ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠤᠦ ᠹᠧᠢ ᠯᠦ 2019 ᠣᠨ ᠤ ᠭᠤᠣᠯ ᠪᠤᠯᠬᠤ ᠠᠵᠦ ᠠᠬᠤᠢ ᠶᠢᠨ ᠬᠦᠢᠴᠡᠳᠬᠡᠯ ᠲᠤᠭ᠎ᠠ ᠪᠠ ᠭᠤᠣᠯᠳᠠᠯᠭ᠎ᠠ ᠲᠠᠢ ᠲᠦᠷᠤᠯ ᠵᠤᠶᠢᠯ ᠢ ᠳᠥᠰᠥᠭᠡᠯᠡᠵᠤ ᠵᠠᠳᠠᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-12-07
      12 ᠰᠠᠷ᠎ᠠ ᠶᠢᠨ 4 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠳᠠᠷᠤᠭ᠎ᠠ ᠵᠤᠦ ᠹᠧᠢ ᠯᠦ 2019 ᠣᠨ ᠤ ᠭᠤᠣᠯ ᠪᠤᠯᠬᠤ ᠠᠵᠦ ᠠᠬᠤᠢ ᠶᠢᠨ ᠬᠦᠢᠴᠡᠳᠬᠡᠯ ᠲᠤᠭ᠎ᠠ ᠪᠠ ᠭᠤᠣᠯᠳᠠᠯᠭ᠎ᠠ ᠲᠠᠢ ᠲᠦᠷᠤᠯ ᠵᠤᠶᠢᠯ ᠢ ᠳᠥᠰᠦᠭᠡᠯᠡᠵᠤ ᠵᠠᠳᠠᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠤᠳᠤᠷᠢᠳᠤᠯᠭ᠎ᠠ ᠭᠤᠦ ᠬᠤ᠋᠂ ᠵᠧᠦ ᠱᠤᠸᠠᠢ᠂ ᠪᠠᠶᠠᠨᠴᠢᠮᠡᠭ᠂ ᠳ᠋ᠸᠤ ᡁᠢ ᠴᠢᠶᠠᠩ᠂ ᠬᠤᠰᠢᠭᠤ ᠵᠠᠰᠠᠭ ᠤᠨ ᠤᠷᠳᠤᠨ  ᠤ ᠠᠯᠪᠠᠨ ᠭᠡᠷ᠂ ᠡᠯ᠎ᠡ ᠠᠵᠤ ᠦᠢᠯᠡᠳᠪᠤᠷᠢ ᠬᠦᠷᠢᠶᠡᠯᠡᠩ ᠲᠤᠭᠤᠷᠢᠭ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ᠂ ᠬᠤᠰᠢᠭᠤ ᠬᠦᠭᠵᠢᠭᠦᠯᠤᠯᠲᠡ ᠦᠭᠡᠷᠡᠴᠢᠯᠡᠯᠲᠡ ᠠᠵᠦ ᠠᠬᠤᠢ ᠠᠷᠠᠯᠵᠢᠶᠠᠨ ᠤ ᠶᠠᠪᠤᠳᠠᠯ ᠪᠤᠯᠤᠨ ᠴᠢᠮᠡᠭᠡ ᠵᠠᠩᠭᠢᠴᠢᠯᠠᠯᠲᠠ ᠶᠢᠨ ᠲᠤᠪᠴᠢᠶᠠᠨ ᠤ ᠬᠠᠷᠢᠭᠤᠴᠠᠯᠭᠠᠲᠠᠨ ᠬᠦᠢᠴᠡᠳᠬᠡᠯ ᠲᠤᠭ᠎ᠠ ᠪᠠ ᠲᠦᠷᠤᠯ ᠵᠤᠶᠢᠯ  ᠤᠨ ᠲᠦᠰᠤᠭᠡᠯᠡᠯᠲᠡ ᠶᠢᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠤᠷᠠᠯ ᠳᠤ ᠤᠷᠤᠯᠴᠠᠭᠰᠠᠳ ᠬᠦᠢᠴᠡᠳᠬᠡᠯ ᠲᠣᠭᠠᠨ ᠤ ᠰᠢᠨᠵᠢᠯᠡᠬᠦ ᠤᠬᠠᠭᠠᠨᠴᠢ ᠴᠢᠨᠠᠷ ᠪᠠ ᠲᠦᠷᠤᠯ ᠵᠤᠶᠢᠯ ᠤᠨ ᠪᠤᠯᠤᠮᠵᠢ ᠶᠢᠨ ᠴᠢᠨᠠᠷ ᠵᠡᠷᠭᠡ ᠲᠠᠯ᠎ᠠ ᠪᠠᠷ ᠵᠠᠳᠠᠯᠤᠨ ᠶᠠᠷᠢᠯᠴᠠᠪᠠ᠃      ᠵᠤᠦ ᠹᠧᠢ ᠯᠦ ᠵᠢᠭᠠᠬᠤ ᠳᠤ ᠪᠠᠨ᠂ 2019 ᠤᠨ ᠪᠣᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠲᠤᠭᠡᠨ ᠪᠠᠶᠢᠭᠤᠯᠬᠤ ᠰᠢᠢᠳᠪᠤᠷᠢᠲᠤ ᠢᠯᠠᠯᠲᠠ ᠶᠢ ᠣᠯᠬᠤ ᠴᠢᠬᠤᠯᠠ ᠨᠢᠭᠡ ᠵᠢᠯ ᠪᠠᠶᠢᠵᠤ᠂ ᠰᠢᠨᠵᠢᠯᠡᠬᠦ ᠤᠬᠠᠭᠠᠨᠴᠢ᠂ ᠵᠦᠢ ᠵᠤᠬᠢᠰᠲᠠᠢ ᠠᠵᠦ ᠠᠬᠤᠢ ᠶᠢᠨ ᠬᠦᠢᠴᠡᠳᠬᠡᠯ ᠲᠤᠭ᠎ᠠ ᠪᠠ ᠭᠤᠣᠯᠳᠠᠯᠭ᠎ᠠ ᠲᠠᠢ ᠲᠦᠷᠤᠯ ᠵᠤᠶᠢᠯ ᠢ ᠬᠡᠷᠡᠭᠵᠢᠭᠦᠯᠬᠦ ᠲᠥᠯᠥᠪᠯᠡᠭᠡ ᠶᠢ ᠲᠤᠭᠲᠠᠭᠠᠬᠤ ᠨᠢ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠡ  ᠶᠢ ᠠᠬᠢᠭᠤᠯᠬᠤ ᠳᠤ ᠴᠢᠬᠤᠯᠠ ᠤᠶᠢᠯᠡᠳᠤᠯ ᠲᠠᠢ ᠶᠤᠮ ᠭᠡᠪᠡ᠃ ᠵᠤᠦ ᠹᠧᠢ ᠯᠦ ᠴᠢᠬᠤᠯᠠᠴᠢᠯᠠᠬᠤ ᠳᠤ ᠪᠠᠨ᠂ ᠬᠠᠮᠢᠶ᠎ᠠ ᠪᠦᠬᠦᠢ ᠶᠡᠷᠤᠩᠬᠡᠶᠢᠯᠡᠭᠰᠡᠨ ᠠᠵᠦ ᠠᠬᠤᠢ ᠶᠢᠨ ᠰᠠᠯᠠᠭ᠎ᠠ ᠮᠦᠴᠢᠷ ᠪᠤᠳᠠᠲᠠᠢ ᠭᠠᠵᠠᠷ ᠲᠤ ᠪᠠᠶᠢᠴᠠᠭᠠᠨ ᠰᠤᠳᠤᠯᠵᠦ᠂ ᠠᠵᠦ ᠠᠬᠤᠶᠢᠯᠠᠯ ᠤᠨ ᠡᠷᠬᠢᠯᠲᠡ ᠶᠢᠨ ᠪᠠᠶᠢᠳᠠᠯ ᠪᠠ ᠲᠦᠷᠤᠯ ᠵᠤᠶᠢᠯ ᠤᠨ ᠪᠡᠯᠡ ᠤᠷᠤᠭᠤᠯᠤᠯᠲᠠ ᠪᠦᠲᠤᠭᠡᠨ ᠪᠠᠶᠢᠭᠤᠯᠤᠯᠲᠠ ᠶᠢᠨ ᠲᠥᠯᠦᠪᠯᠡᠭᠡ ᠶᠢ ᠤᠨᠤᠪᠴᠢᠲᠠᠢ ᠡᠵᠡᠮᠰᠢᠨ᠂ ᠵᠠᠬ᠎ᠠ ᠳᠡᠯᠭᠡᠭᠦᠷ ᠵᠢᠴᠢ ᠦᠢᠯᠡᠳᠭᠦᠨ ᠤ ᠦᠨ᠎ᠡ ᠬᠠᠩᠰᠢ ᠶᠢᠨ ᠬᠠᠨᠳᠤᠰᠢ ᠶᠢ ᠨᠠᠷᠢᠨ ᠬᠢᠨᠠᠮᠠᠭᠠᠢ ᠵᠠᠳᠠᠯᠵᠤ᠂ ᠨᠠᠷᠢᠯᠢᠭ ᠤᠨᠤᠪᠴᠢᠲᠠᠢ ᠲᠤᠭ᠎ᠠ ᠪᠠᠷᠢᠮᠲᠠ ᠶᠢᠨ ᠭᠦᠢᠴᠡᠳᠬᠡᠯ ᠲᠤᠭ᠎ᠠ ᠪᠠᠨ ᠲᠦᠰᠤᠭᠡᠯᠡᠨ ᠪᠤᠳᠤᠵᠦ᠂ ᠬᠦᠢᠴᠡᠳᠬᠡᠯ ᠲᠤᠭ᠎ᠠ ᠶᠢᠨ ᠰᠢᠨᠵᠢᠯᠡᠬᠦ ᠤᠬᠠᠭᠠᠨᠴᠢ᠂ ᠵᠦᠪ ᠤᠨᠤᠪᠴᠢᠲᠠᠢ᠂ ᠪᠤᠳᠠᠲᠠᠢ ᠲᠠᠢ ᠨᠡᠶᠢᠴᠡᠭᠰᠡᠨ ᠪᠠᠶᠢᠬᠤ ᠶᠢ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠴᠠᠭ ᠲᠤᠬᠠᠢ ᠳᠤᠨᠢ ᠬᠠᠷᠢᠯᠴᠠᠵᠦ᠂ ᠪᠡᠯᠡ ᠤᠷᠤᠭᠤᠯᠤᠯᠲᠠ  ᠶᠢᠨ ᠲᠦᠷᠤ ᠶᠢᠨ ᠪᠤᠳᠣᠯᠭ᠎ᠠ ᠪᠤᠯᠤᠨ ᠭᠤᠤᠯ ᠪᠣᠯᠬᠤ ᠡᠬᠢ ᠪᠠᠶᠠᠯᠢᠭ ᠤᠨ ᠲᠤᠬᠢᠷᠠᠭᠤᠯᠤᠯᠲᠠ ᠶᠢ ᠴᠢᠷᠮᠠᠶᠢᠨ ᠤᠯᠬᠤ ᠬᠡᠷᠡᠭᠲᠡᠢ᠃ ᠲᠦᠷᠤᠯ ᠵᠤᠶᠢᠯ ᠤᠨ ᠦᠮᠴᠢᠲᠡᠨ ᠲᠠᠢ ᠢᠳᠡᠪᠬᠢᠲᠠᠢ ᠬᠠᠷᠢᠯᠴᠠᠵᠦ᠂ ᠡᠪᠤᠯ ᠤᠨ ᠤᠯᠠᠷᠢᠯ ᠤᠨ ᠰᠡᠯᠡᠭᠦᠦ ᠴᠠᠭ ᠢᠶᠠᠨ ᠠᠰᠢᠭᠯᠠᠵᠤ ᠡᠮᠦᠨ᠎ᠡ ᠬᠤᠭᠤᠴᠠᠭᠠᠨ ᠤ ᠬᠠᠮᠢᠶ᠎ᠠ ᠪᠦᠬᠦᠢ ᠭᠠᠷ ᠬᠦᠢᠴᠡᠳᠭᠡᠯ ᠢᠶᠠᠨ ᠭᠦᠢᠴᠡᠳᠭᠡᠵᠦ᠂ ᠳᠠᠷᠠᠭ᠎ᠠ ᠵᠢᠯ ᠤᠨ ᠲᠦᠷᠤᠯ ᠵᠤᠶᠢᠯ ᠤᠨ ᠪᠠᠶᠢᠭᠤᠯᠤᠯᠲᠠ ᠪᠠᠨ ᠡᠷᠲᠡᠬᠡᠨ ᠡᠬᠢᠯᠡᠬᠦᠯᠬᠦ ᠬᠡᠷᠡᠭᠲᠡᠢ᠃ ᠠᠵᠦ ᠠᠬᠤᠶᠢᠯᠠᠯ  ᠤᠨ ᠡᠷᠭᠢᠯᠲᠡ ᠲᠤᠬᠢᠷᠠᠭᠤᠯᠤᠯᠲᠠ ᠶᠢ ᠴᠢᠩᠭᠠᠳᠬᠠᠵᠦ᠂ ᠣᠰᠤ᠂ ᠴᠠᠬᠢᠯᠭᠠᠨ ᠬᠠᠩᠭᠠᠯᠲᠠ᠂ ᠲᠡᠭᠡᠭᠡᠪᠦᠷᠢᠯᠡᠯᠲᠡ ᠵᠡᠷᠭᠡ ᠠᠵᠢᠯ ᠢᠶᠠᠨ ᠰᠠᠶᠢᠲᠤᠷ ᠬᠢᠵᠦ᠂ ᠠᠶᠦᠯᠭᠦᠢ᠂ ᠲᠤᠭᠲᠠᠪᠤᠷᠢᠲᠠᠢ ᠦᠢᠯᠡᠳᠪᠦᠷᠢᠯᠡᠯ ᠢ ᠪᠠᠲᠤᠯᠠᠨ᠂ ᠨᠡᠩ ᠶᠡᠭᠡ ᠦᠷ᠎ᠡ ᠠᠰᠢᠭ ᠢ ᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号