ᠮᠠᠨ ᠤ ᠬᠤᠰᠢᠭᠤᠨ ᠤ 2018 ᠤᠨ ᠤ ︽12.4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠵᠢᠴᠢ ︽ᠦᠨᠳᠦᠰᠦᠨ ᠬᠠᠤᠯᠢ ᠶᠢ ᠤᠬᠠᠭᠤᠯᠬᠤ ᠭᠠᠷᠠᠭ ᠤᠨ ᠠᠵᠢᠯᠯᠠᠭ᠎ᠠ︾ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2018-12-07
      12 ᠰᠠᠷ᠎ᠠ ᠶᠢᠨ 4 ᠤ ᠡᠳᠤᠷ᠂ ᠮᠠᠨ ᠤ ᠬᠤᠰᠢᠭᠤᠨ ᠤ 2018 ᠤᠨ ᠤ ︽12.4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠵᠢᠴᠢ ᠦᠨᠳᠦᠰᠦᠨ ᠬᠠᠤᠯᠢ ᠶᠢ ᠤᠬᠠᠭᠤᠯᠬᠤ ᠭᠠᠷᠠᠭ ᠤᠨ ᠠᠵᠢᠯᠯᠠᠭ᠎ᠠ ᠶᠢᠨ ᠡᠭᠢᠯᠠᠯᠳᠠ ᠶᠢᠨ ᠶᠤᠰᠤᠯᠠᠯ ᠬᠤᠰᠢᠭᠤ ᠰᠤᠶᠤᠯ ᠤᠨ ᠪᠦᠲᠦᠬᠡᠯᠲᠡ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠭᠰᠠᠨ ᠪᠠᠶᠢᠨ᠎ᠠ᠃ ᠬᠤᠰᠢᠭᠤ ᠤᠳᠤᠷᠢᠳᠤᠯᠭ᠎ᠠ ᠪᠤᠶᠠᠠᠮᠠᠨᠳᠤᠬᠤ᠂ ᠰᠤᠷᠭᠠᠯᠲᠤ᠂ ᠹᠧᠩ ᡁᠢ ᠮᠢᠩ᠂ ᠸᠠᠩ ᠶᠦᠩ ᠴᠢᠩ᠂ ᠸᠠᠩ ᠵᠢᠷᠭᠠᠯ᠂ ᠭᠤᠤ ᠬᠤ᠋᠂ ᠤᠶᠤᠨᠪᠢᠯᠢᠭ᠌᠂ ᠽᠦᠸᠧ ᠴᠧᠨ ᠭᠤᠸᠠᠩ᠂ ᠬᠠᠤᠯᠢ ᠴᠠᠭᠠᠵᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ ᠯᠢ ᠸᠧᠢ ᠵᠢᠴᠢ ᠬᠠᠤᠯᠢ ᠴᠠᠭᠠᠵᠠ ᠶᠢᠨ ᠲᠤᠪᠴᠢᠶᠠᠨ ᠤ ᠪᠦᠬᠦ ᠠᠵᠢᠯᠲᠠᠳ ᠪᠠ ᠪᠦᠬᠦ ᠬᠤᠰᠢᠭᠤᠨ ᠤ ᠬᠠᠤᠯᠢ ᠴᠠᠭᠠᠵᠠ ᠶᠢ ᠲᠦᠬᠡᠮᠡᠯᠵᠢᠬᠦᠯᠬᠦ ᠪᠥᠷᠢᠯᠳᠤᠭᠦᠨ ᠪᠠᠶᠢᠭᠤᠯᠭ᠎ᠠ ᠨᠢᠭᠡᠴᠢ ᠶᠢᠨ ᠠᠵᠢᠯᠲᠠᠨ ᠡᠭᠢᠯᠠᠯᠳᠠ ᠶᠢᠨ ᠶᠤᠰᠤᠯᠠᠯ ᠳᠤ ᠤᠷᠤᠯᠴᠠᠪᠠ᠃ ᠭᠤᠤ ᠬᠤ᠋ ᠶᠤᠰᠤᠯᠠᠯ ᠢ ᠡᠷᠬᠢᠯᠡᠪᠡ᠃
     ᠶᠤᠰᠤᠯᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ ᠤ ᠱᠥᠵᠢ ᠰᠤᠷᠭᠠᠯᠲᠤ ᠵᠢᠭᠠᠵᠤ ᠭᠠᠷᠭᠠᠬᠤ ᠳᠤ ᠪᠠᠨ᠂ ᠬᠠᠤᠯᠢ ᠪᠠᠷ ᠵᠠᠰᠠᠬᠤ ᠲᠤᠬᠠᠢ ᠤᠬᠠᠭᠤᠯᠭ᠎ᠠ ᠬᠦᠮᠦᠵᠢᠯ ᠬᠢᠬᠦ ᠳᠤ ᠪᠠᠨ᠂ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠨ᠎ᠡ ᠦᠵᠡᠯ ᠰᠠᠨᠠᠭ᠎ᠠ᠂ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠶᠢ ᠤᠬᠠᠭᠤᠯᠤᠨ ᠲᠤᠭᠤᠰᠢᠯᠠᠭᠤᠯᠵᠤ ᠪᠤᠳᠠᠳᠠᠢ ᠬᠡᠷᠡᠭᠵᠢᠬᠦᠯᠬᠦ ᠶᠢ ᠤᠳᠤᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠤᠨ ᠡᠬᠦᠷᠭᠡ ᠪᠤᠯᠭᠠᠨ᠂ ᠦᠨᠳᠦᠰᠦᠨ ᠬᠠᠤᠯᠢ  ᠳᠤ ᠲᠤᠭᠳᠠᠭᠠᠭᠰᠠᠨ ᠤᠯᠤᠰ ᠤᠨ ᠦᠨᠳᠦᠰᠦᠨ ᠪᠠᠶᠢᠭᠤᠯᠤᠮᠵᠢ᠂ ᠦᠨᠳᠤᠰᠤᠨ ᠡᠬᠦᠷᠭᠡ ᠵᠢᠴᠢ ᠮᠠᠨ ᠤ ᠤᠯᠤᠰ ᠤᠨ ᠲᠦᠷᠦ ᠶᠢᠨ ᠪᠠᠶᠢᠭᠤᠯᠤᠯ᠂ ᠵᠠᠰᠠᠭ ᠤᠨ ᠪᠠᠶᠢᠭᠤᠯᠤᠯ᠂ ᠠᠷᠠᠳ ᠢᠷᠭᠡᠨ ᠤᠨ ᠦᠨᠳᠦᠰᠦᠨ ᠡᠷᠭᠡ᠂ ᠡᠬᠦᠷᠭᠡ ᠵᠡᠷᠭᠡ ᠦᠨᠳᠦᠰᠦᠨ ᠠᠭᠤᠯᠭ᠎ᠠ ᠶᠢ ᠰᠠᠶᠢᠳᠤᠷ ᠤᠬᠠᠭᠤᠯᠬᠤ ᠬᠡᠷᠡᠭᠲᠠᠢ᠃ ᠨᠠᠮ ᠤᠨ ᠲᠦᠷᠢᠮ ᠢ ᠲᠤᠪᠤᠶᠢᠯᠭᠠᠨ ᠤᠬᠭᠠᠤᠯᠵᠤ ᠦᠷᠭᠡᠨ ᠤᠯᠠᠨ ᠨᠠᠮ ᠤᠨ ᠬᠡᠰᠢᠬᠦᠨ ᠢ ᠲᠠᠶᠢᠴᠢᠯᠠᠨ ᠬᠠᠤᠯᠢ ᠴᠠᠭᠠᠵᠠ᠂ ᠲᠦᠷᠢᠮ ᠲᠤᠭᠳᠠᠭᠠᠯ ᠢ ᠤᠬᠠᠮᠰᠠᠷ ᠠᠴᠠ  ᠪᠠᠨ ᠬᠦᠨᠳᠦᠳᠭᠡᠨ ᠵᠢᠷᠤᠮᠯᠠᠬᠠᠤ ᠬᠡᠷᠡᠭᠲᠠᠢ᠃ ᠬᠠᠤᠯᠢ ᠪᠠᠷ ᠵᠠᠰᠠᠬᠤ ᠰᠤᠶᠤᠯ ᠤᠨ ᠪᠠᠶᠢᠭᠤᠯᠤᠯᠳᠠ ᠶᠢ ᠴᠢᠩᠭᠠᠳᠬᠠᠨ᠂ ᠬᠠᠤᠯᠢ ᠪᠠᠷ ᠵᠠᠰᠠᠬᠤ ᠰᠤᠶᠤᠯ ᠤᠨ ᠪᠠᠶᠢᠭᠤᠯᠤᠯᠳᠠ   ᠶᠢ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠳᠤ ᠤᠷᠤᠭᠤᠯᠤᠨ᠂ ᠦᠤᠰᠢᠨ ᠤ ᠤᠨᠴᠠᠯᠢᠭᠲᠤ ᠬᠠᠤᠯᠢ ᠪᠠᠷ ᠵᠠᠰᠠᠬᠤ ᠰᠤᠶᠤᠯ ᠪᠦᠲᠦᠬᠡᠯ ᠤᠨ ᠡᠭᠦᠳᠤᠯᠲᠡ ᠶᠢ ᠠᠬᠢᠭᠤᠯᠬᠤ ᠬᠡᠷᠡᠭᠲᠠᠢ᠃ ᠤᠬᠠᠭᠤᠯᠭ᠎ᠠ ᠶᠢᠨ ᠰᠢᠨ᠎ᠡ ᠬᠡᠯᠪᠡᠷᠢ ᠢ ᠢᠳᠡᠪᠬᠢᠳᠡᠢ ᠡᠬᠦᠳᠴᠤ᠂ ᠬᠠᠤᠯᠢ ᠴᠠᠭᠠᠵᠠ ᠶᠢᠨ ᠦᠢᠯᠡᠴᠢᠯᠡᠭᠡ ᠪᠠᠷ ᠤᠯᠠᠨ ᠲᠦᠮᠡᠨ ᠤ ᠬᠦᠴᠢᠷᠳᠡᠯ ᠢ ᠰᠢᠢᠳᠪᠤᠷᠢᠯᠡᠨ᠂ ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠤᠨ ᠠᠵᠢᠯ ᠢ ᠪᠤᠳᠠᠳᠠᠢ ᠦᠷ᠎ᠡ ᠪᠦᠲᠦᠮᠵᠢ ᠭᠠᠷᠭᠠᠬᠤ ᠬᠡᠷᠡᠭᠲᠠᠢ ᠬᠡᠵᠡᠢ᠃
     ᠰᠤᠷᠭᠠᠯᠲᠤ ᠴᠢᠬᠤᠯᠠᠴᠢᠯᠠᠬᠤ ᠳᠤ ᠪᠠᠨ᠂ ᠪᠦᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ︽12.4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠴᠢᠬᠤᠯᠠᠴᠢᠯᠠᠨ ᠰᠠᠶᠢᠳᠤᠷ ᠨᠠᠶᠢᠳᠠᠪᠤᠷᠢᠵᠢᠭᠤᠯᠬᠤ ᠬᠡᠷᠡᠭᠲᠠᠢ᠃ ᠲᠦᠷᠦ ᠶᠢᠨ ᠪᠠᠶᠢᠭᠤᠯᠭ᠎ᠠ ᠶᠢᠨ ︽ᠬᠡᠨ ᠬᠠᠤᠯᠢ ᠬᠠᠤᠯᠢ ᠬᠡᠷᠡᠭᠵᠢᠬᠦᠯᠪᠡᠯ ᠬᠡᠨ ᠬᠠᠤᠯᠢ ᠲᠦᠬᠡᠮᠡᠯᠵᠢᠬᠦᠯᠬᠦ︾ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠤᠷᠢᠭᠳᠠᠢ ᠡᠬᠦᠷᠭᠡᠯᠡᠨ᠂ ᠤᠬᠠᠮᠰᠠᠷ ᠠᠴᠠ ᠪᠠᠨ ᠪᠦᠬᠦ ᠬᠤᠰᠢᠭᠤᠨ ᠤ ᠨᠢᠬᠡᠳᠦᠯᠳᠡᠢ ᠪᠠᠶᠢᠷᠢᠯᠠᠭᠤᠯᠤᠭᠰᠠᠨ ᠡᠯ᠎ᠡ ᠲᠦᠷᠦᠯ ᠤᠨ ᠠᠵᠢᠯᠯᠠᠭ᠎ᠠ ᠵᠢᠴᠢ ᠦᠪᠡᠷᠳᠡᠭᠡᠨ ᠵᠤᠬᠢᠶᠠᠨ ᠪᠠᠶᠢᠭᠤᠯᠤᠭᠰᠠᠨ ᠤᠨᠴᠠᠯᠢᠭᠲᠤ ᠰᠢᠨ᠎ᠡ ᠶᠢ ᠡᠬᠦᠳᠬᠦ ᠠᠵᠢᠯᠯᠠᠭ᠎ᠠ ᠳᠤ ᠤᠷᠤᠯᠴᠠᠬᠤ ᠬᠡᠷᠡᠭᠲᠠᠢ᠃ ᠪᠦᠬᠦ ᠬᠤᠰᠢᠭᠤᠨ ᠤ ᠬᠦᠮᠦᠨ ᠢ ᠤᠬᠠᠮᠰᠠᠷ ᠠᠴᠠ ᠪᠠᠨ ᠬᠠᠤᠯᠢ ᠶᠢ ᠪᠠᠷᠢᠮᠳᠠᠯᠠᠨ᠂ ᠬᠠᠤᠯᠢ ᠴᠠᠭᠠᠵᠠ ᠳᠤ ᠲᠦᠰᠢᠭᠯᠡᠨ ᠵᠦᠷᠢᠴᠡᠯ ᠢ ᠰᠢᠢᠳᠪᠤᠷᠢᠯᠡᠬᠦ ᠶᠢ ᠲᠠᠶᠢᠴᠢᠯᠠᠬᠤ ᠬᠡᠷᠡᠭᠲᠠᠢ᠃ ᠬᠠᠤᠯᠢ ᠪᠠᠷ ᠵᠠᠰᠠᠬᠤ ᠦᠤᠰᠢᠨ ᠢ ᠪᠦᠲᠦᠬᠡᠨ ᠪᠠᠶᠢᠭᠤᠯᠬᠤ ᠬᠠᠮᠲᠤ ᠶᠢᠨ ᠵᠤᠷᠢᠯᠳᠠ ᠶᠢᠨ ᠲᠤᠭᠤᠷᠢᠨ ᠳᠤ ᠠᠵᠢᠯᠯᠠᠭ᠎ᠠ ᠶᠢ ᠨᠢᠬᠡᠳᠦᠯᠳᠡᠢ ᠲᠦᠯᠦᠪᠯᠡᠨ ᠲᠤᠯᠤᠭᠠᠶᠢᠯᠠᠨ ᠬᠢᠬᠦ ᠦᠢᠯᠡᠳᠦᠯ ᠢ ᠬᠦᠢᠴᠡᠳ ᠪᠠᠳᠠᠷᠠᠭᠤᠯᠤᠨ᠂ ᠨᠤᠮᠢᠨ ᠲᠠᠩᠰᠤᠭ ᠦᠤᠰᠢᠨ ᠤ ᠰᠢᠨ᠎ᠡ ᠴᠠᠭ ᠦᠶ᠎ᠡ ᠶᠢᠨ ᠨᠤᠮᠢᠨ ᠳᠠᠩᠰᠤᠭ ᠬᠦᠭᠵᠢᠨ ᠮᠠᠨᠳᠤᠯᠲᠠ ᠳᠤ ᠬᠠᠤᠯᠢ ᠶᠢᠨ ᠪᠠᠳᠤᠯᠠᠭ᠎ᠠ ᠬᠠᠩᠭᠠᠨ᠂ ᠰᠢᠯᠢᠳᠡᠭ ᠰᠠᠶᠢᠨ ᠬᠠᠤᠯᠢ ᠪᠠᠷ ᠵᠠᠰᠠᠬᠤ ᠤᠷᠴᠢᠨ ᠢ ᠪᠦᠷᠢᠯᠳᠦᠬᠦᠯᠬᠦ ᠬᠡᠷᠡᠭᠲᠠᠢ ᠬᠡᠵᠡᠢ᠃
     ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ︽ᠦᠨᠳᠤᠰᠤᠨ ᠬᠠᠤᠯᠢ ᠶᠢ ᠳᠡᠭᠡᠳᠤᠯᠡᠨ᠂ ᠦᠨᠳᠤᠰᠤᠨ ᠬᠠᠤᠯᠢ ᠶᠢ ᠰᠤᠷᠤᠯᠴᠠᠵᠤ᠂ ᠦᠨᠳᠤᠰᠤᠨ ᠬᠠᠤᠯᠢ ᠶᠢ ᠵᠢᠷᠤᠮᠯᠠᠨ᠂ ᠦᠨᠳᠤᠰᠤᠨ ᠬᠠᠤᠯᠢ ᠶᠢ ᠬᠠᠮᠠᠭᠠᠯᠠᠵᠤ᠂ ᠦᠨᠳᠤᠰᠤᠨ ᠬᠠᠤᠯᠢ ᠶᠢ ᠬᠡᠷᠡᠭᠯᠡᠬᠦ︾ ᠭᠤᠤᠯ ᠰᠡᠲᠤᠪ ᠢ ᠬᠦᠢᠴᠡᠳ ᠢᠯᠡᠷᠡᠭᠦᠯᠬᠦ ᠶᠢᠨ ᠲᠦᠯᠦᠭᠡ᠂ ᠡᠯ᠎ᠡ ᠪᠠᠶᠢᠭᠤᠯᠭ᠎ᠠ ᠶᠢᠨ ᠬᠢᠨ ᠦᠨᠳᠤᠰᠤᠨ ᠬᠠᠤᠯᠢ ᠶᠢᠨ ᠬᠠᠮᠲᠤ ᠶᠢᠨ ᠲᠠᠩᠭᠠᠷᠢᠭ᠂ ᠮᠡᠳᠡᠯᠭᠡ ᠶᠢᠨ ᠤᠷᠤᠯᠳᠤᠭᠠᠨ᠂ ᠤᠯᠠᠭᠠᠠᠮᠦ᠋ᠴᠢᠷ ᠤᠨ ᠲᠤᠭᠯᠠᠯᠳᠠ ᠵᠡᠷᠭᠡ ᠡᠯᠪᠡᠭ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠦᠷᠨᠢᠬᠦᠯᠵᠦ᠂ ᠬᠠᠤᠯᠢ ᠶᠢ ᠤᠬᠠᠭᠤᠯᠵᠤ ᠲᠦᠬᠡᠮᠡᠯᠵᠢᠬᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠬᠦᠯᠵᠡᠢ᠃
     ᠤᠶᠢᠯᠠᠭᠠᠭᠰᠠᠨ ᠢᠶᠠᠷ᠂ ᠦᠨᠳᠦᠰᠦᠨ ᠬᠠᠤᠯᠢ ᠶᠢ ᠤᠬᠠᠭᠤᠯᠬᠤ ᠭᠠᠷᠠᠭ ᠤᠨ ᠠᠵᠢᠯᠯᠠᠭ᠎ᠠ ᠪᠤᠯ ᠲᠦᠪ ᠤᠨ ᠤᠬᠠᠭᠤᠯᠬᠤ ᠬᠡᠯᠳᠡᠰ᠂ ᠬᠠᠤᠯᠢ ᠴᠠᠭᠠᠵᠠ ᠶᠢᠨ ᠲᠤᠪᠴᠢᠶ᠎ᠠ᠂ ᠪᠦᠬᠦ ᠤᠯᠤᠰ ᠤᠨ ᠬᠠᠤᠯᠢ ᠶᠢ ᠲᠦᠬᠡᠮᠡᠯᠵᠢᠬᠦᠯᠬᠦ ᠠᠯᠪᠠᠨ ᠭᠡᠷ ᠠᠴᠠ ᠡᠬᠦᠰᠭᠡᠨ ᠪᠠᠶᠢᠭᠤᠯᠤᠭᠰᠠᠨ ᠤᠯᠠᠨ ᠲᠦᠮᠡᠨᠴᠢ ᠴᠢᠨᠠᠷ᠂ ᠨᠡᠶᠢᠬᠡᠮᠴᠢ ᠴᠢᠨᠠᠷ᠂ ᠪᠠᠶᠢᠩᠭᠤ ᠶᠢᠨ ᠴᠢᠨᠠᠷ ᠲᠠᠢ ᠤᠬᠠᠭᠤᠯᠭ᠎ᠠ ᠶᠢᠨ ᠠᠵᠢᠯᠯᠠᠭ᠎ᠠ ᠪᠠᠶᠢᠵᠤ᠂ ᠡᠨᠡ ᠵᠢᠯ ᠤᠨ 12 ᠰᠠᠷ᠎ᠠ ᠶᠢᠨ 4 ᠤ ᠡᠳᠤᠷ ᠪᠤᠯ ᠲᠠᠪᠤᠳᠠᠬᠢ ᠤᠯᠤᠰ ᠤᠨ ᠦᠨᠳᠦᠰᠦᠨ ᠬᠠᠤᠯᠢ ᠶᠢᠨ ᠡᠳᠦᠷ᠂ ᠮᠠᠨ ᠤ ᠤᠯᠤᠰ ᠤᠨ ᠠᠩᠬᠠᠳᠠᠭᠴᠢ ︽ᠦᠨᠳᠦᠰᠦᠨ ᠬᠠᠤᠯᠢ ᠶᠢ ᠤᠬᠠᠭᠤᠯᠬᠤ ᠭᠠᠷᠠᠭ︾ ᠤᠨ ᠡᠬᠢᠯᠡᠯᠳᠡ ᠶᠢᠨ ᠡᠳᠦᠷ ᠪᠠᠶᠢᠵᠤ᠂ ᠬᠤᠵᠢᠮ ᠦᠨᠳᠦᠰᠦᠨ ᠬᠠᠤᠯᠢ ᠶᠢᠨ ᠡᠳᠤᠷ ᠤᠨ ᠡᠮᠤᠨ᠎ᠡ ᠬᠤᠶᠢᠨ᠎ᠠ ᠪᠦᠬᠦ ᠤᠯᠤᠰ ᠢᠶᠠᠷ ᠢᠶᠠᠨ ︽ᠦᠨᠳᠦᠰᠦᠨ ᠬᠠᠤᠯᠢ ᠶᠢ ᠤᠬᠠᠭᠤᠯᠬᠤ ᠭᠠᠷᠠᠭ︾ ᠤᠨ ᠠᠵᠢᠯᠯᠠᠭ᠎ᠠ ᠦᠷᠨᠢᠬᠦᠯᠬᠦ ᠪᠤᠯᠤᠨ᠎ᠠ᠃ ᠡᠨᠡ ᠵᠢᠯ ᠤᠨ ︽ᠦᠨᠳᠦᠰᠦᠨ ᠬᠠᠤᠯᠢ ᠶᠢ ᠤᠬᠠᠭᠤᠯᠬᠤ ᠭᠠᠷᠠᠭ︾ ᠤᠨ ᠬᠤᠭᠤᠴᠠᠭᠠᠨ  ᠳᠤ ᠪᠦᠬᠦ ᠬᠤᠰᠢᠭᠤᠨ ᠤ ᠬᠡᠪᠴᠢᠶᠡᠨ ᠳᠤ ᠤᠯᠠᠨ ᠬᠡᠯᠪᠡᠷᠢ ᠶᠢᠨ ᠬᠠᠤᠯᠢ ᠶᠢ ᠤᠬᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠤ᠂ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠤᠬᠠᠮᠰᠠᠷ ᠠᠴᠠ ᠪᠠᠨ ᠬᠠᠤᠯᠢ ᠶᠢ ᠪᠠᠷᠢᠮᠲᠠᠯᠠᠨ᠂ ᠬᠠᠤᠯᠢ ᠪᠠᠷ ᠠᠵᠢᠯ ᠶᠠᠪᠤᠳᠠᠯ ᠪᠠ ᠠᠰᠠᠭᠤᠳᠠᠯ ᠢ ᠰᠢᠢᠳᠪᠤᠷᠢᠯᠡᠵᠤ᠂ ᠬᠠᠤᠯᠢ ᠴᠠᠭᠠᠵᠠ ᠳᠤ ᠲᠦᠰᠢᠭᠯᠡᠨ ᠵᠦᠷᠢᠴᠡᠯ ᠢ ᠰᠢᠢᠳᠪᠤᠷᠢᠯᠡᠬᠦ ᠦᠵᠡᠯᠲᠡ ᠶᠢ ᠪᠠᠲᠤ ᠪᠠᠬᠢ ᠪᠤᠢ ᠪᠤᠯᠭᠠᠬᠤ ᠳᠤ ᠵᠢᠯᠤᠭᠤᠳᠤᠯᠭ᠎ᠠ ᠪᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号