ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠪᠥᠭᠦ ᠤᠯᠤᠰ ᠤᠨ ᠬᠤᠰᠢᠭᠤ ᠰᠢᠶᠠᠨ ᠤ ᠲᠠᠰ ᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠬᠤᠳᠠ ᠪᠠᠯᠭᠠᠰᠤᠨ ᠤ ᠪᠥᠳᠥᠭᠡᠨ ᠪᠠᠶᠢᠭᠤᠯᠤᠯᠳᠠ ᠪᠤᠯᠤᠨ ᠢᠳᠡᠭᠡᠨ ᠤᠮᠳᠠᠭᠠᠨ ᠤ ᠠᠶᠤᠯᠭᠦᠢ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018-12-07
     12 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠪᠥᠭᠦ ᠤᠯᠤᠰ ᠤᠨ ᠬᠤᠰᠢᠭᠤ ᠰᠢᠶᠠᠨ ᠤ ᠲᠠᠰ ᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ᠂ ᠬᠤᠳᠠ ᠪᠠᠯᠭᠠᠰᠤᠨ ᠤ ᠪᠥᠳᠥᠭᠡᠨ ᠪᠠᠶᠢᠭᠤᠯᠤᠯᠳᠠ ᠪᠤᠯᠤᠨ ᠢᠳᠡᠭᠡᠨ ᠣᠮᠳᠠᠭᠠᠨ ᠤ ᠠᠶᠤᠯᠭᠦᠢ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠳᠡᠳ᠋ ᠳᠠᠷᠤᠭ᠎ᠠ ᠵᠸᠤ ᠱᠤᠸᠠᠢ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠤᠶᠤᠨ ᠤ ᠪᠤᠯᠪᠠᠰᠤᠨ ᠤ ᠠᠯᠪᠠᠨ ᠭᠡᠷ᠂ ᠤᠷᠤᠨ ᠰᠠᠭᠤᠴᠠ ᠪᠤᠯᠤᠨ ᠬᠤᠳᠠ ᠬᠦᠳᠡᠭᠡ ᠶᠢᠨ ᠲᠦᠯᠦᠪᠵᠢᠬᠦᠯᠬᠡ ᠪᠥᠳᠥᠭᠡᠨ ᠪᠠᠶᠢᠭᠤᠯᠤᠯᠳᠠ ᠶᠢᠨ ᠲᠤᠪᠴᠢᠶ᠎ᠠ᠂ ᠬᠠᠤᠯᠢ ᠭᠡᠷᠡᠭᠵᠢᠭᠦᠯᠭᠦ ᠲᠤᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃
     ᠵᠤᠤ ᠹᠸᠢ ᠯᠤ᠋ ᠨᠠᠷ ᠤᠷᠢᠳ ᠬᠤᠵᠢᠳ ᠣᠢ ᠶᠢᠨ ᠰᠡᠬᠦᠳᠡᠷᠲᠤ ᠵᠠᠮ᠂ ᠲᠥᠭᠡᠭᠡᠯ ᠤᠰᠤᠨ ᠤ ᠥᠢᠯᠡᠳᠪᠤᠷᠢ  ᠶᠢᠨ ᠤᠰᠤᠨ ᠰᠤᠷᠪᠤᠯᠵᠢ ᠶᠢᠨ ᠭᠠᠵᠠᠷ᠂ ᠯᠢᠤᠢ ᠶᠤᠸᠠᠨ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠭᠦᠷ᠂ ᠸᠠᠨ ᠯᠢ ᠰᠠᠭᠤᠭᠠᠯᠢ ᠲᠤᠭᠤᠷᠢᠭ᠂ ᠪᠥᠸᠧ ᠵᠢᠤᠸᠠᠢ ᠭᠥᠩ ᠭᠤᠸᠠᠨ᠂ ᠬᠤᠶᠢᠳᠤ ᠲᠤᠯᠠᠭᠠᠯᠠᠭ᠎ᠠ ᠶᠢᠨ ᠥᠷᠳᠡᠭᠡ᠂ ᠰᠢᠨ ᠴᠧᠩ ᠰᠠᠭᠤᠭᠠᠯᠢ ᠲᠤᠭᠤᠷᠢᠭ ᠵᠡᠷᠭᠡ ᠭᠠᠵᠠᠷ ᠢᠶᠠᠷ ᠬᠦᠷᠴᠤ ᠵᠠᠮ ᠤᠨ ᠳ᠋ᠧᠩ ᠤᠨ ᠡᠨᠧᠷᠬᠢ ᠠᠷᠪᠢᠯᠠᠯᠳᠠ ᠶᠢᠨ ᠥᠭᠡᠷᠡᠴᠢᠯᠠᠯᠳᠠ᠂ ᠬᠤᠳᠠ ᠪᠠᠯᠭᠠᠰᠤᠨ ᠤ ᠤᠤᠭᠤᠬᠤ ᠤᠰᠤᠨ ᠤ ᠠᠮᠤᠷ ᠲᠥᠪᠰᠢᠨ᠂ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠭᠦᠷ ᠤᠨ ᠬᠠᠮᠢᠶᠠᠷᠤᠯᠳᠠ᠂ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠶᠠᠷᠤᠩᠭᠡᠶᠢᠯᠠᠨ ᠴᠡᠭᠴᠡᠯᠠᠭᠦ ᠂ ᠵᠠᠭᠡᠯᠢ ᠭᠤᠳᠤᠮᠵᠢ ᠶᠢᠨ ᠬᠠᠳᠠᠭᠤᠵᠢᠭᠤᠯᠤᠯᠳᠠ ᠵᠠᠷᠭᠡ ᠶᠢᠨ ᠥᠭᠡᠷᠡᠴᠢᠯᠠᠯᠳᠠ ᠶᠢ ᠪᠠᠶᠢᠴᠠᠭᠠᠨ ᠥᠵᠠᠵᠤ ᠬᠤᠯᠪᠤᠭᠳᠠᠯ ᠪᠥᠭᠦᠢ ᠬᠠᠷᠢᠭᠤᠴᠠᠯᠭᠠᠳᠠᠨ ᠤ ᠠᠵᠢᠯ ᠤᠨ ᠬᠠᠷᠢᠭᠤ ᠮᠡᠳᠡᠭᠦᠯᠥᠯᠳᠠ ᠶᠢ ᠰᠤᠨᠤᠰᠬᠤ ᠶᠢᠨ ᠬᠠᠮᠳᠤ ᠴᠡᠭᠴᠡᠯᠠᠨ ᠰᠠᠶᠢᠵᠢᠷᠠᠭᠤᠯᠬᠤ ᠠᠷᠭ᠎ᠠ ᠭᠡᠮᠵᠢᠶ᠎ᠠ ᠶᠢ ᠰᠤᠳᠤᠯᠤᠭᠰᠠᠨ ᠪᠠᠶᠢᠨ᠎ᠠ᠃
    ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ ᠤᠤᠭᠤᠬᠤ ᠤᠰᠤᠨ ᠤ ᠡᠭᠢ ᠰᠤᠷᠪᠤᠯᠵᠢ ᠶᠢᠨ ᠭᠠᠵᠠᠷ ᠪᠤᠯ ᠬᠤᠳᠠ ᠪᠠᠯᠭᠠᠰᠤᠨ ᠤ ᠴᠢᠬᠤᠯᠠ ᠠᠶᠤᠯᠭᠦᠢ ᠶᠢᠨ ᠰᠠᠭᠤᠷᠢ ᠲᠥᠭᠦᠭᠡᠷᠤᠮᠵᠢ ᠪᠠᠶᠢᠵᠦ ᠤᠤᠭᠤᠬᠤ ᠤᠰᠤᠨ ᠤ ᠠᠮᠤᠷ ᠲᠥᠪᠰᠢᠨ ᠪᠠᠶᠢᠬᠤ ᠨᠢ ᠤᠯᠠᠨ ᠲᠥᠮᠡᠨ ᠤ ᠲᠤᠰ ᠪᠠᠶ᠎ᠠ ᠶᠢᠨ ᠠᠰᠢᠭ ᠲᠤᠰᠠ ᠲᠠᠢ ᠬᠤᠯᠪᠤᠭᠳᠠᠵᠤ ᠪᠠᠶᠢᠳᠠᠭ᠃ ᠬᠤᠳᠠ ᠪᠠᠯᠭᠠᠰᠤᠨ ᠤ ᠤᠰᠤ ᠬᠠᠩᠭᠠᠯᠲᠠ ᠨᠢ ᠤᠰᠤᠨ ᠰᠤᠷᠪᠤᠯᠵᠢ ᠶᠢᠨ ᠠᠮᠤᠷ ᠲᠥᠪᠰᠢᠨ᠂ ᠤᠰᠤᠨ ᠤ ᠴᠢᠨᠠᠷ ᠤᠨ ᠰᠢᠯᠭᠠᠯᠳᠠ᠂ ᠬᠤᠭᠤᠯᠠᠢ ᠲᠤᠤᠷ ᠤᠨ ᠪᠥᠳᠥᠭᠡᠨ ᠪᠠᠶᠢᠭᠤᠯᠤᠯᠳᠠ ᠵᠡᠷᠭᠡ ᠶᠢ ᠰᠠᠶᠢᠨ ᠪᠠᠶᠠᠯᠠᠭᠦᠯᠵᠤ ᠬᠤᠳᠠ ᠶᠢᠨ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠥᠪᠰᠢᠨ ᠤ ᠠᠰᠠᠭᠤᠳᠠᠯ ᠢ ᠲᠠᠷᠢᠭᠦᠨ ᠪᠠᠶᠢᠷᠢᠨ ᠳᠤ ᠲᠠᠯᠪᠢᠬᠤ ᠭᠡᠷᠡᠭᠳᠠᠢ᠃ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠭᠦᠷ ᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ  ᠢ ᠵᠠᠰᠠᠨ ᠴᠡᠭᠴᠡᠯᠠᠭᠦ ᠭᠥᠴᠥᠯᠠᠴᠠ ᠪᠠᠨ ᠤᠯᠠᠮ ᠨᠢᠭᠡ ᠠᠯᠬᠤᠮ ᠨᠡᠮᠡᠭᠳᠡᠭᠦᠯᠵᠤ ᠬᠤᠳᠠᠯᠳᠤᠭᠠᠴᠢᠨ ᠡᠷᠤᠭᠡ ᠶᠢᠨ ᠲᠥᠷᠢᠮᠵᠢᠭᠦᠯᠥᠯᠳᠠ᠂ ᠲᠤᠭᠤᠷᠢᠭ ᠬᠤᠪᠢᠶᠠᠬᠤ ᠲᠥᠷᠥᠯ ᠬᠤᠪᠢᠶᠠᠬᠤ ᠡᠵᠡᠩᠨᠠᠯᠳᠠ ᠭᠢᠭᠦ ᠶᠢ ᠵᠢᠯᠤᠭᠤᠳᠤᠨ ᠡᠳ᠋ ᠪᠤᠳᠠᠰ ᠢ ᠲᠠᠷᠢ ᠲᠡᠭᠰᠢ ᠲᠠᠯᠪᠢᠵᠤ ᠥᠷᠭᠡᠨ ᠤᠯᠠᠨ ᠰᠠᠭᠤᠭᠠᠯᠢ ᠠᠷᠠᠳ ᠲᠤ ᠴᠡᠪᠡᠷ ᠲᠡᠭᠰᠢ ᠲᠥᠭᠦᠮ ᠲᠥᠳᠠ ᠭᠡᠷᠡᠭᠯᠡᠭᠡᠨ ᠤ ᠤᠷᠴᠢᠨ ᠢ ᠡᠭᠦᠳᠭᠦ ᠭᠡᠷᠡᠭᠳᠠᠢ᠃ ᠰᠠᠭᠤᠭᠠᠯᠢ ᠲᠤᠭᠤᠷᠢᠭ ᠤᠨ ᠨᠤᠭᠤᠭᠠᠷᠠᠭᠤᠯᠤᠯᠳᠠ᠂ ᠵᠠᠭᠡᠯᠢ ᠶᠢᠨ ᠬᠠᠳᠠᠭᠤᠵᠢᠭᠤᠯᠤᠯᠳᠠ᠂ ᠲᠥᠭᠦᠭᠡᠷᠤᠮᠵᠢ ᠶᠢᠨ ᠰᠠᠯᠪᠢᠨ ᠵᠠᠰᠠᠯᠳᠠ ᠵᠡᠷᠭᠡ ᠶᠢᠨ ᠠᠵᠢᠯ ᠢ ᠰᠠᠶᠢᠨ ᠭᠢᠵᠤ ᠬᠠᠭᠤᠴᠢᠨ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ ᠶᠢᠨ ᠤᠷᠳᠤ ᠬᠤᠭᠤᠴᠠᠭᠠᠨ ᠤ ᠲᠤᠭᠳᠠᠯᠴᠠᠭ᠎ᠠ ᠶᠢ ᠪᠠᠶᠢᠭᠤᠯᠬᠤ ᠬᠡᠷᠡᠭᠲᠡᠢ᠃ ᠰᠠᠭᠤᠭᠠᠯᠢ ᠲᠤᠭᠤᠷᠢᠭ ᠤᠨ ᠵᠠᠮ ᠤᠨ ᠬᠠᠳᠠᠭᠤᠵᠢᠭᠤᠯᠤᠯᠳᠠ᠂ ᠨᠤᠭᠤᠭᠠᠷᠠᠭᠤᠯᠤᠯᠳᠠ ᠶᠢᠨ ᠢᠠᠵᠧᠨᠧᠷᠢᠩ ᠢ ᠦᠷᠬᠦᠯᠵᠢᠯᠡᠨ ᠭᠥᠨᠵᠡᠭᠡᠢ ᠠᠭᠢᠭᠤᠯᠵᠤ ᠬᠤᠳᠠᠯᠳᠤᠭᠠᠨ ᠤ ᠵᠠᠭᠡᠯᠢ᠂ ᠠᠭᠤᠳᠠᠮ ᠲᠠᠯᠠᠪᠠᠢ ᠵᠡᠷᠭᠡ ᠭᠥᠮᠤᠨ ᠤᠯᠠᠨ ᠴᠤᠭᠯᠠᠷᠠᠭᠰᠠᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠠᠯᠳᠠ ᠶᠢ ᠴᠢᠩᠭ᠎ᠠ ᠠᠳᠬᠤᠵᠤ ᠬᠤᠳᠠ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠭᠦ ᠭᠡᠷᠡᠭᠳᠠᠢ ᠭᠡᠵᠡᠢ᠃
    ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠲᠠᠷᠠᠭᠠᠴᠢ ᠶᠢᠨ ᠠᠯᠬᠤᠮ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠬᠠᠷᠠᠯᠳᠠ ᠶᠢᠨ ᠲᠤᠭᠤᠷᠢᠨ ᠳᠤ ᠠᠰᠠᠭᠤᠳᠠᠯ ᠪᠤᠯᠤᠨ ᠬᠦᠷᠦᠯᠴᠡᠬᠦ ᠦᠬᠡᠢ ᠲᠠᠯ᠎ᠠ ᠪᠠᠨ ᠡᠷᠢᠨ ᠭᠠᠷᠭᠠᠬᠤ ᠶᠢᠨ ᠬᠠᠮᠳᠤ ᠠᠰᠠᠭᠤᠳᠠᠯ ᠨᠢᠭᠡᠪᠤᠷᠢ ᠳᠤ ᠴᠡᠭᠴᠡᠯᠠᠨ ᠰᠠᠶᠢᠵᠢᠷᠠᠭᠤᠯᠬᠤ ᠠᠷᠭ᠎ᠠ ᠭᠡᠮᠵᠢᠶ᠎ᠠ ᠲᠤᠭᠳᠠᠭᠠᠨ ᠭᠠᠷᠭᠠᠵᠤ ᠬᠠᠷᠢᠭᠤᠴᠠᠯᠭᠠᠳᠠᠨ ᠪᠤᠯᠤᠨ ᠴᠠᠭ ᠤᠨ ᠲᠤᠭᠢᠷᠠᠭᠤᠯᠤᠯᠳᠠ ᠶᠢ ᠲᠤᠳᠤᠷᠬᠠᠶᠢᠯᠠᠨ ᠱᠠᠭᠠᠷᠳᠠᠯᠭ᠎ᠠ ᠶᠤᠰᠤᠭᠠᠷ ᠬᠤᠳᠠ ᠶᠢᠨ ᠶᠠᠪᠤᠳᠠᠯ ᠤᠨ ᠪᠥᠳᠥᠭᠡᠨ ᠪᠠᠶᠢᠭᠤᠯᠤᠯᠳᠠ᠂ ᠤᠷᠴᠢᠨ ᠲᠤᠭᠤᠷᠢᠨ ᠤ ᠬᠠᠮᠠᠭᠠᠯᠠᠯᠲᠠ᠂ ᠴᠡᠴᠡᠷᠯᠢᠭᠵᠢᠭᠦᠯᠥᠯᠳᠠ ᠨᠤᠭᠤᠭᠠᠷᠠᠭᠤᠯᠤᠯᠳᠠ ᠵᠡᠷᠭᠡ ᠶᠢᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠢ ᠰᠠᠶᠢᠨ ᠭᠢᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号