᠵᠤ ᠠᠬᠤᠶᠢᠯᠠᠯ ᠤᠨ ᠨᠠᠭᠦᠷᠠᠰᠤ ᠭᠢᠮᠢ ᠶᠢᠨ ᠠᠵᠤ ᠥᠢᠯᠠᠳᠪᠤᠷᠢ ᠶᠢᠨ ᠬᠦᠭᠵᠢᠯᠲᠡ ᠶᠢᠨ ᠭᠡᠯᠪᠠᠷᠢ ᠪᠠᠨ ᠬᠤᠪᠢᠷᠠᠭᠤᠯᠤᠨ ᠲᠠᠰ ᠲᠠᠪᠰᠢᠭᠦ ᠭᠥᠭᠵᠢᠯᠳᠠ ᠶᠢᠨ ᠲᠠᠨᠢᠯᠴᠠᠭᠤᠯᠭ᠎ᠠ ᠶᠢ ᠰᠤᠨᠤᠰᠴᠤ ᠠᠵᠤ ᠠᠬᠤᠶᠢᠯᠠᠯ ᠤᠨ ᠬᠠᠷᠢᠭᠤᠴᠠᠯᠭᠠᠳᠠᠨ᠂ ᠮᠠᠷᠭᠡᠵᠢᠯᠳᠠᠨ ᠲᠠᠢ ᠲᠤᠷᠰᠢᠯᠭ᠎ᠠ ᠪᠠᠨ ᠰᠤᠯᠢᠯᠴᠠᠵᠦ ᠨᠠᠭᠦᠷᠠᠰᠤ ᠭᠢᠮᠢ ᠶᠢᠨ ᠠᠵᠤ  ᠦᠢᠯᠡᠳᠪᠤᠷᠢ ᠶᠢᠨ ᠠᠵᠤ ᠥᠢᠯᠡᠰ  ᠤᠨ ᠨᠡᠭᠡᠭᠡᠯᠳᠠ᠂ ᠥᠢᠯᠠᠳᠪᠤᠷᠢᠯᠠᠯ ᠤᠨ ᠮᠡᠷᠭᠡᠵᠢᠯ᠂ ᠠᠵᠤ ᠥᠢᠯᠡᠰ ᠤᠨ ᠭᠡᠯᠬᠢᠶᠡᠵᠢᠯ ᠤᠨ ᠭᠡᠯᠪᠠᠷᠢ ᠮᠠᠶ᠋ᠢᠭ ᠵᠡᠷᠭᠡ ᠲᠠᠯ᠎ᠠ ᠶᠢ ᠤᠶᠢᠯᠠᠭᠠᠭᠰᠠᠨ ᠪᠠᠶᠢᠨ᠎ᠠ᠃ ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠰᠤᠷᠤᠯᠴᠠᠯᠭ᠎ᠠ ᠪᠠᠷ ᠲᠠᠮᠵᠢᠨ ᠠᠵᠢᠯ ᠤᠨ ᠭᠥᠷᠥᠯᠴᠠᠭᠦ ᠥᠭᠡᠢ ᠲᠠᠯ᠎ᠠ ᠪᠠᠨ ᠠᠳᠠᠯᠢᠳᠬᠠᠨ ᠲᠠᠷᠢᠭᠦᠨ ᠤ ᠠᠷᠭ᠎ᠠ ᠲᠤᠷᠰᠢᠯᠭ᠎ᠠ ᠶᠢ ᠰᠤᠯᠢᠯᠴᠠᠵᠦ ᠮᠠᠨ  ᠤ ᠬᠤᠰᠢᠭᠤᠨ ᠤ ᠨᠠᠭᠦᠷᠠᠰᠤ ᠭᠢᠮᠢ ᠶᠢᠨ ᠠᠵᠤ ᠥᠢᠯᠡᠰ ᠤᠨ ᠭᠥᠭᠵᠢᠯᠳᠠ ᠳᠤ ᠵᠠᠮ ᠡᠷᠢᠨ ᠡᠭᠢ ᠪᠠᠶᠠᠯᠢᠭ ᠤᠨ ᠨᠡᠭᠡᠭᠡᠯᠳᠠ ᠶᠢ ᠵᠠᠬ᠎ᠠ ᠲᠠᠯᠭᠡᠭᠦᠷᠵᠢᠬᠦᠯᠬᠦ᠂ ᠡᠭᠢ ᠪᠠᠶᠠᠯᠢᠭ ᠤᠨ ᠬᠡᠷᠡᠭᠯᠡᠯᠲᠡ ᠶᠢ ᠠᠵᠤ ᠥᠢᠯᠡᠰᠵᠢᠭᠦᠯᠬᠦ᠂ ᠡᠭᠢ ᠪᠠᠶᠠᠯᠢᠭ ᠤᠨ ᠥᠷ᠎ᠠ ᠠᠰᠢᠭ ᠤᠯᠬᠤ᠂ ᠡᠭᠢ ᠪᠠᠶᠠᠯᠢᠭ ᠤᠨ ᠠᠰᠢᠭᠯᠠᠯᠳᠠ ᠶᠢ ᠥᠷᠭᠦᠯᠵᠢᠯᠡᠬᠦᠯᠬᠦ ᠶᠢ ᠴᠢᠷᠮᠠᠶᠢᠨ ᠪᠠᠶᠠᠯᠠᠭᠦᠯᠬᠦ ᠭᠡᠷᠡᠭᠳᠠᠢ ᠭᠡᠵᠡᠢ᠃
     ᠡᠷᠳᠡᠨᠢᠪᠢᠯᠢᠭ ᠰᠢᠨᠵᠢᠯᠠᠨ ᠪᠠᠶᠢᠴᠠᠭᠠᠯᠳᠠ ᠲᠤᠮᠳᠠ ᠭᠡᠯᠡᠭᠦ ᠳᠤ ᠪᠠᠨ᠂ ᠨᠠᠭᠦᠷᠠᠰᠤ ᠭᠢᠮᠢ ᠶᠢᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠳᠠ ᠪᠤᠯ ᠥᠥᠰᠢᠨ ᠬᠤᠰᠢᠭᠤᠨ ᠤ ᠡᠭᠢ ᠪᠠᠶᠠᠯᠢᠭ  ᠤᠨ ᠲᠠᠪᠠᠭᠤᠯᠢᠭ ᠢ ᠪᠠᠳᠠᠷᠠᠭᠤᠯᠬᠤ᠂ ᠭᠡᠯᠪᠠᠷᠢ ᠪᠠᠨ ᠬᠤᠪᠢᠷᠠᠭᠤᠯᠤᠭᠰᠠᠨ ᠭᠥᠭᠵᠢᠯᠳᠠ ᠶᠢ ᠪᠡᠶᠡᠯᠡᠬᠦᠯᠬᠦ ᠪᠤᠯᠤᠨ ᠭᠠᠵᠠᠷ ᠤᠷᠤᠨ ᠤ ᠥᠷᠢᠰᠤᠯᠳᠤᠭᠦ ᠭᠥᠴᠤᠨ ᠢ ᠲᠠᠭᠡᠭᠰᠢᠯᠡᠭᠦᠯᠭᠦ ᠴᠢᠬᠤᠯᠠ ᠲᠠᠪᠴᠠᠩ ᠪᠤᠯᠤᠨ᠎ᠠ ᠭᠡᠵᠡᠢ᠃ ᠲᠠᠷᠠ ᠴᠢᠬᠤᠯᠠᠴᠢᠯᠠᠬᠤ ᠳᠤ ᠪᠠᠨ᠂ ᠭᠥᠷᠢᠶᠠᠯᠠᠩ ᠲᠤᠭᠤᠷᠢᠭ ᠤᠨ ᠬᠠᠮᠢᠶᠠᠷᠤᠯᠳᠠ ᠶᠢᠨ ᠵᠥᠪᠯᠠᠯ ᠨᠢ ᠡᠵᠡᠩᠨᠠᠯᠳᠠ ᠬᠤᠳᠠᠯᠳᠤᠭᠠᠨ ᠤ ᠤᠷᠴᠢᠨ ᠢ ᠰᠢᠯᠢᠳᠡᠭᠵᠢᠬᠦᠯᠦᠨ ᠰᠢᠯᠢᠳᠡᠭ ᠥᠢᠯᠡᠴᠢᠯᠡᠭᠡ ᠬᠠᠩᠭᠠᠵᠤ ᠨᠠᠭᠦᠷᠠᠰᠤ ᠭᠢᠮᠢ ᠶᠢᠨ ᠠᠵᠤ ᠥᠢᠯᠡᠳᠪᠤᠷᠢ ᠶᠢᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠳᠠ ᠶᠢᠨ ᠠᠯᠬᠤᠴᠠ ᠶᠢ ᠲᠥᠷᠭᠡᠳᠭᠡᠭᠦ ᠭᠡᠷᠡᠭᠳᠠᠢ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠲᠡᠭᠡᠭᠰᠢᠯᠡᠭᠦᠯᠤᠨ ᠪᠤᠭᠢᠷᠳᠤᠯ ᠥᠭᠡᠢ ᠭᠥᠭᠵᠢᠯᠳᠠ ᠶᠢᠨ ᠤᠨᠤᠯᠵᠢᠭᠤᠨ ᠢ ᠪᠠᠷᠢᠮᠳᠠᠯᠠᠵᠦ ᠠᠮᠢ ᠠᠬᠤᠢ ᠶᠢᠨ ᠬᠠᠮᠠᠭᠠᠯᠠᠯᠲᠠ ᠪᠤᠯᠤᠨ ᠠᠵᠤ ᠠᠬᠤᠢ ᠶᠢᠨ ᠭᠥᠭᠵᠢᠯᠳᠠ ᠶᠢᠨ ᠬᠤᠤᠰ ᠠᠰᠢᠭ ᠭᠥᠷᠳᠡᠭᠦ ᠶᠢ ᠪᠠᠶᠠᠯᠠᠭᠦᠯᠬᠦ ᠭᠡᠷᠡᠭᠳᠠᠢ ᠭᠡᠵᠡᠢ᠃
     ᠪᠠᠶᠢᠴᠠᠭᠠᠨ ᠰᠤᠷᠤᠯᠴᠠᠯᠭ᠎ᠠ ᠪᠠᠷ ᠲᠠᠮᠵᠢᠭᠠᠳ ᠤᠯᠠᠨ ᠢᠶᠠᠷ ᠢᠶᠠᠨ ᠲᠤᠰ ᠤᠳᠠᠭᠠᠨ ᠤ ᠰᠤᠷᠤᠯᠴᠠᠯᠭ᠎ᠠ ᠨᠢ ᠮᠠᠨ  ᠤ ᠬᠤᠰᠢᠭᠤᠨ ᠤ ᠠᠵᠤ ᠥᠢᠯᠡᠰ ᠤᠨ ᠬᠦᠭᠵᠢᠯᠲᠡ ᠶᠢᠨ ᠭᠡᠯᠪᠠᠷᠢ ᠪᠠᠨ ᠬᠤᠪᠢᠷᠠᠭᠤᠯᠬᠤ᠂ ᠠᠵᠤ ᠥᠢᠯᠠᠳᠪᠤᠷᠢ ᠶᠢᠨ ᠭᠥᠷᠢᠶᠠᠯᠠᠩ ᠲᠤᠭᠤᠷᠢᠭ ᠤᠨ ᠲᠥᠯᠥᠪᠵᠢᠭᠦᠯᠭᠡ ᠬᠠᠮᠢᠶᠠᠷᠤᠯᠳᠠ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠵᠠᠰᠠᠨ ᠴᠡᠭᠴᠡᠯᠠᠯᠳᠠ ᠵᠡᠷᠭᠡ ᠲᠠᠯ᠎ᠠ ᠳᠤ ᠶᠡᠭᠡ ᠤᠯᠤᠯᠳᠠ ᠲᠠᠢ ᠭᠡᠵᠤ ᠥᠵᠡᠵᠡᠢ᠃ ᠡᠷᠳᠡᠨᠢᠪᠢᠯᠢᠭ ᠴᠢᠬᠤᠯᠠᠴᠢᠯᠠᠬᠤ ᠳᠤ ᠪᠠᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠥᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ᠤᠶᠢᠷ᠎ᠠ ᠬᠠᠪᠢ ᠶᠢᠨ ᠭᠠᠵᠠᠷ ᠤᠷᠤᠨ ᠤ ᠲᠠᠷᠢᠭᠦᠨ ᠤ ᠠᠷᠭ᠎ᠠ ᠲᠤᠷᠰᠢᠯᠭ᠎ᠠ ᠶᠢ ᠬᠢᠨᠠᠮᠠᠭᠠᠢ ᠰᠤᠷᠤᠯᠴᠠᠨ ᠮᠠᠨ ᠤ ᠬᠤᠰᠢᠭᠤᠨ ᠤ ᠠᠵᠤ ᠥᠢᠯᠡᠳᠪᠤᠷᠢ ᠶᠢᠨ ᠭᠥᠷᠢᠶᠠᠯᠠᠩ ᠲᠤᠭᠤᠷᠢᠭ ᠪᠤᠯᠤᠨ ᠠᠵᠤ ᠥᠢᠯᠡᠳᠪᠤᠷᠢ ᠶᠢᠨ ᠭᠥᠭᠵᠢᠯᠳᠠ ᠶᠢᠨ ᠲᠥᠯᠥᠪᠯᠡᠭᠡ ᠲᠥᠯᠥᠪᠵᠢᠭᠦᠯᠭᠡ ᠶᠢ ᠰᠠᠶᠢᠨ ᠭᠢᠵᠤ ᠠᠵᠤ ᠥᠢᠯᠡᠰ ᠤᠨ ᠭᠡᠯᠭᠢᠶᠠᠵᠢᠯ ᠢ ᠤᠷᠳᠤᠳᠬᠠᠨ ᠪᠥᠳᠥᠭᠡᠭᠳᠡᠭᠦᠨ ᠤ ᠨᠠᠮᠠᠯᠳᠠ ᠥᠷᠳᠡᠭ ᠢ ᠲᠡᠭᠡᠭᠰᠢᠯᠡᠭᠦᠯᠵᠤ ᠠᠵᠤ ᠠᠬᠤᠶᠢᠯᠠᠯ ᠤᠨ ᠬᠠᠮᠢᠶᠠᠷᠤᠯᠳᠠ ᠶᠢᠨ ᠭᠢᠷᠢ ᠲᠥᠪᠰᠢᠨ ᠢ ᠲᠡᠭᠡᠭᠰᠢᠯᠡᠭᠦᠯᠤᠨ ᠭᠥᠷᠢᠶᠠᠯᠠᠩ ᠲᠤᠭᠤᠷᠢᠭ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠠᠰᠠᠨ ᠴᠡᠭᠴᠡᠯᠠᠯᠳᠠ ᠪᠤᠯᠤᠨ ᠠᠶᠤᠯᠭᠦᠢ ᠥᠢᠯᠡᠳᠪᠤᠷᠢᠯᠠᠯ ᠤᠨ ᠠᠵᠢᠯ ᠢ ᠴᠢᠩᠭᠠᠳᠬᠠᠵᠦ ᠠᠮᠢ ᠠᠬᠤᠢ ᠶᠢᠨ ᠭᠥᠷᠢᠶᠠᠯᠠᠩ ᠲᠤᠭᠤᠷᠢᠭ᠂ ᠪᠤᠭᠢᠷᠳᠤᠯ ᠥᠭᠡᠢ ᠥᠢᠯᠡᠳᠪᠤᠷᠢ ᠶᠢ ᠪᠠᠶᠢᠭᠤᠯᠤᠨ ᠨᠤᠮᠢᠨ ᠲᠠᠩᠰᠤᠭ ᠥᠥᠰᠢᠨ ᠤ ᠰᠢᠨ᠎ᠠ ᠴᠠᠭ ᠥᠶ᠎ᠠ  ᠳᠤ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠶᠢ ᠠᠭᠢᠭᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号