| | | | | ᠤᠢᠢᠷ᠎ᠠ ᠶᠢᠨ ᠡᠳᠦᠷ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ | ᠲᠢᠩᠭᠢᠮ ᠠᠴᠠ ᠡᠷᠬᠢᠯᠡᠭᠰᠡᠨ ︽ᠨᠠᠷᠠᠨ ᠬᠡᠷᠡᠯ ᠤᠨ ᠲᠤᠤᠷᠠᠬᠢ ᠦᠰᠦᠨ ᠪᠤᠶᠢᠵᠢᠯᠲᠡ︾ ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠵᠢᠷᠭᠤᠳᠤᠭᠠᠷ ᠬᠤᠭᠤᠴᠠᠭᠠᠨ ᠤ ᠲᠤᠮᠲᠠᠲᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠤᠷᠠᠯᠢᠭ ᠤᠨ ᠦᠵᠡᠬᠦᠯᠬᠡ ᠬᠦᠬᠡᠬᠤᠳᠠ ᠳᠤ ᠵᠢᠩᠭᠢᠨᠢ ᠪᠠᠷ ᠡᠬᠢᠯᠡᠪᠡ᠃ ᠦᠦᠰᠢᠨ ᠬᠤᠰᠢᠭᠤᠨ ᠤ | ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠶᠢᠨ ︽ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ︾ ᠤᠨ | ᠠᠵᠢᠯ ᠤᠨ ᠦᠷᠦᠬᠡ ᠨᠢ ᠲᠤᠰ ᠦᠵᠡᠬᠦᠯᠬᠡ ᠳᠤ ᠤᠷᠤᠯᠴᠠᠭᠠᠳ ᠡᠯ᠎ᠡ ᠤᠳᠤᠷᠢᠳᠤᠯᠭ᠎ᠠ᠂ ᠨᠡᠶᠢᠬᠡᠮ ᠤᠨ ᠡᠳᠡᠬᠡᠳ᠂ | ᠠᠬ᠎ᠠ ᠲᠡᠬᠦᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠦᠨᠳᠦᠷ ᠦᠨᠡᠯᠡᠯᠲᠡ ᠶᠢ ᠤᠯᠵᠤ ᠨᠢᠬᠡᠳᠦᠬᠡᠷ ᠲᠡᠰ ᠤᠨ | ᠱᠠᠩᠨᠠᠯ ᠬᠦᠷᠳᠡᠪᠡ᠃ | ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠨᠢ ᠬᠢᠴᠢᠶᠠᠯ ᠬᠦᠮᠦᠵᠢᠯ ᠢᠶᠠᠨ ᠰᠠᠭᠤᠷᠢ ᠬᠢᠴᠢᠶᠠᠯ᠂ | ᠦᠷᠭᠡᠳᠬᠡᠯ ᠬᠢᠴᠢᠶᠠᠯ᠂ ᠨᠡᠶᠢᠳᠬᠡᠭᠰᠡᠨ ᠬᠢᠴᠢᠶᠠᠯ ᠪᠠ ᠤᠯᠠᠮᠵᠢᠯᠠᠯᠲᠤ ᠬᠢᠴᠢᠶᠠᠯ ᠬᠡᠮᠡᠨ ᠬᠤᠪᠢᠶᠠᠵᠤ᠂ ᠬᠢᠴᠢᠶᠠᠯ | ᠲᠦᠷᠦᠯ ᠤᠨ ᠤᠯᠠᠨ ᠶᠠᠩᠵᠤᠲᠤ ᠴᠢᠨᠠᠷ ᠢ ᠪᠠᠲᠤᠯᠠᠨ ᠰᠤᠷᠤᠭᠴᠢ ᠨᠢᠬᠡᠪᠦᠷᠢ ᠶᠢᠨ ᠪᠦᠬᠦ ᠲᠠᠯ᠎ᠠ ᠶᠢᠨ ᠬᠦᠭᠵᠢᠯᠲᠡ ᠳᠤ | ᠦᠢᠯᠡᠴᠢᠯᠡᠵᠦ ᠪᠠᠶᠢᠳᠠᠭ᠃ ︽ᠦᠨᠳᠦᠰᠦᠲᠡᠨ ᠤ ᠰᠢᠯᠢᠳᠡᠭ ᠰᠤᠶᠤᠯ ᠢᠶᠠᠨ ᠬᠦᠭᠵᠢᠬᠦᠯᠦᠨ ᠵᠠᠯᠭᠠᠮᠵᠢᠯᠠᠬᠤ︾ ᠪᠤᠯ | ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠶᠢᠨ ᠦᠪᠡᠷᠮᠢᠴᠡ ᠤᠨᠴᠠᠯᠢᠬ ᠪᠢᠯᠡ᠃ ᠲᠤᠰ ᠰᠤᠷᠭᠠᠭᠤᠯᠢ ᠨᠢ | ᠤᠯᠠᠮᠵᠢᠯᠠᠯᠲᠤ ᠬᠢᠴᠢᠶᠠᠯ ᠳᠡᠭᠡᠨ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠢ ᠲᠤᠬᠢᠷᠠᠭᠤᠯᠤᠨ᠂ | ᠰᠤᠷᠭᠠᠭᠤᠯᠢ ᠶᠢᠨ ᠬᠢᠴᠢᠶᠡᠯᠯᠡᠭᠡ ᠳᠤ ᠠᠭᠤᠰᠬᠠᠨ ᠤᠷᠤᠭᠤᠯᠵᠤ᠂ ᠦᠨᠳᠦᠰᠦᠲᠡᠨ ᠤ ᠰᠢᠯᠢᠳᠡᠭ ᠤᠯᠠᠮᠵᠢᠯᠠᠯ ᠢ | ᠰᠤᠷᠤᠭᠴᠢᠳ ᠲᠠᠭᠠᠨ ᠦᠪᠯᠡᠨ ᠵᠠᠯᠭᠠᠮᠵᠢᠯᠠᠭᠤᠯᠳᠠᠭ᠃ ᠤᠯᠠᠮᠵᠢᠯᠠᠯᠲᠤ ᠬᠢᠴᠢᠶᠠᠯ ᠳᠤ ᠰᠤᠷ ᠡᠳ᠋ᠯᠡᠯ ︵ᠲᠠᠰᠢᠭᠤᠷ | ᠬᠦᠷᠦᠬᠦ︶ ᠪᠠ ᠬᠠᠳᠬᠤᠮᠠᠯ ᠢ ᠵᠢᠭᠠᠵᠤ᠂ ᠭᠤᠤᠯᠳᠠᠭᠤ ᠲᠡᠭᠡᠷ᠎ᠠ ᠤᠨ ᠤ ᠬᠡᠦᠬᠡᠳ ᠤᠳ ᠭᠤᠤᠯᠴᠢᠯᠠᠨ ᠤᠷᠤᠯᠴᠠᠵᠤ᠂ | ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠵᠠᠯᠭᠠᠮᠵᠢᠯᠠᠭᠴᠢ ᠶᠢ ᠤᠷᠢᠵᠤ ᠬᠢᠴᠢᠶᠡᠯᠯᠡᠭᠡ ᠬᠢᠬᠦ ᠶᠢᠨ ᠬᠠᠮᠳᠤ | ᠭᠠᠷᠠᠭ ᠪᠦᠷᠢ ᠲᠤᠭᠳᠠᠭᠰᠠᠨ ᠴᠠᠭ ᠲᠠᠢ ᠬᠢᠴᠢᠶᠡᠯᠯᠡᠳᠡᠭ ᠪᠠᠶᠢᠨ᠎ᠠ᠃ | ᠪᠠᠶᠠᠨᠨᠠᠭᠤᠷ ᠬᠤᠳᠠᠨ ᠳᠤ ᠪᠤᠯᠤᠭᠰᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠢᠷᠭᠤᠳᠤᠭᠠᠷ | ᠬᠤᠭᠤᠴᠠᠭᠠᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠨᠠᠶᠢᠷ᠂ ᠤᠷᠠᠯᠢᠭ ᠤᠨ | ᠦᠢᠯᠡᠳᠦᠯᠬᠡ ᠶᠢᠨ ᠲᠡᠯᠬᠡᠨ ᠦᠵᠡᠬᠦᠯᠬᠡ ᠶᠢᠨ ᠠᠵᠢᠯᠯᠠᠭ᠎ᠠ ᠳᠤ ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠶᠢᠨ | ᠪᠠᠭᠰᠢ ᠰᠤᠷᠤᠭᠴᠢ ᠶᠢᠨ ᠲᠦᠯᠦᠬᠡᠯᠡᠭᠴᠢ ᠶᠢᠨ ᠪᠦᠯᠬᠦᠮ ᠤᠷᠤᠯᠴᠠᠭᠠᠳ ᠨᠡᠶᠢᠬᠡᠮ ᠤᠨ ᠡᠯ᠎ᠡ ᠡᠳᠡᠭᠡᠳ ᠤᠨ ᠬᠢᠨ ᠤ | ᠦᠨᠳᠦᠷ ᠦᠨᠡᠯᠡᠯᠳᠡ ᠶᠢ ᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠢᠷᠭᠤᠳᠤᠭᠠᠷ | ᠬᠤᠭᠤᠴᠠᠭᠠᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠵᠡᠬᠦᠯᠬᠡ ᠳᠤ | ᠤᠷᠤᠯᠴᠠᠬᠤ ᠬᠢᠷᠢ ᠬᠡᠮ ᠢ ᠤᠯᠤᠭᠰᠠᠨ ᠪᠠᠶᠢᠨ᠎ᠠ᠃ ᠡᠬᠦᠨ ᠤ ᠲᠠᠷᠠᠭ᠎ᠠ ᠬᠦᠬᠡᠬᠤᠳᠠ ᠳᠤ ᠪᠤᠯᠤᠭᠰᠠᠨ ᠦᠪᠦᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠢᠷᠭᠤᠳᠤᠭᠠᠷ ᠬᠤᠭᠤᠴᠠᠭᠠᠨ ᠤ ᠲᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠤᠷᠠᠯᠢᠭ ᠤᠨ ᠦᠵᠡᠬᠦᠯᠬᠡ ᠳᠤ ᠲᠤᠰ ᠰᠤᠷᠭᠠᠭᠤᠯᠢ ᠶᠢᠨ ᠪᠠᠭᠰᠢ ᠰᠤᠷᠤᠭᠴᠢ ᠶᠢᠨ | ᠲᠦᠯᠦᠬᠡᠯᠡᠭᠴᠢ ᠶᠢᠨ ᠪᠦᠯᠬᠦᠮ ᠤᠷᠤᠯᠴᠠᠵᠤ᠂ ᠦᠪᠡᠷ ᠤᠨ ᠪᠦᠲᠦᠬᠡᠯ ᠢᠶᠠᠷ ᠢᠶᠠᠨ ᠬᠠᠷᠠᠭ᠎ᠠ ᠪᠤᠯᠢᠶᠠᠨ | ᠦᠨᠳᠦᠰᠦᠲᠡᠨ ᠤ ᠭᠠᠷ ᠤᠷᠠᠯᠠᠯ ᠢᠶᠠᠷ ᠢᠶᠠᠨ ᠤᠯᠠᠨ ᠳᠤ ᠭᠠᠶᠢᠬᠠᠭᠳᠠᠵᠤ᠂ ᠤᠷᠤᠨ ᠤ ᠰᠤᠷᠭᠠᠨ ᠬᠦᠮᠦᠵᠢᠯ ᠤᠨ | ᠲᠢᠩᠭᠢᠮ ᠤᠨ ᠦᠨᠳᠦᠷ ᠦᠨᠡᠯᠡᠯᠲᠡ᠂ ᠨᠡᠶᠢᠬᠡᠮ ᠤᠨ ᠡᠯ᠎ᠡ ᠡᠳᠡᠭᠡᠳ ᠤᠨ ᠲᠠᠭᠠᠰᠢᠶᠠᠯ ᠢ ᠤᠯᠵᠤ᠂ ᠲᠤᠰ | ᠬᠢᠴᠢᠶᠡᠯᠯᠡᠭᠡ ᠪᠠᠨ ᠦᠷᠬᠦᠯᠵᠢᠯᠡᠨ ᠶᠠᠪᠤᠭᠳᠠᠭᠤᠯᠬᠤ ᠳᠤ ᠤᠯᠠᠮ ᠢᠳᠡᠬᠡᠯ ᠲᠡᠬᠦᠯᠳᠡᠷ ᠪᠤᠯᠤᠭᠰᠠᠨ ᠪᠠᠶᠢᠨ᠎ᠠ᠃ | | | | | | | | |