12 ᠰᠠᠷ᠎ᠠ ᠶᠢᠨ 4 ᠤ ᠡᠳᠦᠷ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠠᠮᠢᠲᠠᠨ ᠤ | ᠡᠷᠡᠭᠦᠯ ᠬᠠᠮᠠᠭᠠᠯᠠᠯ ᠢ ᠬᠢᠨᠠᠨ ᠬᠠᠮᠢᠶᠠᠷᠬᠤ ᠠᠯᠪᠠᠨ ᠭᠡᠷ ᠪᠦᠬᠦ ᠬᠤᠰᠢᠭᠤᠨ ᠤ ᠠᠮᠢᠲᠠᠨ ᠫᠠᠨᠽᠠᠯᠠᠭᠴᠢ᠂ ᠵᠠᠭᠤᠴᠢᠯᠠᠭᠴᠢ | ᠂ ᠵᠦᠭᠡᠭᠡᠪᠦᠷᠢᠯᠡᠭᠴᠢ ᠪᠤᠯᠤᠨ ᠵᠦᠭᠡᠭᠡᠪᠦᠷᠢᠯᠡᠬᠦ ᠲᠡᠷᠭᠡ ᠮᠠᠰᠢᠨ ᠢ ᠪᠦᠷᠢᠳᠬᠡᠨ ᠲᠠᠩᠰᠠᠯᠠᠬᠤ ᠪᠤᠯᠪᠠᠰᠤᠷᠠᠯ ᠤᠨ ᠬᠤᠷᠠᠯ | ᠢ ᠡᠷᠬᠢᠯᠡᠨ ᠶᠠᠪᠤᠭᠳᠠᠭᠤᠯᠪᠠ᠃ ᠬᠤᠰᠢᠭᠤ ᠠᠮᠢᠲᠠᠨ ᠤ ᠡᠷᠡᠭᠦᠯ ᠬᠠᠮᠠᠭᠠᠯᠠᠯ ᠢ ᠬᠢᠨᠠᠨ ᠬᠠᠮᠢᠶᠠᠷᠬᠤ ᠠᠯᠪᠠᠨ ᠭᠡᠷ ᠤᠨ | ᠬᠠᠮᠢᠶ᠎ᠠ ᠪᠦᠬᠦᠢ ᠬᠠᠷᠢᠭᠤᠴᠠᠯᠭᠠᠲᠠᠳ᠂ ᠡᠯ᠎ᠡ ᠰᠤᠮᠤ ᠪᠠᠯᠭᠠᠰᠤᠨ ᠤ ᠠᠮᠢᠲᠠᠨ ᠤ ᠡᠷᠡᠭᠦᠯ ᠬᠠᠮᠠᠭᠠᠯᠠᠯ ᠢ ᠬᠢᠨᠠᠨ | ᠬᠠᠮᠢᠶᠠᠷᠬᠤ ᠦᠷᠲᠡᠭᠡᠨ ᠤ ᠠᠵᠢᠯᠲᠠᠳ ᠵᠢᠴᠢ ᠪᠦᠬᠦ ᠬᠤᠰᠢᠭᠤᠨ ᠤ ᠠᠮᠢᠲᠠᠨ ᠫᠠᠨᠽᠠᠯᠠᠭᠴᠢ᠂ ᠵᠠᠭᠤᠴᠢᠯᠠᠭᠴᠢ᠂ | ᠵᠦᠭᠡᠭᠡᠪᠦᠷᠢᠯᠡᠭᠴᠢ ᠵᠡᠷᠭᠡ 200 ᠭᠠᠷᠤᠢ ᠬᠦᠮᠦᠰ ᠤᠷᠤᠯᠴᠠᠭᠰᠠᠨ ᠪᠠᠶᠢᠨ᠎ᠠ᠃ | ᠪᠤᠯᠪᠠᠰᠤᠷᠠᠯ ᠳᠡᠭᠡᠷ᠎ᠡ᠂ ᠠᠮᠢᠲᠠᠨ ᠤ ᠡᠷᠡᠭᠦᠯ ᠬᠠᠮᠠᠭᠠᠯᠠᠯ ᠢ ᠬᠢᠨᠠᠨ ᠬᠠᠮᠢᠶᠠᠷᠬᠤ ᠠᠯᠪᠠᠨ ᠭᠡᠷ ᠤᠨ ᠬᠠᠮᠢᠶ᠎ᠠ | ᠪᠦᠬᠦᠢ ᠬᠠᠷᠢᠭᠤᠴᠠᠯᠭᠠᠲᠠᠨ ᠠᠴᠠ ᠪᠦᠬᠦ ᠬᠤᠰᠢᠭᠤᠨ ᠤ ᠠᠮᠢᠲᠠᠨ ᠪᠠ ᠠᠮᠢᠲᠠᠨ ᠤ ᠪᠦᠲᠦᠭᠡᠭᠳᠡᠭᠦᠨ ᠢ ᠫᠠᠨᠽᠠᠯᠠᠭᠴᠢ | ᠪᠤᠯᠤᠨ ᠵᠠᠭᠤᠴᠢᠯᠠᠭᠴᠢ ᠵᠢᠴᠢ ᠵᠦᠭᠡᠭᠡᠪᠦᠷᠢᠯᠡᠨ ᠲᠡᠭᠡᠭᠡᠪᠦᠷᠢᠯᠡᠵᠦ ᠪᠠᠶᠢᠭ᠎ᠠ ᠬᠦᠮᠦᠰ ᠲᠤ ᠠᠮᠢᠲᠠᠨ ᠤ ᠬᠢᠵᠢᠭ ᠢ | ᠰᠡᠷᠭᠡᠶᠢᠯᠡᠬᠦ ᠮᠡᠳᠡᠯᠭᠡ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠮᠡᠳᠡᠯᠭᠡ᠂ | ᠤᠯᠤᠰ ᠤᠨ ᠲᠠᠷᠢᠶᠠᠯᠠᠩ ᠬᠦᠳᠡᠭᠡ ᠲᠤᠰᠬᠤᠨ ᠤ ᠶᠠᠮᠤᠨ ᠤ ᠪᠢᠴᠢᠭ ᠮᠠᠲ᠋ᠧᠷᠢᠶᠠᠯ᠂ ᠠᠮᠢᠲᠠᠨ ᠪᠠ ᠠᠮᠢᠲᠠᠨ ᠤ | ᠪᠦᠲᠦᠭᠡᠭᠳᠡᠭᠦᠨ ᠢ ᠵᠦᠭᠡᠭᠡᠪᠦᠷᠢᠯᠡᠨ ᠫᠠᠨᠽᠠᠯᠠᠬᠤ ᠡᠯ᠎ᠡ ᠲᠦᠷᠢᠮ ᠲᠤᠭᠲᠠᠭᠠᠯ ᠪᠠ ᠠᠮᠢᠲᠠᠨ ᠤ ᠪᠦᠲᠦᠭᠡᠭᠳᠡᠭᠦᠨ ᠢ | ᠵᠦᠭᠡᠭᠡᠪᠦᠷᠢᠯᠡᠨ ᠲᠡᠭᠡᠭᠡᠪᠦᠷᠢᠯᠡᠬᠦ ᠭᠠᠷ ᠭᠦᠢᠴᠡᠳᠬᠡᠯ ᠬᠢᠬᠦ ᠲᠤᠬᠠᠢ ᠲᠠᠶᠢᠯᠪᠤᠷᠢᠯᠠᠨ ᠶᠠᠷᠢᠭᠰᠠᠨ ᠪᠠᠶᠢᠨ᠎ᠠ᠃ | ᠪᠤᠯᠪᠠᠰᠤᠷᠠᠯ ᠢᠶᠠᠷ ᠲᠠᠮᠵᠢᠨ ᠪᠦᠬᠦ ᠠᠮᠢᠲᠠᠨ ᠪᠠ ᠠᠮᠢᠲᠠᠨ ᠤ ᠪᠦᠲᠦᠭᠡᠭᠳᠡᠭᠦᠨ ᠢ ᠫᠠᠨᠽᠠᠯᠠᠭᠴᠢ᠂ | ᠵᠠᠭᠤᠴᠢᠯᠠᠭᠴᠢ᠂ ᠵᠦᠭᠡᠭᠡᠪᠦᠷᠢᠯᠡᠨ ᠲᠡᠭᠡᠭᠡᠪᠦᠷᠢᠯᠡᠵᠦ ᠪᠠᠶᠢᠭ᠎ᠠ ᠬᠦᠮᠦᠰ ᠤᠨ ᠬᠠᠥᠯᠢ ᠶᠢᠨ ᠮᠡᠳᠡᠯᠭᠡ ᠶᠢ ᠤᠯᠠᠮ ᠨᠢᠭᠡ | ᠠᠯᠬᠤᠮ ᠨᠡᠮᠡᠭᠳᠡᠭᠦᠯᠵᠦ ᠠᠮᠢᠲᠠᠨ ᠤ ᠬᠢᠵᠢᠭ ᠰᠡᠷᠭᠡᠶᠢᠯᠡᠯᠲᠡ ᠳᠤ ᠢᠳᠡᠪᠬᠢᠲᠡᠢ ᠤᠷᠤᠯᠴᠠᠬᠤ ᠶᠢ ᠲᠠᠶᠢᠴᠢᠯᠠᠨ ᠭᠠᠳᠠᠨ᠎ᠠ | ᠤᠷᠤᠨ ᠤ ᠬᠢᠵᠢᠭ ᠡᠪᠡᠳᠴᠢᠨ ᠮᠠᠨ ᠤ ᠭᠠᠵᠠᠷ ᠤᠷᠤᠨ ᠳᠤ ᠲᠡᠯᠭᠡᠷᠡᠬᠦ ᠶᠢ ᠰᠠᠷᠭᠡᠶᠢᠯᠡᠵᠦ ᠮᠠᠯᠴᠢᠨ ᠲᠠᠷᠢᠶᠠᠴᠢᠨ ᠤ | ᠲᠡᠵᠢᠭᠡᠨ ᠦᠷᠡᠵᠢᠭᠦᠯᠬᠦ ᠳᠤ ᠠᠶᠤᠯᠭᠦᠢ ᠶᠢ ᠪᠠᠲᠤᠯᠠᠭᠰᠠᠨ ᠪᠠᠶᠢᠨ᠎ᠠ᠃ |