ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠠᠮᠵᠢᠨ ᠠᠵᠢᠯ ᠤᠯᠭᠤᠬᠤ ᠨᠢ ᠶᠠᠳᠠᠭᠤ ᠠᠴᠠ ᠠᠩᠭᠢᠵᠢᠷᠠᠭᠤᠯᠬᠤ ᠠᠵᠢᠯ ᠳᠤ ᠬᠦᠴᠦᠨ ᠨᠡᠮᠡᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2018-12-07
      ᠣᠶᠢᠷ᠎ᠠ ᠶᠢᠨ ᠵᠢᠯ ᠲᠤ᠂ ᠶᠢᠨ ᠴᠧᠩ ᠲᠠᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠣ ᠬᠠᠷᠢᠭᠤᠴᠠᠯᠭᠠᠲᠣ ᠺᠣᠮᠫᠠᠨᠢ ᠨᠢ ᠵᠠᠰᠠᠭ ᠤᠨ ᠣᠷᠳᠣᠨ ᠤ ᠤᠷᠢᠶᠠᠯᠠᠭ᠎ᠠ ᠪᠠᠷ᠂ ︽ᠵᠠᠭᠤᠨ ᠠᠵᠣ ᠠᠬᠤᠶᠢᠯᠡᠯ ᠵᠠᠭᠤᠨ ᠭᠠᠴᠠᠭ᠎ᠠ ᠳᠣᠰᠬᠤᠨ ᠢ ᠳᠡᠮᠵᠢᠬᠦ︾ ᠢᠨᠵᠧᠨᠧᠷᠢᠩ ᠢ ᠲᠤᠭᠤᠰᠢᠯᠠᠭᠤᠯᠵᠤ᠂ ᠠᠵᠤ ᠠᠬᠤᠶᠢᠯᠠᠯ ᠤᠨ ᠰᠠᠭᠤᠭ᠎ᠠ ᠭᠠᠵᠠᠷ ᠪᠣᠯᠬᠤ ᠶᠡᠭᠡ ᠨᠡᠬᠦᠳᠡᠯ ᠳᠣᠰᠬᠤᠨ᠂ ᠬᠤᠵᠢᠷᠲᠣ ᠳᠣᠰᠬᠤᠨ ᠲᠠᠢ ᠳᠡᠮᠵᠢᠨ ᠳᠣᠰᠠᠯᠠᠬᠤ ᠬᠡᠷ᠎ᠡ ᠳᠣᠭᠳᠠᠵᠣ ᠶᠠᠳᠠᠭᠤ ᠬᠦᠴᠢᠷᠳᠡᠯᠳᠡᠢ ᠬᠦᠮᠦᠰ ᠲᠤ ᠡᠭᠦᠳᠠᠨ ᠲᠡᠭᠡᠷ᠎ᠡ ᠨᠢ ᠠᠵᠢᠯ ᠤᠯᠭᠤᠵᠤ ᠠᠵᠢᠯᠯᠠᠬᠤ ᠶᠢᠨ ᠳᠠᠭᠠᠣ ᠠᠷᠣ ᠭᠡᠷ ᠢᠶᠠᠨ ᠬᠠᠷᠭᠠᠯᠵᠠᠬᠤ ᠳᠤ ᠳᠦᠭᠦᠮ ᠦᠵᠡᠭᠦᠯᠦᠭᠰᠡᠨ ᠪᠠᠶᠢᠨ᠎ᠠ᠃      ᠬᠤᠵᠢᠷᠲᠣ ᠳᠣᠰᠬᠤᠨ ᠤ ᠠᠷᠠᠳ ᠯᠢ ᠹᠧᠨ ᠴᠢᠨ᠂ ᠯᠢ ᠢᠦ ᠲᠠᠩ ᠡᠬᠡᠴᠢ ᠳᠡᠬᠦᠦ ᠬᠤᠶᠠᠭᠤᠯᠠ ᠴᠦᠮ ᠵᠡᠮᠳᠡᠭ ᠪᠦᠬᠡᠳ ᠡᠭᠡᠴᠢ ᠨᠢ ᠣᠷᠳᠣ ᠬᠤᠭᠤᠴᠠᠭ᠎ᠠ ᠪᠠᠷ ᠳᠡᠬᠦᠦ ᠪᠠᠨ ᠬᠠᠷᠠᠭᠠᠯᠵᠠᠭᠰᠠᠨ ᠠᠴᠠ ᠣᠷᠣᠯᠭ᠎ᠠ ᠪᠠᠭ᠎ᠠ᠂ ᠠᠮᠢᠳᠣᠷᠠᠯ ᠬᠦᠴᠢᠷᠳᠡᠯᠳᠡᠢ ᠪᠠᠶᠢᠯ᠎ᠠ᠃ ᠶᠢᠨ ᠴᠧᠩ ᠲᠠᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠣ ᠬᠠᠷᠢᠭᠤᠴᠠᠯᠭᠠᠲᠣ ᠺᠣᠮᠫᠠᠨᠢ ᠨᠢ ᠡᠳᠡᠨ ᠤ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠳᠡᠳᠡᠨ ᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠡᠯᠳᠡᠰ ᠲᠤ ᠳᠣᠬᠢᠷᠠᠭᠤᠯᠵᠣ ᠳᠡᠵᠢᠬᠡᠪᠦᠷᠢ ᠶᠢᠨ ᠠᠵᠢᠯ ᠬᠢᠯᠬᠡᠵᠦ᠂ ᠳᠡᠳᠡᠨ ᠤ ᠠᠮᠢᠳᠣᠷᠠᠯ ᠳᠤ ᠪᠠᠳᠣᠯᠠᠭ᠎ᠠ ᠬᠠᠩᠭᠠᠭᠰᠠᠨ ᠢᠶᠠᠷ ᠪᠠᠷᠠᠬᠤ ᠦᠬᠡᠢ ᠪᠠᠰᠠ ᠳᠡᠳᠡᠨ ᠤ ᠨᠠᠰᠣᠵᠢᠯ ᠤᠨ ᠳᠠᠭᠠᠳᠬᠠᠯ ᠢ ᠳᠣᠰᠢᠶᠠᠵᠦ᠂ ᠦᠳᠡᠯᠬᠦ ᠳᠤ ᠳᠦᠰᠢᠭ ᠲᠠᠢ ᠪᠣᠯᠭᠠᠭᠰᠠᠨ ᠪᠠᠶᠢᠨ᠎ᠠ᠃       ᠶᠢᠨ ᠴᠧᠩ ᠲᠠᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠣ ᠬᠠᠷᠢᠭᠤᠴᠠᠯᠭᠠᠲᠣ ᠺᠣᠮᠫᠠᠨᠢ ᠪᠣᠯ ᠨᠡᠬᠦᠷᠡᠰᠦ ᠮᠠᠯᠳᠠᠬᠤ᠂ ᠨᠡᠬᠦᠷᠡᠰᠦᠨ ᠬᠢᠮᠢ ᠶᠢᠨ ᠠᠵᠤ ᠦᠢᠯᠡᠳᠪᠦᠷᠢ᠂ ᠬᠦᠢᠯᠬᠡᠬᠡ ᠵᠥᠭᠡᠭᠡᠪᠤᠷᠢᠯᠠᠯᠳᠠ ᠪᠠ ᠣᠯᠠᠨ ᠵᠦᠢᠯ ᠤᠨ ᠡᠵᠡᠩᠨᠡᠯᠳᠡ ᠶᠢ ᠨᠢᠬᠡ ᠴᠣᠭᠴᠠᠵᠢᠭᠤᠯᠣᠭᠰᠠᠨ ᠳᠣᠮᠣ ᠬᠡᠯᠪᠡᠷᠢ ᠶᠢᠨ ᠣᠳᠣᠬᠢᠴᠢᠯᠠᠭᠰᠠᠨ ᠠᠵᠣ ᠠᠬᠤᠶᠢᠯᠠᠯ  ᠤᠨ ᠪᠦᠯᠦᠭᠯᠡᠯ ᠪᠣᠯᠬᠤ ᠶᠣᠮ᠃ ᠳᠣᠰ ᠺᠣᠮᠫᠠᠨᠢ ᠪᠠᠶᠢᠭᠤᠯᠣᠭᠳᠠᠭᠰᠠᠨ ᠠᠴᠠ ᠨᠠᠰᠢ ᠠᠵᠢᠯ ᠣᠯᠭᠤᠯᠳᠠ ᠪᠠᠷ ᠳᠡᠮᠵᠢᠨ ᠳᠣᠰᠠᠯᠠᠬᠤ ᠶᠢ ᠣᠨᠣᠪᠴᠢᠲᠠᠢ ᠪᠠᠷ ᠶᠠᠳᠠᠭᠤ ᠶᠢ ᠳᠡᠳᠬᠦᠬᠦ ᠠᠷᠭ᠎ᠠ ᠪᠠᠷᠢᠯ ᠪᠣᠯᠭᠠᠵᠣ᠂ ᠳᠣᠬᠠᠢ ᠶᠢᠨ ᠭᠠᠵᠠᠷ ᠤᠨ ᠵᠠᠰᠠᠭ ᠤᠨ ᠣᠷᠳᠣᠨ ᠲᠠᠢ ᠬᠠᠮᠵᠢᠯᠴᠠᠵᠣ᠂ ᠠᠵᠣ ᠠᠬᠤᠶᠢᠯᠠᠯ ᠠᠴᠠ ᠠᠵᠢᠯᠳᠠᠨ ᠡᠯᠰᠡᠬᠦ ᠳᠤ ᠳᠡᠭᠡᠲᠦ᠂ ᠳᠣᠮᠳᠠᠳᠣ ᠵᠡᠷᠭᠡ ᠶᠢᠨ ᠳᠣᠰᠬᠠᠢ ᠮᠡᠷᠭᠡᠵᠢᠯ ᠤᠨ ᠰᠣᠷᠭᠠᠭᠤᠯᠢ ᠳᠡᠬᠦᠰᠭᠡᠭᠰᠡᠨ ᠣᠶᠢᠷ᠎ᠡ ᠬᠠᠪᠢ ᠶᠢᠨ ᠮᠠᠯᠴᠢᠨ ᠳᠠᠷᠢᠶᠠᠴᠢᠨ ᠤ ᠦᠷ᠎ᠡ ᠬᠡᠣᠬᠡᠳ ᠪᠣᠯᠣᠨ ᠶᠠᠳᠠᠭᠤ ᠬᠦᠴᠢᠷᠳᠡᠯᠳᠡᠢ ᠡᠷᠦᠬᠡ ᠶᠢᠨ ᠥᠷ᠎ᠠ ᠬᠡᠣᠬᠡᠳ ᠢ ᠣᠷᠢᠳᠴᠢᠯᠠᠨ ᠡᠯᠰᠡᠵᠦ᠂ ᠬᠡᠳᠦᠨ ᠵᠢᠯ ᠤᠨ ᠳᠣᠷᠰᠢ ᠳᠣᠬᠠᠢ ᠶᠢᠨ ᠭᠠᠵᠠᠷ ᠤᠨ 200 ᠭᠠᠷᠣᠢ ᠬᠦᠮᠦᠨ ᠳᠤ ᠠᠵᠢᠯ ᠣᠯᠭᠤᠭᠰᠠᠨ ᠪᠠᠶᠢᠨ᠎ᠠ᠃ ᠦᠩᠬᠡᠷᠡᠭᠰᠡᠨ ᠳᠤ ᠵᠦᠪᠬᠡᠨ ᠶᠠᠳᠠᠭᠤ ᠬᠦᠴᠢᠷᠳᠡᠯᠳᠡᠢ ᠡᠷᠦᠬᠡ ᠳᠤ ᠡᠳ᠋ ᠪᠣᠳᠠᠰ ᠬᠦᠷᠭᠡᠵᠦ ᠪᠠᠶᠢᠭᠰᠠᠨ ᠠᠴᠠ ᠪᠠᠨ ᠣᠳᠣ ᠳᠣᠰᠬᠤᠨ ᠤ ᠠᠷᠠᠳ ᠢ ᠬᠠᠪᠰᠣᠷᠣᠨ ᠬᠦᠳᠡᠯᠮᠦᠷᠢ ᠦᠢᠯᠡᠴᠢᠯᠡᠬᠡᠨ ᠤ ᠺᠣᠮᠫᠠᠨᠢ ᠪᠠᠶᠢᠭᠤᠯᠵᠦ᠂ ᠵᠠᠷᠢᠮ ᠢᠨᠵᠧᠨᠧᠷᠢᠩ ᠢᠶᠠᠨ ᠳᠡᠳᠡᠨ ᠳᠤ ᠳᠠᠭᠠᠭᠠᠴᠢᠯᠠᠭᠤᠯᠤᠨ ᠦᠭᠴᠦ  ᠬᠦᠳᠡᠯᠮᠦᠷᠢ ᠦᠢᠯᠡᠴᠢᠯᠡᠬᠡᠨ ᠤ ᠺᠣᠮᠫᠠᠨᠢ ᠶᠢᠨ ᠬᠦᠭᠵᠢᠨ ᠪᠣᠵᠠᠭᠠᠶᠢᠷᠠᠬᠤ ᠶᠢ ᠠᠬᠢᠭᠤᠯᠵᠦ ᠳᠡᠳᠡᠨ ᠤ ᠣᠷᠣᠯᠭ᠎ᠠ ᠶᠢ ᠨᠡᠮᠡᠭᠳᠡᠬᠦᠯᠦᠭᠰᠡᠨ ᠪᠠᠶᠢᠨ᠎ᠠ᠃      2018 ᠣᠨ ᠤ 3 ᠰᠠᠷ᠎ᠠ ᠳᠤ᠂ ᠶᠢᠨ ᠴᠧᠩ ᠲᠠᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠣ ᠬᠠᠷᠢᠭᠤᠴᠠᠯᠭᠠᠲᠣ ᠺᠣᠮᠫᠠᠨᠢ ᠶᠢ ᠬᠤᠰᠢᠭᠤ ᠵᠠᠰᠠᠭ ᠤᠨ ᠣᠷᠳᠣᠨ ᠠᠴᠠ ᠭᠠᠵᠠᠷ ᠣᠷᠣᠨ ᠤ ᠠᠵᠢᠯ ᠣᠯᠭᠤᠯᠲᠠ ᠶᠢ ᠳᠡᠮᠵᠢᠭᠰᠡᠨ ᠳᠡᠷᠢᠬᠦᠨ ᠤ ᠠᠵᠣ ᠠᠬᠤᠶᠢᠯᠡᠯ ᠢᠶᠠᠷ ᠥᠨᠠᠯᠠᠪᠠ᠃ ᠡᠬᠦᠨ ᠤ ᠬᠠᠮᠲᠣ ᠶᠢᠨ ᠴᠧᠩ ᠲᠠᠢ ᠬᠢᠮᠢ ᠶᠢᠨ ᠦᠢᠯᠡᠳᠪᠦᠷᠢ ᠶᠢᠨ ᠬᠢᠵᠠᠭᠠᠷᠲᠣ ᠬᠠᠷᠢᠭᠤᠴᠠᠯᠭᠠᠲᠣ ᠺᠣᠮᠫᠠᠨᠢ ᠨᠢ ᠣᠶᠢᠷ᠎ᠠ ᠬᠠᠪᠢ ᠶᠢᠨ ᠮᠠᠯᠴᠢᠨ ᠳᠠᠷᠢᠶᠠᠴᠢᠨ ᠤ ᠡᠯ᠎ᠡ ᠵᠦᠢᠯ ᠤᠨ ᠮᠠᠯ ᠳᠠᠷᠢᠶᠠᠯᠠᠩ ᠤᠨ ᠪᠦᠳᠦᠬᠡᠭᠳᠡᠬᠦᠨ ᠢ ᠬᠤᠳᠠᠯᠳᠣᠨ ᠠᠪᠴᠣ᠂ ᠣᠯᠠᠨ ᠠᠷᠭ᠎ᠠ ᠠᠪᠴᠠᠯ ᠢᠶᠠᠷ ᠠᠵᠣ ᠦᠢᠯᠡᠰ ᠢ ᠬᠦᠭᠵᠢᠬᠦᠯᠵᠦ᠂ ᠠᠮᠢᠳᠣᠷᠠᠯ ᠤᠨ ᠨᠦᠬᠦᠴᠡᠯ ᠢ ᠰᠠᠶᠢᠵᠢᠷᠠᠭᠤᠯᠵᠣ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号