ᠮᠠᠯᠴᠢᠳ ᠤᠨ ᠲᠡᠵᠢᠭᠡᠨ ᠦᠷᠡᠵᠢᠬᠦᠯᠬᠦ ᠠᠷᠭ᠎ᠠ ᠲᠤᠷᠰᠢᠯᠭ᠎ᠠ ᠶᠢ ᠲᠡᠭᠡᠭᠰᠢᠯᠡᠬᠦᠯᠦᠨ ᠰᠢᠨᠵᠢᠯᠡᠬᠦ ᠤᠬᠠᠭᠠᠨᠴᠢ | ᠪᠠᠷ ᠮᠠᠯᠵᠢᠬᠤ ᠮᠡᠷᠭᠡᠵᠢᠯ ᠢ ᠰᠤᠷᠤᠯᠴᠠᠵᠤ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠶᠢᠨ ᠲᠦᠯᠦᠭᠡ ᠣᠶᠢᠷ᠎ᠠ ᠳᠤ | ᠰᠦᠯᠳᠡ ᠰᠤᠮᠤᠨ ᠤ ᠲᠠᠯ᠎ᠠ ᠶᠢᠨ ᠤᠰᠤ ᠭᠠᠴᠠᠭ᠎ᠠ ᠰᠢᠨᠵᠢᠯᠠᠬᠦ ᠤᠬᠠᠭᠠᠨᠴᠢ ᠪᠠᠷ ᠮᠠᠯᠵᠢᠬᠤ ᠮᠡᠷᠭᠡᠵᠢᠯ ᠤᠨ | ᠪᠤᠯᠪᠠᠰᠤᠷᠠᠯ ᠢ ᠡᠷᠬᠢᠯᠡᠨ ᠬᠢᠵᠦ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠡᠳ᠋ | ᠫᠷᠤᠹᠧᠰᠰᠤᠷ ᠨᠠᠷᠠᠨᠮᠠᠨᠳᠤᠬᠤ ᠪᠠᠭᠰᠢ ᠶᠢ ᠤᠷᠢᠨ ᠬᠢᠴᠢᠶᠡᠯᠯᠡᠬᠦᠯᠦᠭᠰᠡᠨ ᠪᠠᠶᠢᠨ᠎ᠠ᠃ | ᠨᠠᠷᠠᠨᠮᠠᠨᠳᠤᠬᠤ ᠪᠠᠭᠰᠢ ᠠᠴᠠ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠮᠠᠯ ᠤᠨ ᠬᠠᠰᠢᠶ᠎ᠠ ᠬᠤᠷᠢᠶ᠎ᠠ ᠶᠢᠨ | ᠪᠠᠶᠢᠴᠠ ᠶᠢ ᠲᠤᠬᠢᠷᠠᠭᠤᠯᠬᠤ ᠵᠢᠴᠢ ᠴᠡᠪᠡᠷ ᠠᠷᠢᠭᠤᠨ ᠢ ᠪᠠᠲᠤᠯᠠᠬᠤ᠂ ᠦᠬᠡᠷ ᠪᠠ ᠮᠢᠬᠠᠨ ᠬᠤᠨᠢ ᠶᠢ ᠲᠡᠵᠢᠭᠡᠨ | ᠠᠷᠠᠴᠢᠯᠠᠵᠤ ᠬᠠᠮᠢᠶᠠᠷᠬᠤ᠂ ᠦᠭᠡᠷ ᠬᠤᠨᠢᠨ ᠤ ᠬᠡᠮ ᠬᠢᠵᠢᠭ ᠢ ᠰᠡᠷᠭᠡᠶᠢᠯᠡᠬᠦ᠂ ᠬᠢᠵᠢᠭ ᠢ ᠰᠡᠷᠬᠡᠶᠢᠯᠡᠬᠦ ᠡᠮ ᠢ ᠬᠡᠷᠬᠢᠨ | ᠰᠤᠩᠭᠤᠨ ᠬᠡᠷᠡᠭᠯᠡᠬᠦ᠂ ᠲᠡᠵᠢᠭᠡᠯ ᠪᠤᠷᠳᠤᠭ᠎ᠠ ᠶᠢ ᠲᠡᠩᠴᠡᠭᠦᠯᠬᠦ ᠵᠡᠷᠭᠡ ᠤᠯᠠᠨ ᠲᠠᠯ᠎ᠠ ᠳᠤ ᠨᠠᠷᠢᠨ ᠲᠠᠶᠢᠯᠪᠤᠷᠢᠯᠠᠯᠲᠠ | ᠬᠢᠵᠤ᠂ ᠮᠠᠯᠴᠢᠳ ᠤᠨ ᠤᠳᠤᠬᠢ ᠶᠢᠨ ᠮᠠᠯᠵᠢᠬᠤ ᠦᠢᠯᠡᠳᠪᠦᠷᠢᠯᠡᠯ ᠲᠤᠮᠳᠠᠬᠢ ᠤᠷᠤᠰᠢᠵᠤ ᠪᠠᠶᠢᠭ᠎ᠠ ᠬᠦᠷᠦᠯᠴᠡᠬᠦ | ᠦᠭᠡᠢ ᠪᠠᠶᠢᠳᠠᠯ ᠢ ᠲᠤᠰᠬᠠᠵᠤ ᠵᠠᠳᠠᠯᠤᠯᠲᠠ ᠬᠢᠭᠰᠡᠨ ᠪᠠᠶᠢᠨ᠎ᠠ᠃ |