ᠦᠤᠰᠢᠨ ᠬᠤᠰᠢᠭᠤᠨ ᠤ ᠣᠯᠠᠨ ᠨᠡᠶᠢᠳᠠ ᠶᠢᠨ ᠳᠠᠯᠠᠪᠣᠷ ᠤᠨ ᠰᠣᠨᠢᠨ ᠮᠡᠳᠡᠭᠡ ᠵᠠᠭᠤᠴᠢᠯᠠᠭᠤᠷ ᠪᠠ ᠵᠣᠭᠠᠴᠠᠯ ᠤᠨ ᠦᠵᠡᠮᠵᠢ ᠶᠢᠨ ᠣᠷᠣᠨ ᠤ ᠦᠬᠡ ᠬᠡᠯᠡ ᠦᠰᠦᠭ ᠪᠢᠴᠢᠭ ᠤᠨ ᠲᠦᠷᠢᠮᠵᠢᠬᠦᠨ ᠬᠡᠷᠡᠭᠯᠡᠯᠳᠡ ᠎ ᠳᠤ ᠳᠣᠰᠬᠠᠢ ᠲᠦᠷᠥᠯ ᠤᠨ ᠪᠠᠶᠢᠴᠠᠭᠠᠯᠳᠠ ᠬᠢᠬᠦ ᠬᠡᠷᠡᠭᠵᠢᠬᠦᠯᠬᠦ ᠲᠦᠰᠥᠯ ᠢ ᠳᠠᠷᠣᠮᠠᠯᠯᠠᠨ ᠳᠠᠷᠬᠠᠭᠠᠬᠤ ᠲᠣᠬᠠᠢ ᠦᠦᠰᠢᠨ        ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡ᠊
ᠨᠡᠶᠢᠲᠡᠯᠡᠭᠰᠡᠨ ᠴᠠᠭ᠄
2018-04-10
ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠡᠯ᠎ᠡ ᠰᠠᠯᠠᠭ᠎ᠠ ᠮᠦᠴᠢᠷ᠄    ︽ᠦᠤᠰᠢᠨ ᠬᠤᠰᠢᠭᠤᠨ ᠤ ᠣᠯᠠᠨ ᠨᠡᠶᠢᠳᠠ ᠶᠢᠨ ᠳᠠᠯᠠᠪᠣᠷ ᠤᠨ ᠰᠣᠨᠢᠨ ᠮᠡᠳᠡᠭᠡ ᠵᠠᠭᠤᠴᠢᠯᠠᠭᠤᠷ ᠪᠠ ᠵᠢᠭᠤᠯᠴᠢᠯᠡᠯ ᠤᠨ ᠦᠵᠡᠮᠵᠢ ᠶᠢᠨ ᠣᠷᠣᠨ ᠤ ᠦᠬᠡ ᠬᠡᠯᠡ ᠦᠰᠦᠭ ᠪᠢᠴᠢᠭ ᠤᠨ ᠲᠦᠷᠢᠮᠵᠢᠬᠦᠨ ᠬᠡᠷᠡᠭᠯᠡᠯᠳᠡ ᠳᠤ ᠳᠣᠰᠬᠠᠢ ᠲᠦᠷᠥᠯ ᠤᠨ ᠪᠠᠶᠢᠴᠠᠭᠠᠯᠳᠠ ᠬᠢᠬᠦ ᠬᠡᠷᠡᠭᠵᠢᠬᠦᠯᠬᠦ ᠲᠦᠰᠥᠯ︾᠎ ᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠠᠷᠡᠬᠦᠯᠵᠣ᠂ ᠡᠳᠦᠬᠡ ᠳᠠᠨᠡᠷ ᠲᠤ ᠳᠠᠷᠣᠮᠠᠯᠯᠠᠨ ᠳᠠᠷᠬᠠᠭᠠᠪᠠ᠂ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠣᠨ ᠨᠠᠷᠢᠨ ᠬᠢᠨᠠᠮᠠᠭᠠᠢ ᠵᠣᠬᠢᠶᠠᠨ ᠪᠠᠶᠢᠭᠤᠯᠣᠨ ᠬᠡᠷᠡᠭᠵᠢᠬᠦᠯᠦᠬᠡᠷᠡᠢ᠃                         ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                         2017 ᠣᠨ ᠤ 5 ᠰᠠᠷ᠎ᠠ ᠶᠢᠨ16 ᠡᠳᠦᠷ                      ᠦᠤᠰᠢᠨ ᠬᠤᠰᠢᠭᠤᠨ ᠤ ᠣᠯᠠᠨ ᠨᠡᠶᠢᠳᠠ ᠶᠢᠨ ᠳᠠᠯᠠᠪᠣᠷ ᠤᠨ ᠰᠣᠨᠢᠨ ᠮᠡᠳᠡᠭᠡ ᠵᠠᠭᠤᠴᠢᠯᠠᠭᠤᠷ ᠪᠠ            ᠵᠣᠭᠠᠴᠠᠯ ᠤᠨ ᠦᠵᠡᠮᠵᠢ ᠶᠢᠨ ᠣᠷᠣᠨ ᠤ ᠦᠬᠡ ᠬᠡᠯᠡ ᠦᠰᠦᠭ ᠪᠢᠴᠢᠭ ᠤᠨ ᠲᠦᠷᠢᠮᠵᠢᠬᠦᠨ            ᠬᠡᠷᠡᠭᠯᠡᠯᠳᠡ ᠳᠤ ᠳᠣᠰᠬᠠᠢ ᠲᠦᠷᠥᠯ ᠤᠨ ᠪᠠᠶᠢᠴᠠᠭᠠᠯᠳᠠ ᠬᠢᠬᠦ ᠬᠡᠷᠡᠭᠵᠢᠬᠦᠯᠬᠦ ᠲᠦᠰᠥᠯ    ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠡᠶᠢᠳᠠᠮ ᠬᠡᠷᠡᠭᠯᠡᠬᠡᠨ ᠤ ᠦᠬᠡ ᠬᠡᠯᠡ ᠦᠰᠦᠭ ᠪᠢᠴᠢᠭ ᠤᠨ ᠬᠠᠣᠯᠢ︾᠂ ︽ᠦᠪᠣᠷ  ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠳᠣᠮᠳᠠ ᠣᠷᠳᠣ ᠬᠤᠭᠤᠴᠠᠭᠠᠨ ᠤ ᠦᠬᠡ ᠬᠡᠯᠡ ᠦᠰᠦᠭ ᠪᠢᠴᠢᠭ ᠤᠨ ᠠᠵᠢᠯ ᠣᠶᠢᠯᠡᠰ ᠤᠨ ᠦᠬᠡᠷᠡᠴᠢᠯᠡᠯᠳᠡ ᠪᠠ ᠬᠦᠭᠵᠢᠯᠳᠡ ᠶᠢᠨ ᠲᠥᠯᠥᠪᠵᠢᠬᠦᠯᠬᠡ ᠶᠢᠨ ᠬᠦᠳᠦᠯᠪᠤᠷᠢ ︵2014 — 2020 ᠣᠨ︶︾᠎ ᠶᠢ ᠪᠦᠬᠦ ᠳᠠᠯ᠎ᠠ ᠪᠠᠷ ᠳᠣᠣᠱᠯᠠᠭᠤᠯᠣᠨ ᠨᠠᠶᠢᠳᠠᠪᠣᠷᠢᠵᠢᠭᠤᠯᠵᠣ ᠨᠡᠶᠢᠬᠡᠮ ᠤᠨ ᠦᠬᠡ ᠬᠡᠯᠡ ᠦᠰᠦᠭ ᠪᠢᠴᠢᠭ ᠢ ᠲᠦᠷᠢᠮᠵᠢᠬᠦᠯᠥᠨ ᠬᠡᠷᠡᠭᠯᠡᠭᠰᠡᠨ ᠬᠢᠷᠢ ᠲᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠵᠣ᠂ ᠰᠠᠶᠢᠨ ᠰᠠᠶᠢᠬᠠᠨ ᠬᠤᠳᠠ ᠶᠢᠨ ᠰᠣᠶᠣᠯ ᠤᠨ ᠲᠦᠷᠢ ᠲᠦᠷᠬᠦ ᠶᠢ ᠢᠯᠡᠷᠡᠬᠦᠯᠥᠨ ᠪᠠᠶᠢᠴᠠᠭᠠᠬᠤ ᠠᠵᠢᠯᠯᠠᠭᠠᠨ ᠢ ᠣᠷᠣᠭᠰᠢᠳᠠᠢ ᠶᠠᠪᠣᠭᠳᠠᠬᠤ ᠶᠢ ᠪᠠᠳᠣᠯᠠᠬᠤ ᠶᠢᠨ ᠳᠣᠰᠠᠳᠠ ᠣᠨᠴᠠᠭᠠᠶᠢᠯᠠᠨ ᠳᠣᠰ ᠲᠦᠰᠥᠯ ᠢ ᠳᠣᠭᠳᠠᠭᠠᠪᠠ᠃    ᠨᠢᠬᠡ᠂ ᠵᠢᠯᠣᠭᠤᠳᠬᠤ ᠦᠵᠡᠯ ᠰᠠᠨᠠᠭ᠎ᠠ    ︽ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠳᠣᠮᠳᠠ ᠣᠷᠳᠣ ᠬᠤᠭᠤᠴᠠᠭᠠᠨ ᠤ ᠦᠬᠡ ᠬᠡᠯᠡ ᠦᠰᠦᠭ ᠪᠢᠴᠢᠭ ᠤᠨ ᠠᠵᠢᠯ ᠣᠶᠢᠯᠡᠰ ᠤᠨ ᠦᠬᠡᠷᠡᠴᠢᠯᠡᠯᠳᠡ ᠪᠠ ᠬᠦᠭᠵᠢᠯᠳᠡ ᠶᠢᠨ ᠲᠥᠯᠥᠪᠵᠢᠬᠦᠯᠬᠡ ᠶᠢᠨ ᠬᠦᠳᠦᠯᠪᠤᠷᠢ ︵2014 — 2020 ᠣᠨ︶︾᠎ ᠶᠢ ᠬᠦᠨᠵᠡᠬᠡᠢ ᠬᠡᠷᠡᠭᠵᠢᠬᠦᠯᠵᠣ᠂ ᠨᠡᠶᠢᠬᠡᠮ ᠤᠨ ᠦᠬᠡ ᠬᠡᠯᠡ ᠦᠰᠦᠭ ᠪᠢᠴᠢᠭ ᠢ ᠲᠦᠷᠢᠮᠵᠢᠬᠦᠯᠬᠦ ᠦᠵᠡᠯ ᠣᠬᠠᠮᠰᠠᠷ ᠢ ᠪᠦᠬᠦ ᠳᠠᠯ᠎ᠠ ᠪᠠᠷ ᠳᠡᠬᠡᠭᠰᠢᠯᠡᠬᠦᠯᠵᠣ᠂ ᠬᠤᠳᠠ ᠶᠢᠨ ᠬᠡᠷᠡᠭᠯᠡᠬᠡᠨ ᠤ ᠦᠬᠡ ᠬᠡᠯᠡ ᠦᠰᠦᠭ ᠪᠢᠴᠢᠭ ᠢ ᠲᠦᠷᠢᠮᠵᠢᠬᠦᠯᠥᠭᠰᠡᠨ ᠬᠢᠷᠢ ᠲᠦᠪᠰᠢᠨ ᠢ ᠳᠡᠬᠡᠭᠰᠢᠯᠡᠬᠦᠯᠵᠣ᠂ ᠬᠤᠳᠠ ᠎ ᠶᠢᠨ ᠰᠣᠶᠣᠯ ᠤᠨ ᠰᠠᠶᠢᠨ ᠰᠠᠶᠢᠬᠠᠨ ᠲᠦᠷᠢ ᠲᠦᠷᠬᠦ ᠶᠢ ᠢᠯᠡᠷᠡᠬᠦᠯᠥᠨ ᠬᠤᠳᠠ ᠶᠢᠨ ᠰᠣᠶᠣᠯ ᠤᠨ ᠵᠡᠷᠬᠡ ᠳᠠᠰ ᠢ ᠴᠢᠷᠮᠡᠶᠢᠨ ᠳᠡᠬᠡᠭᠰᠢᠯᠡᠬᠦᠯᠥᠨ᠎ᠠ᠃    ᠬᠤᠶᠡᠷ᠂ ᠪᠠᠶᠢᠴᠠᠭᠠᠯᠳᠠ ᠶᠢᠨ ᠬᠦᠷᠢᠶ᠎ᠠ ᠬᠡᠪᠴᠢᠶ᠎ᠠ ᠵᠢᠴᠢ ᠠᠭᠤᠯᠭ᠎ᠠ    ︵ᠨᠢᠬᠡ︶ ᠪᠠᠶᠢᠴᠠᠭᠠᠬᠤ ᠬᠦᠷᠢᠶ᠎ᠠ ᠬᠡᠪᠴᠢᠶ᠎ᠠ    ᠴᠡᠴᠡᠷᠯᠢᠭ᠂ ᠠᠭᠤᠳᠠᠮ ᠳᠠᠯᠠᠪᠠᠢ᠂ ᠵᠡᠬᠡᠯᠢ ᠭᠤᠳᠣᠮᠵᠢ᠂ ᠵᠣᠭᠠᠴᠠᠯ ᠤᠨ ᠦᠵᠡᠮᠵᠢ ᠶᠢᠨ ᠣᠷᠣᠨ᠂ ᠭᠠᠯᠳᠣ ᠳᠡᠷᠬᠡᠨ ᠦᠷᠳᠡᠭᠡ᠂ ᠮᠠᠰᠢᠨ ᠳᠡᠷᠬᠡᠨ ᠦᠷᠳᠡᠭᠡ᠂ ᠪᠠᠩᠬᠢ᠂ ᠰᠢᠣᠳᠠᠨ ᠳᠣᠪᠴᠢᠶ᠎ᠠ᠂ ᠡᠮᠨᠡᠯᠬᠡ ᠶᠢᠨ ᠬᠤᠷᠢᠶ᠎ᠠ᠂ ᠬᠤᠳᠠᠯᠳᠣᠭᠠᠨ ᠤ ᠳᠠᠯᠠᠪᠣᠷ᠂ ᠣᠯᠠᠨ ᠨᠡᠶᠢᠳᠠ ᠶᠢᠨ ᠳᠠᠯᠠᠪᠣᠷ᠂ ᠷᠠᠳᠢᠤ᠋ ᠬᠤᠷᠢᠶ᠎ᠠ᠂ ᠲᠧᠯᠸᠢᠰ ᠬᠤᠷᠢᠶ᠎ᠠ᠂ ᠰᠣᠨᠢᠨ ᠬᠤᠷᠢᠶ᠎ᠠ ᠵᠡᠷᠬᠡ ᠰᠣᠨᠢᠨ ᠮᠡᠳᠡᠭᠡ ᠵᠠᠭᠤᠴᠢᠯᠠᠭᠤᠷ ᠶᠢᠨ ᠨᠢᠬᠡᠴᠡ ᠶᠢᠨ ᠨᠡᠪᠳᠡᠷᠡᠬᠦᠯᠥᠭᠰᠡᠨ ᠳᠡᠯᠬᠡᠴᠡ ᠪᠠ ᠬᠡᠪᠯᠡᠬᠦᠯᠥᠭᠰᠡᠨ ᠰᠣᠨᠢᠨ ᠰᠡᠳᠬᠦᠯ ᠵᠡᠷᠬᠡ᠃    ︵ᠬᠤᠶᠡᠷ︶ ᠪᠠᠶᠢᠴᠠᠭᠠᠯᠳᠠ ᠶᠢᠨ ᠠᠭᠤᠯᠭ᠎ᠠ    ⒈ ᠡᠯ᠎ᠡ ᠣᠯᠠᠨ ᠨᠡᠶᠢᠳᠠ ᠶᠢᠨ ᠳᠠᠯᠠᠪᠣᠷ ᠲᠤ ᠡᠯᠬᠦᠭᠰᠡᠨ ᠣᠬᠠᠭᠤᠯᠭ᠎ᠠ ᠶᠢᠨ ᠫᠠᠶᠢᠰᠠ ᠢᠯᠡᠷᠬᠡᠶᠢᠯᠡᠯ᠂ ᠵᠡᠷ ᠮᠡᠳᠡᠬᠡᠨ ᠫᠠᠶᠢᠰᠠ᠂ ᠵᠡᠬᠡᠯᠢ ᠭᠤᠳᠣᠮᠵᠢ᠂ ᠬᠤᠳᠠᠯᠳᠤᠭ᠎ᠠ ᠳᠡᠯᠬᠡᠬᠦᠷ ᠤᠨ ᠳᠠᠮᠳᠡᠭ ᠫᠠᠶᠢᠰᠠ ᠵᠢᠴᠢ ᠭᠠᠵᠠᠷ ᠤᠨ ᠨᠠᠷᠠᠰ ᠎ ᠤᠨ ᠫᠠᠶᠢᠰᠠ᠂ ᠵᠠᠮ ᠤᠨ ᠫᠠᠶᠢᠰᠠ᠂ ᠦᠷᠳᠡᠬᠡᠨ ᠫᠠᠶᠢᠰᠠ᠂ ᠵᠢᠭᠠᠯᠳᠠ ᠫᠠᠶᠢᠰᠠ ᠶᠢᠨ ᠣᠷᠢᠶ᠎ᠠ ᠶᠢᠨ ᠬᠡᠷᠡᠭᠯᠡᠬᠡᠨ ᠤ ᠦᠬᠡ᠂ ᠨᠢᠬᠡᠴᠡ ᠶᠢᠨ ᠨᠠᠷᠠᠰ ᠨᠠᠷᠠᠶᠢᠳᠣᠯ ᠤᠨ ᠫᠠᠶᠢᠰᠠ᠂ ᠵᠠᠷ ᠮᠡᠳᠡᠬᠡᠨ ᠫᠠᠶᠢᠰᠠ᠂ ᠡᠯᠧᠺᠲᠷᠣᠨ ᠢᠯᠡᠷᠬᠡᠶᠢᠯᠡᠯᠳᠣ ᠫᠠᠶᠢᠰᠠ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠵᠡᠷᠬᠡ ᠵᠡᠷ ᠮᠡᠳᠡᠬᠡᠨ ᠤ ᠠᠴᠢᠶᠠᠯᠠᠭᠴᠢ ᠶᠢᠨ ᠬᠡᠷᠡᠭᠯᠡᠬᠡᠨ ᠤ ᠦᠰᠦᠭ᠂ ᠰᠣᠶᠣᠯ ᠳᠠᠮᠢᠷ ᠤᠨ ᠠᠵᠢᠯᠯᠠᠭᠠᠨ᠂ ᠬᠤᠷᠠᠯ ᠤᠨ ᠣᠷᠢᠶ᠎ᠠ ᠶᠢᠨ ᠬᠡᠷᠡᠭᠯᠡᠭᠡᠨ ᠤ ᠦᠰᠦᠭ ᠵᠢᠴᠢ ᠪᠣᠰᠣᠳ ᠣᠯᠠᠨ ᠨᠠᠶᠢᠳᠠ ᠳᠤ ᠬᠠᠨᠳᠣᠭᠤᠯᠣᠭᠰᠠᠨ ᠢᠯᠡᠷᠬᠡᠶᠢᠯᠡᠯ`᠎ ᠤᠨ ᠴᠢᠨᠡᠷᠳᠡᠢ ᠦᠰᠦᠭ ᠪᠢᠴᠢᠭ ᠤᠨ ᠲᠦᠷᠢᠮᠵᠢᠭᠰᠡᠨ ᠴᠢᠨᠡᠷ ᠃ ᠠᠩᠬᠢᠯᠢ ᠪᠢᠴᠢᠭ ᠢᠶᠠᠷ ᠢᠯᠡᠷᠬᠡᠶᠢᠯᠡᠭᠰᠡᠨ ᠢ ᠪᠣᠯ ︽ᠣᠯᠠᠨ ᠨᠠᠶᠢᠳᠠ ᠶᠢᠨ ᠣᠶᠢᠯᠡᠴᠢᠯᠡᠬᠡᠨ ᠤ ᠬᠦᠷᠢᠶᠠᠨ ᠳᠠᠬᠢ ᠠᠩᠬᠢᠯᠢ ᠪᠢᠴᠢᠭ ᠢ ᠣᠷᠴᠢᠭᠤᠯᠣᠨ ᠪᠢᠴᠢᠬᠦ ᠲᠦᠷᠢᠮᠵᠢᠯ︾ ︵GB/T 30240.1-2013)᠎ ᠢ ᠦᠨᠳᠣᠰᠣᠯᠡᠨ ᠪᠠᠶᠢᠴᠠᠭᠠᠨ᠎ᠠ᠃    ⒉ ᠷᠡᠳᠢᠤ᠋᠂ ᠲᠧᠯᠸᠢᠰ ᠤᠨ ᠬᠤᠷᠢᠶ᠎ᠠ ᠨᠡᠪᠳᠡᠷᠡᠬᠦᠯᠥᠭᠰᠡᠨ ᠳᠡᠯᠬᠡᠴᠡ ᠵᠢᠴᠢ ᠬᠠᠪᠰᠣᠷᠭᠠᠨ ᠨᠡᠪᠳᠡᠷᠡᠬᠦᠯᠥᠭᠰᠡᠨ ᠦᠬᠡ ᠬᠡᠯᠡ ᠦᠰᠦᠭ ᠪᠢᠴᠢᠭ ᠤᠨ ᠲᠦᠷᠢᠮᠵᠢᠬᠦᠯᠥᠭᠰᠡᠨ ᠴᠢᠨᠡᠷ︔ ᠰᠣᠨᠢᠨ ᠬᠤᠷᠢᠶ᠎ᠠ ᠶᠢᠨ ᠳᠠᠷᠬᠠᠭᠠᠭᠰᠠᠨ ᠰᠣᠨᠢᠨ ᠰᠠᠳᠬᠦᠯ ᠤᠨ ᠠᠭᠤᠯᠭ᠎ᠠ ᠵᠢᠴᠢ ᠰᠠᠳᠬᠦᠯ ᠤᠨ ᠵᠠᠷ ᠮᠡᠳᠡᠭᠡ ᠶᠢᠨ ᠦᠬᠡ ᠬᠡᠯᠡ ᠦᠰᠦᠭ ᠪᠢᠴᠢᠭ ᠤᠨ ᠲᠦᠷᠢᠮᠵᠢᠬᠦᠯᠥᠭᠰᠡᠨ ᠴᠢᠨᠡᠷ᠃    ⒊ ᠣᠯᠣᠰ᠂ ᠦᠪᠡᠷᠳᠡᠬᠡᠨ ᠵᠠᠰᠠᠬᠤ ᠣᠷᠣᠨ ᠤ ᠰᠢᠨ᠎ᠡ ᠨᠡᠶᠢᠳᠠᠯᠡᠭᠰᠡᠨ ᠬᠤᠯᠪᠣᠭᠳᠠᠯ ᠪᠦᠬᠦᠢ ᠦᠬᠡ ᠬᠡᠯᠡ ᠦᠰᠦᠭ ᠪᠢᠴᠢᠭ ᠤᠨ ᠲᠦᠷᠢᠮᠵᠢᠬᠦᠯᠥᠯᠳᠡ ᠶᠢᠨ ᠪᠠᠷᠢᠮᠵᠢᠶ᠎ᠠ ᠶᠢ ᠬᠡᠷᠡᠭᠵᠢᠬᠦᠯᠥᠭᠰᠡᠨ ᠪᠠᠶᠢᠳᠠᠯ᠃    ᠭᠤᠷᠪᠠ᠂ ᠪᠠᠶᠢᠴᠠᠭᠠᠯᠳᠠ ᠶᠢᠨ ᠬᠠᠣᠯᠢ ᠲᠦᠷᠢᠮ᠂ ᠪᠠᠷᠢᠮᠵᠢᠶ᠎ᠠ ᠦᠨᠳᠣᠰᠣᠯᠠᠯ    ︵ᠨᠢᠬᠡ︶ ︽ᠪᠦᠬᠦᠳᠠ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠡᠶᠢᠳᠡᠮ ᠬᠡᠷᠡᠭᠯᠡᠬᠡᠨ ᠤ ᠦᠬᠡ ᠬᠡᠯᠡ ᠦᠰᠦᠭ ᠪᠢᠴᠢᠭ ᠤᠨ ᠬᠠᠣᠯᠢ︾᠃    ︵ᠬᠤᠶᠡᠷ︶ ︽ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ〈 ᠪᠦᠬᠦᠳᠠ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠡᠶᠢᠳᠡᠮ ᠬᠡᠷᠡᠭᠯᠡᠬᠡᠨ ᠤ ᠦᠬᠡ ᠬᠡᠯᠡ ᠦᠰᠦᠭ ᠪᠢᠴᠢᠭ ᠤᠨ ᠬᠠᠣᠯᠢ〉ᠠᠷᠭ᠎ᠠ︾ ︵ᠦᠪᠡᠷᠳᠡᠬᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶᠠᠨ ᠤ ᠨᠠᠶᠢᠳᠠᠯᠠᠯ 47 ᠳ᠋ᠣᠭᠠᠷ ᠳᠣᠭᠠᠳᠣ︶᠂ ︽ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠮᠣᠩᠭᠤᠯ ᠤᠨ ᠦᠬᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ︾ ︵ᠦᠪᠡᠷᠳᠡᠬᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠎ ᠶᠢᠨ ᠬᠤᠷᠢᠶᠠᠨ ᠤ ᠨᠠᠶᠢᠳᠠᠯᠠᠯ 19 ᠳ᠋ᠣᠭᠠᠷ ᠳᠣᠭᠠᠳᠣ︶᠂ ︽ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠎ ᠤ ᠠᠷᠠᠳ ᠤᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠡᠨ ᠲᠢᠩᠬᠢᠮ ᠤᠨ〈 ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠨᠡᠶᠢᠬᠡᠮ ᠤᠨ ᠬᠡᠷᠡᠭᠯᠡᠬᠡᠨ ᠤ ᠬᠤᠳᠠ ᠶᠢᠨ ᠨᠡᠶᠢᠬᠡᠮ ᠤᠨ ᠬᠡᠷᠡᠭᠯᠡᠬᠡᠨ ᠎ ᠤ ᠮᠣᠩᠭᠤᠯ ᠬᠢᠳᠡᠳ ᠬᠤᠶᠡᠷ ᠲᠦᠷᠥᠯ ᠤᠨ ᠦᠰᠦᠭ ᠪᠢᠴᠢᠭ ᠢ ᠬᠠᠮᠳᠣᠪᠠᠷ ᠬᠡᠷᠡᠭᠯᠡᠬᠦ ᠬᠠᠮᠢᠶᠠᠷᠣᠯᠳᠠ ᠶᠢᠨ ᠠᠷᠭ᠎ᠠ〉᠎ ᠶᠢ ᠳᠠᠷᠣᠮᠠᠯᠯᠠᠨ ᠳᠠᠷᠬᠠᠭᠠᠭᠰᠠᠨ ᠮᠡᠳᠡᠭᠳᠡᠯ︾ ︵ᠦᠪᠣᠷ ᠵᠠᠰᠠᠭ ᠠᠯᠪᠡᠨ ᠳᠠᠷᠬᠠᠭᠠᠭᠰᠠᠨ〔1996〕32 ᠳ᠋ᠣᠭᠠᠷ ᠳᠣᠭᠠᠳᠣ  ︶᠃    ︵ᠭᠤᠷᠪᠠ︶ ᠣᠯᠣᠰ ᠤᠨ ᠬᠤᠯᠪᠣᠭᠳᠠᠯ ᠪᠦᠬᠦᠢ ᠦᠬᠡ ᠬᠡᠯᠡ ᠦᠰᠦᠭ ᠪᠢᠴᠢᠭ ᠤᠨ ᠲᠦᠷᠢᠮᠵᠢᠯ ᠤᠨ ᠪᠠᠷᠢᠮᠵᠢᠶ᠎ᠠ᠃    ⒈ ︽ᠨᠡᠶᠢᠳᠡᠮ ᠬᠡᠷᠡᠭᠯᠡᠬᠡᠨ ᠤ ᠲᠦᠷᠢᠮᠵᠢᠬᠦᠯᠥᠭᠰᠡᠨ ᠬᠢᠳᠡᠳ ᠪᠢᠴᠢᠭ ᠤᠨ ᠬᠦᠰᠦᠨᠦᠭᠳᠣ︾᠃    ⒉ ︽ᠴᠡᠭ ᠳᠡᠮᠳᠡᠭ ᠤᠨ ᠬᠡᠷᠡᠭᠯᠡᠬᠡᠨ ᠤ ᠳᠡᠮᠳᠡᠭ︾ ︵GB/T 15834-2011︶᠃    ⒊ ︽ᠬᠡᠪᠯᠡᠯ ᠳᠡᠬᠡᠷᠡᠬᠢ ᠳᠤᠭ᠎ᠠ ᠦᠰᠦᠭ ᠤᠨ ᠬᠡᠷᠡᠭᠯᠡᠬᠡᠨ ᠤ ᠬᠠᠣᠯᠢ︾ ︵GB/T 15835-2011︶᠃    ⒋ ︽ᠬᠢᠳᠡᠳ ᠦᠰᠦᠭ ᠤᠨ ᠭᠠᠯᠢᠭ ᠦᠰᠦᠭ ᠤᠨ ᠪᠢᠴᠢᠭᠯᠡᠯ ᠤᠨ ᠠᠷᠭ᠎ᠠ ᠶᠢᠨ ᠦᠨᠳᠣᠰᠣᠨ ᠲᠦᠷᠢᠮᠵᠢᠯ︾ ︵GB/T 16159 -2012︶᠃    ⒌ ︽ᠳᠣᠮᠳᠠᠳᠣ ᠣᠯᠣᠰ ᠤᠨ ᠬᠦᠮᠦᠨ ᠤ ᠨᠠᠷ᠎ᠠ ᠶᠢᠨ ᠬᠢᠳᠡᠳ ᠦᠰᠦᠭ ᠤᠨ ᠭᠠᠯᠢᠭ ᠦᠰᠦᠭ ᠤᠨ ᠪᠢᠴᠢᠭᠯᠡᠯ ᠎ ᠤᠨ ᠲᠦᠷᠢᠮ︾ ︵GB/T 28039-2011︶᠃    ⒍ ︽ᠣᠯᠠᠨ ᠨᠠᠶᠢᠳᠠ ᠶᠢᠨ ᠣᠶᠢᠯᠡᠴᠢᠯᠡᠬᠡᠨ ᠤ ᠣᠷᠣᠨ ᠬᠦᠷᠢᠶᠠᠨ ᠤ ᠠᠩᠬᠢᠯᠢ ᠪᠢᠴᠢᠭ ᠤᠨ ᠣᠷᠴᠢᠭᠤᠯᠭ᠎ᠠ ᠎ ᠶᠢᠨ ᠲᠦᠷᠢᠮᠵᠢᠯ︾ ︵GB/T 302240.1-2013︶᠃    ᠲᠦᠷᠪᠠ᠂ ᠡᠯ᠎ᠡ ᠰᠠᠯᠠᠭ᠎ᠠ ᠮᠦᠴᠢᠷ ᠤᠨ ᠡᠬᠦᠷᠬᠡ ᠬᠠᠷᠢᠭᠤᠴᠠᠯᠭ᠎ᠠ ᠶᠢᠨ ᠬᠤᠪᠢᠶᠠᠷᠢᠯᠠᠯᠳᠠ    ︵ᠨᠢᠬᠡ︶ ᠬᠤᠰᠢᠭᠤ ᠪᠣᠯᠪᠠᠰᠣᠨ ᠤ ᠠᠯᠪᠠᠨ ᠬᠡᠷ ᠬᠤᠰᠢᠭᠤ ᠬᠢᠳᠡᠳ ᠬᠡᠯᠡᠨ ᠤ ᠵᠦᠪᠯᠡᠯ ᠤᠨ ᠠᠯᠪᠡᠨ ᠬᠡᠷ ᠲᠠᠢ ᠬᠠᠮᠳᠣᠷᠠᠨ ᠪᠦᠬᠦ ᠬᠤᠰᠢᠭᠤᠨ ᠤ ᠭᠤᠣᠯ ᠪᠣᠯᠬᠤ ᠵᠡᠬᠡᠯᠢ ᠭᠤᠳᠣᠮᠵᠢ ᠶᠢᠨ ᠨᠠᠶᠢᠳᠠ ᠶᠢᠨ ᠠᠰᠠᠷᠠᠮᠵᠢ ᠶᠢᠨ ᠵᠠᠷ ᠮᠡᠳᠡᠭᠡ ᠪᠠ ᠣᠬᠠᠭᠤᠯᠭ᠎ᠠ ᠶᠢᠨ ᠣᠷᠢᠶ᠎ᠠ ᠶᠢ ᠪᠦᠬᠦ ᠳᠠᠯ᠎ᠠ ᠪᠠᠷ ᠪᠠᠶᠢᠴᠠᠭᠠᠨ᠎ᠠ᠃    ︵ᠬᠤᠶᠡᠷ︶ ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ ᠬᠤᠰᠢᠭᠤ ᠰᠣᠶᠣᠯ ᠷᠠᠳᠢᠤ᠋ ᠨᠠᠪᠳᠠᠷᠠᠬᠦᠯᠬᠡ ᠲᠧᠯᠸᠢᠰ ᠤᠨ ᠳᠣᠪᠴᠢᠶ᠎ᠠ ᠲᠠᠢ ᠬᠠᠮᠳᠣᠷᠠᠨ ᠷᠡᠳᠢᠤ᠋ ᠨᠡᠪᠳᠡᠷᠡᠬᠦᠯᠬᠡ ᠲᠧᠯᠸᠢᠰ ᠤᠨ ᠣᠶᠢᠯᠡᠴᠢᠯᠡᠬᠡᠨ ᠤ ᠲᠦᠪ᠂ ᠦᠣᠰᠢᠨ ᠰᠣᠨᠢᠨ ᠬᠤᠷᠢᠶ᠎ᠠ ᠵᠡᠷᠬᠡ ᠬᠠᠷᠢᠶᠠᠯᠠᠭᠳᠠᠵᠣ ᠪᠠᠶᠢᠭ᠎ᠠ ᠨᠢᠬᠡᠴᠡ ᠶᠢᠨ ᠨᠡᠪᠳᠡᠷᠡᠬᠦᠯᠥᠭᠰᠡᠨ ᠳᠡᠯᠬᠡᠴᠡ ᠎ ᠶᠢᠨ ᠦᠰᠦᠭ᠂ ᠰᠠᠳᠬᠦᠯ᠂ ᠵᠡᠷ ᠮᠡᠳᠡᠬᠡᠨ ᠤ ᠬᠡᠷᠡᠭᠯᠡᠬᠡᠨ ᠤ ᠦᠬᠡ ᠬᠡᠯᠡ ᠦᠰᠦᠭ ᠪᠢᠴᠢᠭ ᠢ ᠪᠠᠶᠢᠴᠠᠭᠠᠨ᠎ᠠ︔ ᠬᠤᠰᠢᠭᠤ ᠰᠣᠶᠣᠯ ᠷᠡᠳᠢᠣ᠋ ᠨᠡᠪᠳᠠᠷᠠᠬᠦᠯᠬᠡ ᠺᠢᠨᠤ᠋ ᠲᠧᠯᠸᠢᠰ ᠤᠨ ᠳᠣᠪᠴᠢᠶ᠎ᠠ ᠠᠴᠠ ᠨᠣᠮ ᠤᠨ ᠰᠠᠩ᠂ ᠨᠣᠮ ᠤᠨ ᠳᠡᠯᠬᠡᠬᠦᠷ᠂ ᠨᠣᠮ ᠰᠡᠳᠬᠦᠯ ᠤᠨ ᠲᠢᠩᠬᠢᠮ ᠢ ᠪᠠᠶᠢᠴᠠᠭᠠᠨ᠎ᠠ᠃    ︵ᠭᠤᠷᠪᠠ︶ ᠬᠤᠰᠢᠭᠤ ᠰᠣᠷᠭᠠᠨ ᠬᠦᠮᠦᠵᠢᠯ ᠤᠨ ᠳᠣᠪᠴᠢᠶ᠎ᠠ ᠠᠴᠠ ᠬᠠᠷᠢᠭᠤᠴᠠᠨ ᠪᠦᠬᠦ ᠬᠤᠰᠢᠭᠤᠨ ᠤ ᠡᠯ᠎ᠡ ᠳᠣᠮᠳᠠᠳᠣ ᠪᠠᠭ᠎ᠠ ᠰᠣᠷᠭᠠᠭᠤᠯᠢ᠂ ᠬᠡᠣᠬᠡᠳ ᠤᠨ ᠴᠡᠴᠷᠯᠢᠭ ᠤᠨ ᠣᠯᠠᠨ ᠨᠠᠶᠢᠳᠠ ᠶᠢᠨ ᠳᠠᠯᠠᠪᠣᠷ ᠤᠨ ᠬᠡᠷᠡᠭᠯᠡᠬᠡᠨ ᠤ ᠦᠰᠦᠭ ᠪᠢᠴᠢᠭ ᠢ ᠪᠠᠶᠢᠴᠠᠭᠠᠨ᠎ᠠ᠃    ︵ᠲᠦᠷᠪᠡ︶ ᠬᠤᠰᠢᠭᠤ ᠵᠠᠮ ᠬᠠᠷᠢᠯᠴᠠᠭ᠎ᠠ ᠳᠡᠬᠡᠬᠡᠪᠣᠷᠢ ᠶᠢᠨ ᠳᠣᠪᠴᠢᠶ᠎ᠠ ᠠᠴᠠ ᠬᠤᠯᠠ ᠶᠢᠨ ᠠᠶᠠᠨ ᠤ ᠮᠠᠰᠢᠨ ᠳᠡᠷᠬᠡᠨ ᠦᠷᠳᠡᠭᠡ᠂ ᠨᠠᠶᠢᠳᠠ ᠶᠢᠨ ᠮᠠᠰᠢᠨ ᠳᠡᠷᠬᠡᠨ ᠵᠣᠭᠰᠣᠭᠠᠯ ᠤᠨ ᠫᠠᠶᠢᠰᠠ᠂ ᠢᠯᠡᠷᠬᠡᠶᠢᠯᠡᠯ᠂ ᠳᠡᠷᠬᠡᠨ ᠳᠣᠰ ᠪᠠᠶ᠎ᠠ ᠵᠢᠴᠢ ᠳᠡᠷᠬᠡᠨ ᠳᠣᠳᠣᠷᠠᠬᠢ ᠣᠷᠢᠶ᠎ᠠ ᠵᠡᠷ ᠮᠡᠳᠡᠬᠡᠨ ᠤ ᠬᠡᠷᠡᠭᠯᠡᠬᠡᠨ ᠤ ᠦᠰᠦᠭ ᠪᠢᠴᠢᠭ ᠢ ᠪᠠᠶᠢᠴᠠᠭᠠᠨ᠎ᠠ᠃    ︵ᠳᠠᠪᠤ︶ ᠬᠤᠰᠢᠭᠤ ᠠᠷᠠᠳ ᠤᠨ ᠶᠠᠪᠣᠳᠠᠯ ᠤᠨ ᠳᠣᠪᠴᠢᠶ᠎ᠠ ᠠᠴᠠ ᠪᠦᠬᠦ ᠬᠤᠰᠢᠭᠤᠨ ᠤ ᠬᠤᠳᠠ ᠶᠢᠨ ᠳᠣᠭᠤᠷᠢᠭ ᠤᠨ ᠵᠡᠬᠡᠯᠢ ᠭᠤᠳᠣᠮᠵᠢ ᠶᠢᠨ ᠵᠠᠮ ᠤᠨ ᠫᠠᠶᠢᠰᠠ ᠶᠢᠨ ᠬᠡᠷᠡᠭᠯᠡᠬᠡᠨ ᠤ ᠦᠰᠦᠭ ᠪᠢᠴᠢᠭ ᠢ ᠪᠠᠶᠢᠴᠠᠭᠠᠨ ᠵᠠᠮ ᠎ ᠤᠨ ᠫᠠᠶᠢᠰᠠ ᠢᠯᠡᠷᠬᠡᠶᠢᠯᠡᠯ ᠤᠨ ᠦᠰᠦᠭ ᠪᠢᠴᠢᠭ ᠢ ᠲᠦᠷᠢᠮᠵᠢᠬᠦᠯᠥᠨ᠎ᠠ᠃    ︵ᠵᠢᠷᠭᠤᠭ᠎ᠠ︶ ᠬᠤᠰᠢᠭᠤ ᠵᠣᠭᠠᠴᠠᠯ ᠤᠨ ᠣᠶᠢᠯᠡᠰ ᠢ ᠠᠬᠢᠭᠤᠯᠬᠤ ᠲᠦᠪ ᠠᠴᠠ ᠪᠦᠬᠦ ᠬᠤᠰᠢᠭᠤᠨ ᠤ ᠡᠯ᠎ᠡ ᠵᠣᠭᠠᠴᠠᠯ ᠤᠨ ᠦᠵᠡᠮᠵᠢ ᠶᠢᠨ ᠣᠷᠣᠨ ︵ᠴᠡᠭ︶᠎ ᠤᠨ ᠬᠠᠷᠢᠶ᠎ᠠ ᠬᠦᠷᠢᠶᠠᠨ ᠤ ᠨᠡᠶᠢᠬᠡᠮ ᠤ ᠬᠡᠷᠡᠭᠯᠡᠬᠡᠨ ᠦᠰᠦᠭ ᠪᠢᠴᠢᠭ ᠢ ᠪᠦᠬᠦ ᠳᠠᠯ᠎ᠠ ᠪᠠᠷ ᠪᠠᠶᠢᠴᠠᠭᠠᠨ᠎ᠠ᠃    ︵ᠳᠣᠯᠤᠭ᠎ᠠ︶ ᠬᠤᠰᠢᠭᠤ ᠡᠷᠡᠬᠦᠯ ᠬᠠᠮᠠᠭᠠᠯᠠᠯ ᠪᠠ ᠲᠥᠯᠥᠪᠯᠡᠬᠡᠳᠣ ᠬᠦᠩᠬᠡᠵᠢᠯ ᠤᠨ ᠳᠣᠪᠴᠢᠶ᠎ᠠ ᠠᠴᠠ ᠡᠮ ᠡᠮᠨᠡᠯᠬᠡ ᠡᠷᠡᠬᠦᠯ ᠬᠠᠮᠠᠭᠠᠯᠠᠯ ᠤᠨ ᠨᠢᠬᠡᠴᠡ᠂ ᠡᠮ ᠢ ᠪᠦᠬᠡᠮᠯᠡᠨ ᠵᠢᠵᠢᠭᠯᠡᠨ ᠬᠤᠳᠠᠯᠳᠣᠵᠣ ᠡᠵᠡᠩᠨᠡᠯᠳᠡ ᠶᠢᠨ ᠳᠡᠯᠬᠡᠬᠦᠷ ᠎ ᠤᠨ ᠬᠡᠷᠡᠭᠯᠡᠬᠡᠨ ᠤ ᠦᠰᠦᠭ ᠪᠢᠴᠢᠭ ᠤᠨ ᠪᠠᠶᠢᠳᠠᠯ ᠳᠤ ᠶᠡᠷᠦᠩᠬᠡᠶᠢᠯᠡᠭᠰᠡᠨ ᠪᠠᠶᠢᠴᠠᠭᠠᠯᠳᠠ ᠬᠢᠨ᠎ᠠ᠃    ︵ᠨᠠᠢᠮᠠ︶ ᠬᠤᠰᠢᠭᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ᠂ ᠵᠠᠮ ᠬᠠᠷᠢᠯᠴᠠᠭᠠᠨ ᠤ ᠶᠡᠭᠡ ᠠᠩᠬᠢ ᠠᠴᠠ ᠪᠦᠬᠦ ᠬᠤᠰᠢᠭᠤᠨ ᠤ ᠵᠠᠮ ᠬᠠᠷᠢᠯᠴᠠᠭ᠎ᠠ ᠶᠢᠨ ᠢᠯᠡᠷᠬᠡᠶᠢᠯᠡᠯ ᠤᠨ ᠫᠠᠶᠢᠰᠠ ᠢ ᠪᠠᠶᠢᠴᠠᠭᠠᠨ᠎ᠠ︔ ᠬᠤᠰᠢᠭᠤ ᠭᠠᠯ ᠰᠠᠷᠬᠡᠶᠢᠯᠡᠯᠳᠡ ᠶᠢᠨ ᠶᠡᠭᠡ ᠠᠩᠬᠢ ᠠᠴᠠ ᠬᠠᠷᠢᠭᠤᠴᠠᠨ ᠭᠠᠯ ᠰᠠᠷᠬᠡᠶᠢᠯᠡᠬᠦ ᠲᠦᠬᠦᠬᠡᠷᠣᠮᠵᠢ᠂ ᠭᠠᠯ ᠰᠠᠷᠬᠡᠶᠢᠯᠡᠬᠦ ᠳᠠᠮᠳᠡᠭ ᠢᠯᠡᠷᠬᠡᠶᠢᠯᠡᠯ ᠢ ᠪᠠᠶᠢᠴᠠᠭᠠᠨ᠎ᠠ᠃    ︵ᠶᠢᠰᠣ︶ ᠬᠤᠰᠢᠭᠤ ᠣᠯᠠᠨ ᠨᠠᠶᠢᠳᠠ ᠶᠢᠨ ᠠᠵᠢᠯ ᠣᠶᠢᠯᠡᠰ ᠤᠨ ᠳᠣᠪᠴᠢᠶ᠎ᠠ ᠠᠴᠠ ᠨᠠᠶᠢᠳᠠ ᠶᠢᠨ ᠵᠣᠷᠯᠣᠩ ᠵᠡᠷᠬᠡ ᠣᠯᠠᠨ ᠨᠠᠶᠢᠳᠠ ᠶᠢᠨ ᠳᠠᠯᠠᠪᠣᠷ᠂ ᠲᠦᠬᠦᠬᠡᠷᠣᠮᠵᠢ ᠶᠢᠨ ᠬᠡᠷᠡᠭᠯᠡᠬᠡᠨ ᠤ ᠦᠰᠦᠭ ᠪᠢᠴᠢᠭ ᠤᠨ ᠪᠠᠶᠢᠳᠠᠯ ᠢ ᠪᠠᠶᠢᠴᠠᠭᠠᠨ᠎ᠠ︔ ᠴᠡᠴᠡᠷᠯᠢᠭᠵᠢᠬᠦᠯᠥᠯᠳᠡ ᠶᠢᠨ ᠳᠣᠪᠴᠢᠶ᠎ᠠ ᠠᠴᠠ ᠬᠠᠷᠢᠭᠤᠴᠠᠨ ᠪᠦᠬᠦ ᠬᠤᠰᠢᠭᠤᠨ ᠤ ᠬᠡᠪᠴᠢᠶᠠᠨ ᠳᠣᠳᠣᠷᠠᠬᠢ ᠡᠯ᠎ᠡ ᠳᠣᠮᠣ ᠬᠡᠯᠪᠠᠷᠢ ᠶᠢᠨ ᠴᠡᠴᠡᠷᠯᠢᠭ᠂ ᠠᠭᠤᠳᠠᠮ ᠳᠠᠯᠠᠪᠠᠢ ᠵᠡᠷᠬᠡ ᠣᠯᠠᠨ ᠨᠠᠶᠢᠳᠠ ᠶᠢᠨ ᠳᠠᠯᠠᠪᠣᠷ᠂ ᠲᠦᠬᠦᠬᠡᠷᠣᠮᠵᠢ ᠶᠢᠨ ᠬᠡᠷᠡᠭᠯᠡᠬᠡᠨ ᠤ ᠦᠰᠦᠭ ᠪᠢᠴᠢᠭ ᠤᠨ ᠪᠠᠶᠢᠳᠠᠯ ᠢ ᠪᠠᠶᠢᠴᠠᠭᠠᠨ᠎ᠠ᠃    ︵ᠠᠷᠪᠠ︶ ᠬᠤᠰᠢᠭᠤ ᠬᠤᠳᠠ ᠶᠢᠨ ᠬᠠᠮᠢᠶᠠᠷᠣᠯᠳᠠ ᠶᠢᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠳᠣᠪᠴᠢᠶ᠎ᠠ ᠨᠢ ᠬᠤᠰᠢᠭᠤ ᠣᠷᠣᠨ ᠰᠠᠭᠤᠴᠠ ᠪᠠ ᠬᠤᠳᠠ ᠬᠦᠳᠡᠭᠡ ᠶᠢᠨ ᠲᠥᠯᠥᠪᠵᠢᠬᠦᠯᠬᠡ ᠪᠦᠳᠦᠬᠡᠨ ᠪᠠᠶᠢᠭᠤᠯᠣᠯᠳᠠ ᠶᠢᠨ ᠳᠣᠪᠴᠢᠶ᠎ᠠ ᠲᠠᠢ ᠬᠠᠮᠳᠣᠷᠠᠨ ᠪᠦᠬᠦ ᠬᠤᠰᠢᠭᠤᠨ ᠤ ᠡᠯ᠎ᠡ ᠣᠷᠣᠨ ᠰᠠᠭᠤᠴᠠ ᠶᠢᠨ ᠳᠣᠭᠤᠷᠢᠭ ᠎ ᠤᠨ ᠨᠠᠷᠠᠶᠢᠳᠣᠯ ᠤᠨ ᠫᠠᠶᠢᠰᠠ᠂ ᠪᠠᠷᠢᠯᠭ᠎ᠠ ᠶᠢᠨ ᠭᠠᠳᠠᠨ᠎ᠠ ᠶᠢᠨ ᠵᠠᠷ ᠮᠡᠳᠡᠬᠡᠨ ᠤ ᠫᠠᠶᠢᠰᠠ᠂ ᠳ᠋ᠧᠩ ᠤᠨ ᠬᠠᠶᠢᠷᠴᠠᠭ ᠎ ᠤᠨ ᠵᠡᠷ ᠮᠡᠳᠡᠬᠡᠨ ᠤ ᠬᠡᠷᠡᠭᠯᠡᠬᠡᠨ ᠤ ᠦᠬᠡ᠂ ᠵᠡᠬᠡᠯᠢ ᠳᠠᠭᠠᠣ ᠶᠢᠨ ᠵᠠᠷ ᠮᠡᠳᠡᠭᠡ᠃ ᠳᠣᠷ᠎ᠠ ᠪᠠᠷ ᠪᠢᠴᠢᠵᠣ ᠨᠠᠭᠠᠭᠰᠠᠨ ᠦᠵᠡᠭᠳᠡᠯ ᠵᠡᠷᠬᠡ ᠶᠢ ᠪᠠᠶᠢᠴᠠᠭᠠᠨ᠎ᠠ᠃    ︵ᠠᠷᠪᠠᠨ ᠨᠢᠬᠡ︶ ᠬᠤᠰᠢᠭᠤ ᠵᠠᠬ᠎ᠠ ᠳᠡᠯᠬᠡᠬᠦᠷ ᠤᠨ ᠬᠢᠨᠡᠨ ᠬᠠᠮᠢᠶᠠᠷᠣᠯᠳᠠ ᠶᠢᠨ ᠳᠣᠪᠴᠢᠶ᠎ᠠ ᠨᠢ ᠬᠤᠰᠢᠭᠤ ᠦᠨᠳᠣᠰᠣᠳᠠᠨ ᠤ ᠱᠠᠰᠢᠨ ᠰᠣᠷᠳᠠᠬᠤᠨ ᠤ ᠬᠡᠷᠡᠭ ᠡᠷᠬᠢᠯᠡᠬᠦ ᠳᠣᠪᠴᠢᠶ᠎ᠠ᠂ ᠬᠤᠳᠠ ᠬᠦᠳᠡᠭᠡ ᠶᠢᠨ ᠲᠥᠯᠥᠪᠵᠢᠬᠦᠯᠬᠡ ᠪᠦᠳᠦᠬᠡᠨ ᠪᠠᠶᠢᠭᠤᠯᠣᠯᠳᠠ ᠶᠢᠨ ᠲᠦᠪ ᠲᠠᠢ ᠬᠠᠮᠳᠣᠷᠠᠨ ᠬᠤᠳᠠᠯᠳᠣᠭᠠᠨ ᠳᠠᠯᠠᠪᠣᠷ᠂ ᠴᠢᠯᠦᠬᠡᠳᠣ ᠳᠡᠯᠬᠡᠬᠦᠷ᠂ ᠬᠤᠳᠠᠯᠳᠤᠭ᠎ᠠ ᠳᠡᠯᠬᠡᠬᠦᠷ᠂ ᠳᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠬᠡᠬᠦᠷ ᠵᠡᠷᠬᠡ ᠡᠵᠡᠩᠨᠡᠯᠳᠡ ᠶᠢᠨ ᠳᠠᠯᠠᠪᠣᠷ ᠤᠨ ᠨᠠᠷᠠᠶᠢᠳᠣᠯ ᠫᠠᠶᠢᠰᠠ ᠤᠨ ᠬᠡᠷᠡᠭᠯᠡᠬᠡᠨ ᠤ ᠦᠰᠦᠭ ᠪᠢᠴᠢᠭ ᠢ ᠪᠠᠶᠢᠴᠠᠭᠠᠨ᠎ᠠ᠃    ︵ᠠᠷᠪᠠᠨ ᠬᠤᠶᠡᠷ︶ ᠴᠠᠬᠢᠯᠭᠠᠨ ᠴᠢᠮᠡᠭᠡ ᠨᠡᠪᠳᠠᠷᠠᠯᠬᠡ᠂ ᠨᠡᠬᠦᠳᠠᠯ᠂ ᠬᠠᠮᠳᠣᠷᠠᠭᠰᠠᠨ ᠴᠢᠮᠡᠭᠡ ᠨᠠᠪᠳᠠᠷᠡᠯᠬᠡ ᠶᠢᠨ ᠺᠣᠮᠫᠠᠨᠢ ᠠᠴᠠ ᠦᠣᠰᠢᠨ ᠬᠤᠰᠢᠭᠤᠨ ᠤ ᠬᠠᠷᠢᠶᠠᠨ ᠳᠠᠬᠢ ᠡᠵᠡᠩᠨᠡᠯᠳᠡ ᠶᠢᠨ ᠴᠡᠭ ᠢ ᠪᠠᠶᠢᠴᠠᠭᠠᠨ᠎ᠠ᠃    ︵ᠠᠷᠪᠠᠨ ᠭᠤᠷᠪᠠ︶ ᠪᠦᠬᠦ ᠬᠤᠰᠢᠭᠤᠨ ᠤ ᠡᠯ᠎ᠡ ᠮᠦᠩᠬᠦᠨ ᠬᠦᠢᠯᠬᠡᠬᠡᠨ ᠤ ᠪᠠᠶᠢᠭᠤᠯᠣᠮᠵᠢ ᠠᠴᠠ ᠪᠦᠬᠦ ᠬᠤᠰᠢᠭᠤᠨ ᠤ ᠬᠤᠳᠠ ᠶᠢᠨ ᠳᠣᠭᠤᠷᠢᠭ ᠤᠨ ᠪᠠᠩᠬᠢ ᠶᠢᠨ ᠴᠡᠭ ᠤᠨ ᠫᠠᠶᠢᠰᠠ ᠢᠯᠡᠷᠬᠡᠶᠢᠯᠡᠯ ᠵᠢᠴᠢ ᠬᠡᠷᠡᠭᠯᠡᠬᠡᠨ ᠤ ᠦᠰᠦᠭ ᠪᠢᠴᠢᠭ ᠢ ᠪᠠᠶᠢᠴᠠᠭᠠᠨ᠎ᠠ᠃    ︵ᠠᠷᠪᠠᠨ ᠲᠦᠷᠪᠠ︶ ᠬᠤᠰᠢᠭᠤ ᠳᠠᠮᠣᠷ ᠵᠠᠮ ᠠᠭᠠᠷ ᠤᠨ ᠠᠶᠠᠯᠠᠯ ᠤᠨ ᠪᠠᠶᠢᠭᠤᠯᠣᠯᠳᠠ ᠶᠢᠨ ᠠᠯᠪᠠᠨ ᠬᠡᠷ ᠎ ᠠᠴᠠ ᠭᠠᠯᠳᠣ ᠳᠡᠷᠬᠡᠨ ᠦᠷᠳᠡᠭᠡ ᠶᠢᠨ ᠳᠠᠮᠳᠡᠭ ᠢᠯᠡᠷᠬᠡᠶᠢᠯᠡᠯ᠂ ᠦᠷᠳᠡᠬᠡᠨ ᠨᠠᠷ᠎ᠠ᠂ ᠵᠠᠷ ᠮᠡᠳᠡᠭᠡ ᠶᠢᠨ ᠬᠡᠷᠡᠭᠯᠡᠬᠡᠨ ᠤ ᠦᠰᠦᠭ ᠪᠢᠴᠢᠭ ᠢ ᠪᠠᠶᠢᠴᠠᠭᠠᠨ᠎ᠠ᠃    ︵ᠠᠷᠪᠠᠨ ᠳᠠᠪᠤ︶ ᠡᠯ᠎ᠡ ᠰᠣᠮᠣ ᠪᠠᠯᠭᠠᠰᠣ ᠬᠠᠷᠢᠶᠠᠳᠣ ᠣᠷᠣᠨ ᠤ ᠡᠯ᠎ᠡ ᠨᠢᠬᠡᠴᠡ ︵ᠰᠠᠯᠠᠭ᠎ᠠ ᠮᠦᠴᠢᠷ︶᠂ ᠣᠯᠠᠨ ᠨᠠᠶᠢᠳᠠ ᠶᠢᠨ ᠳᠠᠯᠠᠪᠣᠷ ᠤᠨ ᠬᠡᠷᠡᠭᠯᠡᠬᠡᠨ ᠤ ᠦᠰᠦᠭ ᠪᠢᠴᠢᠭ ᠤᠨ ᠪᠠᠶᠢᠳᠠᠯ ᠢ ᠪᠠᠶᠢᠴᠠᠭᠠᠨ᠎ᠠ᠃    ᠳᠠᠪᠤ᠂ ᠳᠣᠰ ᠣᠳᠠᠭᠠᠨ ᠤ ᠴᠡᠭᠴᠡᠯᠡᠨ ᠦᠬᠡᠷᠡᠴᠢᠯᠡᠬᠦ ᠠᠵᠢᠯ ᠢ 2016 ᠣᠨ ᠤ 5 ᠰᠠᠷ᠎ᠠ ᠳᠤ ᠪᠦᠬᠦ ᠳᠠᠯ᠎ᠠ ᠎ ᠪᠠᠷ ᠡᠬᠢᠯᠡᠬᠦᠯᠵᠣ᠂ 2016 ᠣᠨ ᠤ 6 ᠰᠠᠷ᠎ᠠ ᠶᠢᠨ 15᠎ ᠤ ᠡᠳᠦᠷ ᠳᠡᠬᠦᠰᠬᠡᠵᠣ ᠭᠤᠷᠪᠠᠨ ᠱᠠᠳᠣ ᠬᠤᠪᠢᠶᠠᠨ ᠶᠠᠪᠣᠭᠳᠠᠭᠤᠯᠪᠠ᠄    ᠨᠢᠬᠡᠳᠣᠬᠡᠷ ᠱᠠᠳᠣ᠄ ᠪᠠᠶᠢᠷᠢᠰᠢᠯᠠᠭᠤᠯᠣᠨ ᠡᠬᠢᠯᠡᠬᠦᠯᠬᠦ ᠱᠠᠳᠣ ︵2016 ᠣᠨ ᠤ 1 ᠰᠠᠷ᠎ᠠ ᠶᠢᠨ 1᠎ ᠤ ᠡᠳᠦᠷ —5 ᠰᠠᠷ᠎ᠠ 16᠎ ᠤ ᠡᠳᠦᠷ︶᠃ ᠪᠠᠶᠢᠴᠠᠭᠠᠬᠤ ᠲᠦᠰᠥᠯ ᠢ ᠳᠣᠭᠳᠠᠭᠠᠨ ᠬᠤᠰᠢᠭᠤ ᠣᠯᠠᠨ ᠨᠠᠶᠢᠳᠠ ᠶᠢᠨ ᠳᠠᠯᠠᠪᠣᠷ ᠤᠨ ᠰᠣᠨᠢᠨ ᠮᠡᠳᠡᠭᠡ ᠵᠠᠭᠤᠴᠢᠯᠠᠭᠤᠷ ᠪᠠ ᠵᠣᠭᠠᠴᠠᠯ ᠤᠨ ᠦᠵᠡᠮᠵᠢ ᠶᠢᠨ ᠣᠷᠣᠨ ᠤ ᠦᠰᠦᠭ ᠪᠢᠴᠢᠭ ᠢ ᠲᠦᠷᠢᠮᠵᠢᠬᠦᠨ ᠬᠡᠷᠡᠭᠯᠡᠬᠦ ᠳᠣᠰᠬᠠᠢ ᠲᠦᠷᠥᠯ ᠤᠨ ᠪᠠᠶᠢᠴᠠᠭᠠᠯᠳᠠ ᠶᠢᠨ ᠠᠵᠢᠯ ᠤᠨ ᠣᠳᠣᠷᠢᠳᠬᠤ ᠪᠠᠭ᠎ᠠ ᠳᠣᠭᠤᠶᠢᠯᠠᠩ ᠎ ᠢ ᠪᠠᠶᠢᠭᠤᠯᠵᠣ᠂ ᠳᠣᠰᠬᠠᠢ ᠲᠦᠷᠥᠯ ᠤᠨ ᠪᠠᠶᠢᠴᠠᠭᠠᠯᠳᠠ ᠶᠢᠨ ᠠᠵᠢᠯ ᠢ ᠪᠠᠶᠢᠷᠢᠯᠠᠭᠤᠯᠣᠨ ᠡᠬᠢᠯᠡᠬᠦᠯᠪᠠ᠃    ᠬᠤᠶᠠᠳᠣᠭᠠᠷ ᠱᠠᠳᠣ᠄ ᠨᠢᠬᠡᠴᠡ ᠶᠢᠨ ᠬᠢᠨ ᠦᠪᠡᠷᠳᠡᠬᠡᠨ ᠪᠠᠶᠢᠴᠠᠭᠠᠬᠤ ᠱᠠᠳᠣ ᠵᠢᠴᠢ ᠬᠤᠳᠠ ᠶᠢᠨ ᠳᠣᠭᠤᠷᠢᠭ ᠎ ᠤᠨ ᠭᠤᠣᠯ ᠪᠣᠯᠬᠤ ᠵᠡᠮ ᠵᠡᠬᠡᠯᠢ᠂ ᠣᠯᠠᠨ ᠨᠠᠶᠢᠳᠠ ᠶᠢᠨ ᠳᠠᠯᠠᠪᠣᠷ ᠵᠢᠴᠢ ᠵᠣᠭᠠᠴᠠᠯ ᠤᠨ ᠦᠵᠡᠮᠵᠢ ᠶᠢᠨ ᠣᠷᠣᠨ ᠤ ᠪᠠᠶᠢᠴᠠᠭᠠᠬᠤ ᠱᠠᠳᠣ ︵2016 ᠣᠨ ᠤ 5 ᠰᠠᠷ᠎ᠠ ᠶᠢᠨ 17᠎ ᠤ ᠡᠳᠦᠷ  — 2016 ᠣᠨ ᠤ 6 ᠰᠠᠷ᠎ᠠ ᠶᠢᠨ 5᠎ ᠤ ᠡᠳᠦᠷ︶᠃ ᠡᠯ᠎ᠡ ᠰᠠᠯᠠᠭ᠎ᠠ ᠮᠦᠴᠢᠷ ᠡᠯ᠎ᠡ ᠨᠢᠬᠡᠴᠡ ᠶᠢᠨ ᠬᠢᠨ ᠦᠪᠡᠷᠳᠡᠬᠡᠨ ᠪᠠᠶᠢᠴᠠᠭᠠᠨ ᠦᠪᠡᠷᠳᠡᠬᠡᠨ ᠵᠠᠯᠠᠷᠠᠭᠤᠯᠪᠠ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠳᠣᠰ ᠳᠣᠰ ᠤᠨ ᠬᠢᠨᠢ ᠪᠠᠶᠢᠴᠠᠭᠠᠬᠤ ᠬᠡᠪᠴᠢᠶᠠᠨ ᠳᠤ ᠲᠦᠷᠢᠮᠵᠢᠬᠦᠯᠥᠨ ᠬᠡᠷᠡᠭᠯᠡᠭᠰᠡᠨ ᠦᠬᠡᠢ ᠦᠰᠦᠭ ᠪᠢᠴᠢᠭ ᠢ ᠪᠠᠶᠢᠴᠠᠭᠠᠨ ᠵᠠᠯᠠᠷᠠᠭᠤᠯᠪᠠ᠃    ᠭᠤᠷᠪᠠᠳᠣᠭᠠᠷ ᠱᠠᠳᠣ᠄ ᠳᠣᠰᠬᠠᠢ ᠲᠦᠷᠥᠯ ᠤᠨ ᠱᠠᠭᠠᠷᠳᠠᠨ ᠪᠠᠶᠢᠴᠠᠭᠠᠯᠳᠠ ᠶᠢᠨ ᠱᠠᠳᠣ ︵2016 ᠣᠨ ᠤ 6 ᠰᠠᠷ᠎ᠠ ᠶᠢᠨ 6᠎ ᠤ ᠡᠳᠦᠷ  — 6 ᠰᠠᠷ᠎ᠠ ᠶᠢᠨ 15᠎ ᠤ ᠡᠳᠦᠷ︶᠃ ᠬᠤᠰᠢᠭᠤ ᠠᠷᠠᠳ ᠤᠨ ᠵᠠᠰᠠᠭ ᠤᠨ ᠣᠷᠳᠣᠨ ᠱᠠᠭᠠᠷᠳᠠᠨ ᠪᠠᠶᠢᠴᠠᠭᠠᠬᠤ ᠳᠣᠭᠤᠶᠢᠯᠠᠩ ᠳᠣᠮᠢᠯᠠᠨ ᠬᠠᠮᠳᠣᠷᠠᠭᠰᠠᠨ ᠪᠠᠶᠢᠴᠠᠭᠠᠯᠳᠠ ᠦᠷᠨᠢᠬᠦᠯᠵᠣ᠂ ᠲᠦᠷᠢᠮᠵᠢᠬᠦᠨ ᠪᠣᠰᠣ ᠦᠰᠦᠭ ᠪᠢᠴᠢᠭ ᠬᠡᠷᠡᠭᠯᠡᠵᠣ ᠪᠠᠶᠢᠭ᠎ᠠ ᠨᠢᠬᠡᠴᠡ᠂ ᠠᠵᠣ ᠠᠬᠤᠶᠢᠯᠡᠯ ᠵᠢᠴᠢ ᠬᠤᠳᠠᠯᠳᠣᠭᠠᠨ ᠤ ᠬᠤᠪᠢ ᠡᠷᠦᠬᠡ ᠎ ᠳᠤ ᠴᠡᠭᠴᠡᠯᠡᠨ ᠵᠠᠰᠠᠬᠤ ᠮᠡᠳᠡᠭᠳᠡᠯ ᠤᠨ ᠪᠢᠴᠢᠭ ᠪᠠᠭᠤᠯᠭᠠᠵᠣ᠂ ᠬᠤᠭᠤᠴᠠᠭ᠎ᠠ ᠬᠢᠵᠠᠭᠠᠷᠯᠠᠨ ᠴᠡᠭᠴᠡᠯᠡᠪᠠ᠃    ᠵᠢᠷᠭᠤᠭ᠎ᠠ᠂ ᠪᠠᠶᠢᠴᠠᠭᠠᠯᠳᠠ ᠶᠢᠨ ᠠᠷᠭ᠎ᠠ ᠪᠠᠷᠢᠯ    ︵ᠨᠢᠬᠡ︶ ᠰᠠᠭᠤᠳᠠᠯ ᠤᠨ ᠬᠤᠷᠠᠯ ᠡᠷᠬᠢᠯᠡᠬᠦ    ᠣᠷᠣᠯᠴᠠᠬᠤ ᠬᠦᠮᠦᠰ᠄ ᠬᠤᠰᠢᠭᠤ ᠪᠠᠶᠢᠴᠠᠭᠠᠬᠤ ᠳᠣᠭᠤᠶᠢᠯᠠᠩ ᠤᠨ ᠬᠤᠯᠪᠣᠭᠳᠠᠯ ᠪᠦᠬᠦᠢ ᠬᠦᠮᠦᠰ᠂ ᠡᠯ᠎ᠡ ᠪᠠᠶᠢᠴᠠᠭᠠᠭᠳᠠᠬᠤ ᠨᠢᠬᠡᠴᠡ ᠶᠢᠨ ᠭᠤᠣᠯ ᠪᠣᠯᠬᠤ ᠣᠳᠣᠷᠢᠳᠣᠯᠭ᠎ᠠ᠂ ᠬᠤᠪᠢᠶᠠᠷᠢᠯᠠᠨ ᠬᠠᠮᠢᠶᠠᠷᠴᠣ ᠪᠠᠶᠢᠭ᠎ᠠ ᠣᠳᠣᠷᠢᠳᠣᠯᠭ᠎ᠠ ᠵᠢᠴᠢ ᠬᠡᠰᠡᠭ ᠠᠵᠢᠯᠳᠡᠨ᠃    ᠠᠭᠤᠯᠭ᠎ᠠ᠄ ᠪᠠᠶᠢᠴᠠᠭᠠᠭᠳᠠᠬᠤ ᠨᠢᠬᠡᠴᠡ ᠶᠢᠨ ᠳᠣᠰ ᠪᠠᠶᠢᠭᠤᠯᠭ᠎ᠠ ᠶᠢᠨ ᠦᠬᠡ ᠬᠡᠯᠡ ᠦᠰᠦᠭ ᠪᠢᠴᠢᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠥᠯᠳᠡ ᠪᠠ ᠦᠪᠡᠷ ᠢ ᠪᠠᠨ ᠦᠨᠡᠯᠡᠨ ᠦᠪᠡᠷ ᠢ ᠪᠠᠨ ᠪᠠᠶᠢᠴᠠᠭᠠᠭᠰᠠᠨ ᠪᠠᠶᠢᠳᠠᠯ᠃    ︵ᠬᠤᠶᠡᠷ︶ ᠪᠠᠶᠢᠴᠠᠭᠠᠬᠤ ᠮᠠᠲ᠋ᠧᠷᠢᠶᠠᠯ    ᠪᠠᠶᠢᠴᠠᠭᠠᠭᠳᠠᠬᠤ ᠨᠢᠬᠡᠴᠡ ᠶᠢᠨ 5 ᠬᠤᠪᠢ ᠠᠯᠪᠠᠨ ᠪᠢᠴᠢᠭ᠂ 2 ᠬᠤᠪᠢ ᠬᠤᠷᠠᠯ ᠤᠨ ᠳᠡᠮᠳᠡᠭᠯᠡᠯ᠂ 3 ᠬᠤᠪᠢ ᠪᠣᠰᠣᠳ ᠦᠰᠦᠭ ᠪᠢᠴᠢᠭ ᠤᠨ ᠮᠠᠲ᠋ᠧᠷᠢᠶᠠᠯ ᠢ ᠰᠣᠭᠤᠴᠢᠨ ᠪᠠᠶᠢᠴᠠᠭᠠᠨ᠎ᠠ︔ ᠬᠤᠰᠢᠭᠤ ᠳᠣᠭᠤᠷᠢᠭ ᠤᠨ ᠨᠠᠶᠢᠳᠠ ᠎ ᠶᠢᠨ ᠳᠠᠯᠠᠪᠣᠷ ᠵᠢᠴᠢ ᠴᠣᠩᠬᠤᠪᠴᠢ ᠶᠢᠨ ᠳᠣᠬᠠᠶᠢᠯᠠᠭᠰᠠᠨ ᠠᠵᠢᠯ ᠤᠨ ᠠᠵᠢᠯᠳᠠᠨ ᠤ ᠪᠠᠷᠢᠮᠵᠢᠶ᠎ᠠ ᠬᠡᠯᠡᠨ ᠤ ᠬᠢᠷᠢ ᠲᠦᠪᠰᠢᠨ ᠤ ᠦᠨᠡᠮᠯᠡᠯ ᠪᠠ ᠮᠣᠩᠭᠤᠯ ᠬᠡᠯᠡᠨ ᠤ ᠪᠠᠷᠢᠮᠵᠢᠶ᠎ᠠ ᠠᠶᠠᠯᠭᠤᠨ ᠤ ᠬᠢᠷᠢ ᠳᠡᠩᠴᠡᠭᠰᠡᠨ ᠦᠨᠡᠮᠯᠡᠯ ᠢ ᠪᠠᠶᠢᠴᠠᠭᠠᠬᠤ ᠶᠢᠨ ᠬᠠᠮᠳᠣ ᠪᠠᠷᠢᠮᠵᠢᠶ᠎ᠠ ᠬᠡᠯᠡ ᠵᠢᠴᠢ ᠮᠣᠩᠭᠤᠯ ᠬᠡᠯᠡᠨ ᠤ ᠪᠠᠷᠢᠮᠵᠢᠶ᠎ᠠ ᠠᠶᠠᠯᠭᠤ ᠶᠢᠨ ᠬᠢᠷᠢ ᠲᠦᠪᠰᠢᠨ ᠎ ᠢ ᠰᠣᠭᠤᠴᠢᠨ ᠪᠠᠶᠢᠴᠠᠭᠠᠨ᠎ᠠ᠃    ︵ ᠭᠤᠷᠪᠠ︶ ᠳᠣᠬᠠᠢ ᠶᠢᠨ ᠭᠠᠵᠠᠷ ᠳᠤᠨᠢ ᠪᠠᠶᠢᠴᠠᠭᠠᠬᠤ    ᠣᠯᠠᠨ ᠨᠠᠶᠢᠳᠠ ᠶᠢᠨ ᠳᠠᠯᠠᠪᠣᠷ ᠵᠢᠴᠢ ᠨᠢᠬᠡᠴᠡ ᠶᠢᠨ ᠬᠡᠷᠡᠭᠯᠡᠬᠡᠨ ᠤ ᠦᠬᠡ ᠬᠡᠯᠡ ᠦᠰᠦᠭ ᠪᠢᠴᠢᠭ ᠤᠨ ᠪᠣᠳᠠᠳᠣ ᠪᠠᠶᠢᠳᠠᠯ ᠢ ᠭᠤᠣᠯ ᠪᠠᠶᠢᠴᠠᠭᠠᠨ᠎ᠠ᠃    ᠳᠣᠯᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ    ︵ᠨᠢᠬᠡ︶ ᠡᠯ᠎ᠡ ᠰᠠᠯᠠᠭ᠎ᠠ ᠮᠦᠴᠢᠷ ᠣᠯᠠᠨ ᠨᠠᠶᠢᠳᠠ ᠶᠢᠨ ᠳᠠᠯᠠᠪᠣᠷ᠂ ᠰᠣᠨᠢᠨ ᠮᠡᠳᠡᠭᠡ ᠵᠠᠭᠤᠴᠢᠯᠠᠭᠤᠷ᠂ ᠵᠣᠭᠠᠴᠠᠯ ᠶᠢᠨ ᠦᠵᠡᠮᠵᠢ ᠶᠢᠨ ᠣᠷᠣᠨ ᠤ ᠬᠡᠷᠡᠭᠯᠡᠬᠡᠨ ᠤ ᠦᠬᠡ ᠬᠡᠯᠡ ᠦᠰᠦᠭ ᠪᠢᠴᠢᠭ ᠤᠨ ᠬᠠᠷᠠᠯᠳᠠ ᠣᠳᠬ᠎ᠠ ᠠᠭᠤᠯᠭ᠎ᠠ ᠶᠢ ᠳᠣᠩ ᠴᠢᠬᠤᠯᠠᠴᠢᠯᠡᠨ ᠬᠦᠢᠴᠡᠳ ᠳᠠᠨᠢᠵᠣ ᠲᠦᠷᠢᠮᠵᠢᠬᠦᠯᠬᠦ ᠶᠢᠨ ᠬᠠᠮᠳᠣ ᠪᠠᠶᠢᠴᠠᠭᠠᠯᠳᠠ ᠶᠢᠨ ᠲᠦᠰᠥᠯ᠂ ᠪᠠᠶᠢᠴᠠᠭᠠᠯᠳᠠ ᠶᠢᠨ ᠬᠤᠭᠤᠴᠠᠭ᠎ᠠ ᠶᠢ ᠴᠠᠭ ᠳᠣᠬᠠᠢ ᠳᠤᠨᠢ ᠳᠣᠭᠳᠠᠭᠠᠨ ᠳᠣᠳᠣᠭᠠᠳᠣ ᠠᠵᠢᠯ ᠤᠨ ᠬᠤᠪᠢᠶᠠᠷᠢᠯᠠᠯ ᠢ ᠳᠣᠳᠣᠳᠬᠠᠨ ᠳᠣᠰᠬᠠᠢ ᠬᠦᠮᠦᠨ ᠳᠣᠰ ᠠᠵᠢᠯ ᠢ ᠰᠠᠶᠢᠳᠣᠷ ᠠᠳᠬᠤᠬᠤ ᠶᠢ ᠨᠠᠶᠢᠳᠠᠪᠣᠷᠢᠵᠢᠭᠤᠯᠵᠣ᠂ ᠨᠡᠶᠢᠬᠡᠮ ᠤᠨ ᠬᠡᠷᠡᠭᠯᠡᠬᠡᠨ ᠤ ᠦᠬᠡ ᠬᠡᠯᠡ ᠦᠰᠦᠭ ᠪᠢᠴᠢᠭ ᠤᠨ ᠪᠠᠶᠢᠴᠠᠭᠠᠯᠳᠠ ᠶᠢᠨ ᠣᠳᠣᠷᠢᠳᠣᠯᠭ᠎ᠠ ᠶᠢ ᠨᠠᠶᠢᠳᠠᠪᠣᠷᠢᠵᠢᠭᠤᠯᠣᠨ᠎ᠠ᠃    ︵ᠬᠤᠶᠡᠷ︶ ᠨᠡᠶᠢᠬᠡᠮ ᠤᠨ ᠬᠡᠷᠡᠭᠯᠡᠬᠡᠨ ᠤ ᠦᠰᠦᠭ ᠪᠢᠴᠢᠭ ᠤᠨ ᠪᠠᠶᠢᠴᠠᠭᠠᠯᠳᠠ ᠶᠢᠨ ᠬᠤᠯᠪᠣᠭᠳᠠᠬᠤ ᠠᠵᠢᠯ ᠣᠯᠠᠨ᠂ ᠡᠬᠦᠷᠬᠡ ᠬᠦᠨᠳᠣ ᠪᠠᠶᠢᠵᠣ ᠬᠤᠯᠪᠣᠭᠳᠠᠯ ᠪᠦᠬᠦᠢ ᠪᠠᠶᠢᠭᠤᠯᠭ᠎ᠠ ᠡᠷᠬᠡᠪᠰᠢ ᠵᠣᠬᠢᠴᠠᠭᠤᠯᠣᠨ ᠬᠠᠮᠵᠢᠯᠴᠠᠬᠤ ᠶᠢ ᠴᠢᠩᠭᠠᠳᠬᠠᠨ ᠢᠳᠡᠪᠬᠢᠳᠡᠢ ᠠᠵᠢᠯᠯᠠᠨ᠎ᠠ᠃    ︵ᠭᠤᠷᠪᠠ︶ ᠡᠯ᠎ᠡ ᠬᠠᠷᠢᠭᠤᠴᠠᠯᠭᠠᠳᠣ ᠨᠢᠬᠡᠴᠡ ᠪᠠᠶᠢᠴᠠᠭᠠᠯᠳᠠ ᠳᠡᠬᠦᠰᠦᠭᠰᠡᠨ ᠤ ᠳᠠᠷᠠᠭ᠎ᠠ ᠪᠢᠴᠢᠭ ᠤᠨ ᠬᠡᠯᠪᠠᠷᠢ ᠎ ᠪᠠᠷ ᠳ᠋ᠦᠩᠨᠠᠯᠳᠠ ᠶᠢᠨ ᠮᠠᠲ᠋ᠧᠷᠢᠶᠠᠯ ᠭᠠᠷᠭᠠᠵᠣ᠂ ᠠᠯᠪᠠᠨ ᠪᠢᠴᠢᠭ ᠤᠨ ᠬᠡᠯᠪᠠᠷᠢ ᠪᠠᠷ 6 ᠰᠠᠷ᠎ᠠ ᠶᠢᠨ 5᠎ ᠤ ᠡᠳᠦᠷ ᠎ ᠠᠴᠠ ᠡᠮᠣᠨ᠎ᠠ ᠬᠤᠰᠢᠭᠤ ᠬᠢᠳᠡᠳ ᠬᠡᠯᠡᠨ ᠤ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠠᠯᠪᠡᠨ ᠬᠡᠷ ᠲᠤ ᠮᠡᠳᠡᠬᠦᠯᠥᠨ᠎ᠠ᠃    ᠬᠠᠷᠢᠯᠴᠠᠬᠤ ᠬᠦᠮᠦᠨ᠄ ᠪᠠᠢ ᠰᠢᠤᠸᠠᠢ ᠮᠧᠢ ︵ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠎ ᠤᠨ ᠵᠦᠪᠯᠡᠯ ᠤᠨ ᠠᠯᠪᠡᠨ ᠬᠡᠷ︶᠂ ᠬᠠᠷᠢᠯᠴᠠᠬᠤ ᠣᠳᠠᠰᠣ᠄ 15149445886︔    ᠴᠢ · ᠬᠡᠷᠡᠯᠳᠣ ︵ᠬᠤᠰᠢᠭᠤ ᠦᠨᠳᠣᠰᠣᠳᠠᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠳᠣᠪᠴᠢᠶᠠᠨ ᠤ ᠨᠡᠶᠢᠬᠡᠮ ᠤᠨ ᠬᠡᠷᠡᠭᠯᠡᠬᠡᠨ ᠤ ᠮᠣᠩᠭᠤᠯ ᠬᠢᠳᠡᠳ ᠬᠤᠶᠡᠷ ᠲᠦᠷᠥᠯ ᠤᠨ ᠦᠬᠡ ᠬᠡᠯᠡ ᠦᠰᠦᠭ ᠪᠢᠴᠢᠭ ᠢ ᠬᠠᠮᠳᠣ ᠬᠡᠷᠡᠭᠯᠡᠬᠦ ᠬᠠᠮᠢᠶᠠᠷᠣᠯᠳᠠ ᠶᠢᠨ ᠲᠦᠪ︶᠂ ᠬᠠᠷᠢᠯᠴᠠᠬᠤ ᠣᠳᠠᠰᠣ᠄7582168᠃    ᠳᠠᠭᠠᠯᠳᠣᠭᠤᠯᠣᠯ᠄ ᠦᠣᠰᠢᠨ ᠬᠤᠰᠢᠭᠤᠨ ᠤ ᠣᠯᠠᠨ ᠨᠠᠶᠢᠳᠠ ᠶᠢᠨ ᠳᠠᠯᠠᠪᠣᠷ᠂ ᠰᠣᠨᠢᠨ ᠮᠡᠳᠡᠭᠡ ᠵᠠᠭᠤᠴᠢᠯᠠᠭᠤᠷ ᠪᠠ ᠵᠣᠭᠠᠴᠠᠯ ᠤᠨ ᠦᠵᠡᠮᠵᠢ ᠶᠢᠨ ᠣᠷᠣᠨ ᠤ ᠦᠬᠡ ᠬᠡᠯᠡ ᠦᠰᠦᠭ ᠪᠢᠴᠢᠭ ᠤᠨ ᠲᠦᠷᠢᠮᠵᠢᠬᠦᠨ ᠬᠡᠷᠡᠭᠯᠡᠯᠳᠡ ᠶᠢᠨ ᠳᠣᠬᠠᠢ ᠪᠠᠶᠢᠴᠠᠭᠠᠯᠳᠠ ᠶᠢᠨ ᠠᠵᠢᠯ ᠤᠨ ᠣᠳᠣᠷᠢᠳᠬᠤ ᠪᠠᠭ᠎ᠠ ᠳᠣᠭᠤᠶᠢᠯᠠᠩ    ᠳᠠᠭᠠᠯᠳᠣᠭᠤᠯᠣᠯ᠄                ᠦᠣᠰᠢᠨ ᠬᠤᠰᠢᠭᠤᠨ ᠤ ᠣᠯᠠᠨ ᠨᠠᠶᠢᠳᠠ ᠶᠢᠨ ᠳᠠᠯᠠᠪᠣᠷ᠂ ᠰᠣᠨᠢᠨ ᠮᠡᠳᠡᠭᠡ ᠵᠠᠭᠤᠴᠢᠯᠠᠭᠤᠷ ᠪᠠ                ᠵᠣᠭᠠᠴᠠᠯ ᠤᠨ ᠦᠵᠡᠮᠵᠢ ᠶᠢᠨ ᠣᠷᠣᠨ ᠤ ᠦᠬᠡ ᠬᠡᠯᠡ ᠦᠰᠦᠭ ᠪᠢᠴᠢᠭ ᠤᠨ ᠲᠦᠷᠢᠮᠵᠢᠬᠦᠡᠨ                ᠬᠡᠷᠡᠭᠯᠡᠯᠳᠡ ᠶᠢᠨ ᠳᠣᠬᠠᠢ ᠪᠠᠶᠢᠴᠠᠭᠠᠯᠳᠠ ᠶᠢᠨ ᠠᠵᠢᠯ ᠤᠨ ᠣᠳᠣᠷᠢᠳᠬᠤ ᠪᠠᠭ᠎ᠠ ᠳᠣᠭᠤᠶᠢᠯᠠᠩ    ᠳᠣᠰᠬᠠᠢ ᠲᠦᠷᠥᠯ ᠤᠨ ᠪᠠᠶᠢᠴᠠᠭᠠᠯᠳᠠ ᠶᠢᠨ ᠠᠵᠢᠯᠯᠠᠭᠠᠨ ᠢ ᠪᠦᠬᠦ ᠳᠠᠯ᠎ᠠ ᠪᠠᠷ ᠦᠨᠳᠣᠷ ᠪᠦᠳᠣᠮᠵᠢᠳᠡᠢ ᠦᠷᠨᠢᠬᠦᠯᠬᠦ ᠶᠢ ᠪᠠᠳᠣᠯᠠᠬᠤ ᠶᠢᠨ ᠳᠣᠰᠠᠳᠠ ᠬᠤᠰᠢᠭᠤ ᠣᠯᠠᠨ ᠨᠠᠶᠢᠳᠠ ᠶᠢᠨ ᠳᠠᠯᠠᠪᠣᠷ᠂ ᠰᠣᠨᠢᠨ ᠮᠡᠳᠡᠭᠡ ᠵᠠᠭᠤᠴᠢᠯᠠᠭᠤᠷ ᠪᠠ ᠵᠣᠭᠠᠴᠠᠯ ᠤᠨ ᠦᠵᠡᠮᠵᠢ ᠶᠢᠨ ᠣᠷᠣᠨ ᠤ ᠦᠬᠡ ᠬᠡᠯᠡ ᠦᠰᠦᠭ ᠪᠢᠴᠢᠭ ᠤᠨ ᠲᠦᠷᠢᠮᠵᠢᠬᠦᠯᠥᠯᠳᠡ ᠶᠢᠨ ᠳᠣᠰᠬᠠᠢ ᠲᠦᠷᠥᠯ ᠤᠨ ᠪᠠᠶᠢᠴᠠᠭᠠᠯᠳᠠ ᠶᠢᠨ ᠠᠵᠢᠯ ᠤᠨ ᠣᠳᠣᠷᠢᠳᠬᠤ ᠪᠠᠭ᠎ᠠ ᠳᠣᠭᠤᠶᠢᠯᠠᠩ ᠤᠨ ᠪᠦᠷᠢᠯᠳᠦᠬᠦᠨ ᠬᠡᠰᠢᠬᠦᠨ ᠳᠣᠣᠷᠠᠬᠢ ᠮᠠᠳᠣ᠃    ᠳᠣᠭᠤᠶᠢᠯᠠᠩ    ᠎ ᠤᠨ   ᠳᠠᠷᠤᠭ᠎ᠠ᠄   ᠫᠧᠩ ᡁᠢ ᠮᠢᠩ    ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠳ᠋ ᠳᠠᠷᠤᠭ᠎ᠠ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠡᠷᠬᠢᠯᠡᠭᠴᠢ    ᠳᠣᠭᠤᠶᠢᠯᠠᠩ ᠤᠨ ᠳᠡᠳ᠋ ᠳᠠᠷᠤᠭ᠎ᠠ᠄  ᠵᠠᠩ ᠷᠦᠢ ᠹᠧᠩ   ᠬᠤᠰᠢᠭᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠳᠠᠰᠤᠭ ᠤᠨ ᠡᠷᠬᠢᠯᠡᠭᠴᠢ                                    ᠰᠢᠶᠣᠣ ᠬᠠᠢ ᠹᠦ᠋    ᠬᠤᠰᠢᠭᠤ ᠰᠣᠷᠭᠠᠨ ᠬᠦᠮᠦᠵᠢᠯ ᠤᠨ ᠳᠣᠪᠴᠢᠶᠠᠨ ᠤ ᠳᠣᠪᠴᠢᠶᠠᠨ ᠳᠠᠷᠤᠭ᠎ᠠ   ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ    ᠪᠦᠷᠢᠯᠳᠣᠬᠦᠨ ᠬᠡᠰᠢᠬᠦᠨ᠄           ᠯᠥᠸᠧ ᠶᠤᠸᠠᠢ ᠹᠧᠢ     ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ ᠤᠨ ᠳᠡᠳ᠋ ᠬᠡᠯᠳᠡᠰ ᠤᠨ ᠳᠠᠷᠤᠭ᠎ᠠ᠂ ᠪᠣᠯᠪᠠᠰᠣᠨ ᠤ ᠠᠵᠢᠯ ᠤᠨ ᠠᠯᠪᠠᠨ ᠬᠡᠷ ᠤᠨ ᠡᠷᠬᠢᠯᠡᠭᠴᠢ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠬᠡᠰᠢᠬᠦᠨ                                    ᠰᠤ᠋ ᠵᠢᠶᠠᠨ ᠵᠦᠩ   ᠬᠤᠰᠢᠭᠤ ᠵᠠᠬ᠎ᠠ ᠳᠡᠯᠬᠡᠬᠦᠷ ᠤᠨ ᠬᠢᠨᠡᠨ ᠬᠠᠮᠢᠶᠠᠷᠣᠯᠳᠠ ᠶᠢᠨ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠬᠡᠰᠢᠬᠦᠨ                                    ᠲᠢᠶᠠᠨ ᠭᠤᠸᠠᠩ ᠷᠥᠩ    ᠬᠤᠰᠢᠭᠤ ᠵᠠᠬ᠎ᠠ ᠳᠡᠯᠬᠡᠬᠦᠷ ᠤᠨ ᠬᠢᠨᠡᠨ ᠬᠠᠮᠢᠶᠠᠷᠣᠯᠳᠠ ᠶᠢᠨ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠬᠡᠰᠢᠬᠦᠨ                                    ᠵᠣᠣ ᠸᠧᠨ ᠫᠢᠩ    ᠬᠤᠰᠢᠭᠤ ᠰᠣᠷᠭᠠᠨ ᠬᠦᠮᠦᠵᠢᠯ ᠤᠨ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠬᠡᠰᠢᠬᠦᠨ                                    ᠦᠨᠳᠣᠰᠣ  ᠬᠤᠰᠢᠭᠤ ᠳᠣᠳᠣᠭᠠᠳᠣ ᠶᠢ ᠬᠠᠮᠠᠭᠠᠯᠠᠬᠤ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠬᠡᠰᠢᠬᠦᠨ                                    ᠸᠠᠩ ᡁᠢ ᠴᠢᠶᠠᠩ   ᠬᠤᠰᠢᠭᠤ ᠣᠷᠣᠨ ᠰᠠᠭᠤᠴᠠ ᠪᠠ ᠬᠤᠳᠠ ᠬᠦᠳᠡᠭᠡ ᠶᠢᠨ ᠲᠥᠯᠥᠪᠵᠢᠬᠦᠯᠬᠡ ᠪᠦᠳᠦᠬᠡᠨ ᠪᠠᠶᠢᠭᠤᠯᠣᠯᠳᠠ ᠶᠢᠨ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠬᠡᠰᠢᠬᠦᠨ                                    ᠪᠣᠯᠣᠳ  ᠬᠤᠰᠢᠭᠤ ᠬᠤᠳᠠ ᠶᠢᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠎ ᠤᠨ ᠠᠵᠢᠯ ᠤᠨ ᠵᠦᠪᠯᠡᠯ ᠤᠨ ᠬᠡᠰᠢᠬᠦᠨ                                    ᠦ᠋ ᠯᠢ ᠫᠢᠩ   ᠬᠤᠰᠢᠭᠤ ᠠᠷᠠᠳ ᠤᠨ ᠶᠠᠪᠣᠳᠠᠯ ᠤᠨ ᠳᠣᠪᠴᠢᠶᠠᠨ ᠎ ᠤ ᠳᠣᠪᠴᠢᠶᠠᠨ ᠳᠡᠳ᠋ ᠳᠠᠷᠤᠭ᠎ᠠ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠬᠡᠰᠢᠬᠦᠨ                                    ᠵᠦ ᡁᠢ ᠵᠦᠩ   ᠬᠤᠰᠢᠭᠤ ᠰᠣᠶᠣᠯ ᠷᠡᠳᠢᠤ᠋ ᠨᠡᠪᠳᠠᠷᠠᠬᠦᠯᠬᠡ ᠺᠢᠨᠤ᠋ ᠲᠧᠯᠸᠢᠰ ᠤᠨ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠎ ᠤᠨ ᠠᠵᠢᠯ ᠤᠨ ᠵᠦᠪᠯᠡᠯ ᠤᠨ ᠬᠡᠰᠢᠬᠦᠨ                                    ᠹᠠᠨ ᠱᠢ ᠴᠦᠨ    ᠬᠤᠰᠢᠭᠤ ᠷᠠᠳᠢᠤ᠋ ᠨᠡᠪᠳᠠᠷᠠᠬᠦᠯᠬᠡ ᠲᠧᠯᠸᠢᠰ ᠤᠨ ᠣᠶᠢᠯᠡᠴᠢᠯᠡᠬᠡᠨ ᠤ ᠲᠦᠪ ᠤᠨ ᠳᠡᠳ᠋ ᠡᠷᠬᠢᠯᠡᠭᠴᠢ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠎ ᠤᠨ ᠵᠦᠪᠯᠡᠯ ᠤᠨ ᠬᠡᠰᠢᠬᠦᠨ                                   ᠰᠠᠴᠠᠨᠳᠣᠨᠠᠯ   ᠬᠤᠰᠢᠭᠤ ᠡᠷᠡᠬᠦᠯ ᠬᠠᠮᠠᠭᠠᠯᠠᠯ ᠪᠠ ᠲᠥᠯᠥᠪᠯᠡᠬᠡᠳᠣ ᠬᠦᠩᠬᠡᠵᠢᠯ ᠤᠨ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠎ ᠤᠨ ᠠᠵᠢᠯ ᠤᠨ ᠵᠦᠪᠯᠡᠯ ᠤᠨ ᠬᠡᠰᠢᠬᠦᠨ                                   ᠱᠢ ᠵᠢᠶᠦ᠋ᠨ     ᠬᠤᠰᠢᠭᠤ ᠬᠤᠰᠢᠭᠤ ᠵᠠᠮ ᠬᠠᠷᠢᠯᠴᠠᠭ᠎ᠠ ᠳᠡᠬᠡᠬᠡᠪᠣᠷᠢ ᠎ ᠶᠢᠨ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠎ ᠤᠨ ᠵᠦᠪᠯᠡᠯ ᠤᠨ ᠬᠡᠰᠢᠬᠦᠨ                                   ᠡᠷᠳᠡᠮᠳᠣ    ᠬᠤᠰᠢᠭᠤ ᠦᠨᠳᠣᠰᠣᠳᠠᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ                                   ᠣᠳᠬᠤᠨᠴᠴᠡᠴᠡᠭ    ᠬᠤᠰᠢᠭᠤ ᠤᠯᠠᠨ ᠨᠡᠶᠢᠳᠠ ᠶᠢᠨ ᠠᠵᠢᠯ ᠣᠶᠢᠯᠡᠰ ᠤᠨ ᠬᠠᠮᠢᠶᠠᠷᠣᠯᠳᠠ ᠶᠢᠨ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ                                   ᠯᠧᠢ ᠮᠢᠨ   ᠬᠤᠰᠢᠭᠤ ᠴᠡᠴᠡᠷᠯᠢᠭᠵᠢᠬᠦᠯᠥᠯᠳᠡ ᠨᠣᠭᠤᠭᠠᠷᠠᠭᠤᠯᠣᠯᠳᠠ ᠎ ᠶᠢᠨ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ                                   ᠵᠢᠶᠠ ᠵᠢᠶᠠᠨ ᠮᠧᠢ    ᠬᠤᠰᠢᠭᠤ ᠵᠣᠭᠠᠴᠠᠯ ᠤᠨ ᠣᠶᠢᠯᠡᠰ ᠢ ᠠᠬᠢᠭᠤᠯᠬᠤ ᠲᠦᠪ ᠤᠨ ᠳᠡᠳ᠋ ᠡᠷᠬᠢᠯᠡᠭᠴᠢ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠬᠡᠰᠢᠬᠦᠨ                                   ᠬᠠᠨ ᠮᠢᠨ   ᠬᠤᠰᠢᠭᠤ ᠳᠠᠮᠣᠷ ᠵᠠᠮ ᠠᠭᠠᠷ ᠤᠨ ᠠᠶᠠᠯᠠᠯ ᠤᠨ ᠪᠦᠳᠦᠬᠡᠨ ᠪᠠᠶᠢᠭᠤᠯᠣᠯᠳᠠ ᠶᠢᠨ ᠠᠯᠪᠠᠨ ᠬᠡᠷ ᠤᠨ ᠳᠡᠳ᠋ ᠡᠷᠬᠢᠯᠡᠭᠴᠢ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠬᠡᠰᠢᠬᠦᠨ                                   ᠭᠦ᠋ ᠴᠢᠩ ᠰᠢ   ᠬᠤᠰᠢᠭᠤ ᠬᠤᠳᠠ ᠬᠦᠳᠡᠭᠡ ᠶᠢᠨ ᠲᠥᠯᠥᠪᠵᠢᠬᠦᠯᠬᠡ ᠎ ᠶᠢᠨ ᠲᠦᠪ ᠤᠨ ᠳᠡᠳ᠋ ᠡᠷᠬᠢᠯᠡᠭᠴᠢ                                   ᠯᠢᠦ ᠱᠧᠩ ᠮᠧᠢ    ᠦᠣᠰᠢᠨ ᠰᠣᠨᠢᠨ ᠬᠤᠷᠢᠶᠠᠨ ᠤ ᠳᠠᠷᠤᠭ᠎ᠠ᠂ ᠬᠤᠰᠢᠭᠤ ᠬᠢᠳᠡᠳ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠬᠡᠰᠢᠬᠦᠨ                                   ᠵᠠᠩ ᠭᠥᠸᠧ ᠬᠤᠸᠠ   ᠳᠣᠮᠳᠠᠳᠣ ᠣᠯᠣᠰ ᠤᠨ ᠳᠠᠷᠢᠶᠠᠯᠠᠩ ᠤᠨ ᠪᠠᠩᠬᠢ ᠶᠢᠨ ᠬᠤᠪᠢ ᠣᠷᠣᠭᠤᠯᠣᠯᠳᠠ ᠶᠢᠨ ᠬᠢᠵᠠᠭᠠᠷᠳᠣ ᠶᠢᠨ ᠺᠣᠮᠫᠠᠨᠢ ᠶᠢᠨ ᠦᠣᠰᠢᠨ ᠬᠤᠰᠢᠭᠤᠨ ᠤ ᠬᠤᠪᠢᠶᠠᠷᠢ ᠪᠠᠩᠬᠢ ᠶᠢᠨ ᠪᠠᠩᠬᠢ ᠶᠢᠨ ᠳᠠᠷᠤᠭ᠎ᠠ                                   ᠸᠠᠩ ᠵᠢᠶᠦ᠋ᠨ   ᠳᠣᠮᠳᠠᠳᠣ ᠣᠯᠣᠰ ᠤᠨ  ᠣᠶᠢᠯᠡᠳᠪᠣᠷᠢ ᠬᠤᠳᠠᠯᠳᠣᠭᠠᠨ ᠤ ᠪᠠᠩᠬᠢ ᠶᠢᠨ ᠬᠤᠪᠢ ᠣᠷᠣᠭᠤᠯᠣᠯᠳᠠ ᠶᠢᠨ ᠬᠢᠵᠠᠭᠠᠷᠳᠣ ᠶᠢᠨ ᠺᠣᠮᠫᠠᠨᠢ ᠶᠢᠨ ᠦᠣᠰᠢᠨ ᠬᠤᠰᠢᠭᠤᠨ ᠎ ᠤ ᠬᠤᠪᠢᠶᠠᠷᠢ ᠪᠠᠩᠬᠢ ᠶᠢᠨ ᠪᠠᠩᠬᠢ ᠶᠢᠨ ᠳᠠᠷᠤᠭ᠎ᠠ                                   ᠠᠯᠳᠠᠨᠴᠣᠭᠳᠣ   ᠳᠣᠮᠳᠠᠳᠣ ᠣᠯᠣᠰ ᠤᠨ ᠪᠦᠳᠦᠬᠡᠨ ᠪᠠᠶᠢᠭᠤᠯᠣᠯᠳᠠ ᠎ ᠶᠢᠨ ᠪᠠᠩᠬᠢ ᠶᠢᠨ ᠬᠤᠪᠢ ᠣᠷᠣᠭᠤᠯᠣᠯᠳᠠ ᠶᠢᠨ ᠬᠢᠵᠠᠭᠠᠷᠳᠣ ᠶᠢᠨ ᠺᠣᠮᠫᠠᠨᠢ ᠶᠢᠨ ᠦᠣᠰᠢᠨ ᠬᠤᠰᠢᠭᠤᠨ ᠤ ᠬᠤᠪᠢᠶᠠᠷᠢ ᠪᠠᠩᠬᠢ ᠶᠢᠨ ᠪᠠᠩᠬᠢ ᠶᠢᠨ ᠳᠠᠷᠤᠭ᠎ᠠ                                   ᠯᠢ ᠶᠧᠦ ᠳ᠋ᠧ     ᠦᠣᠰᠢᠨ ᠬᠤᠰᠢᠭᠤᠨ ᠤ ᠮᠠᠯᠵᠢᠬᠤ ᠳᠠᠷᠢᠶᠠᠯᠠᠬᠤ ᠣᠷᠣᠨ ᠤ ᠢᠳᠡᠬᠡᠮᠵᠢ ᠶᠢᠨ ᠬᠤᠯᠪᠣᠭᠠᠳᠣ ᠬᠤᠷᠰᠢᠶᠠᠨ ᠤ ᠡᠷᠬᠢᠯᠡᠭᠴᠢ                                   ᠸᠠᠩ ᠵᠢᠶᠦ᠋ᠨ   ᠬᠤᠰᠢᠭᠤ ᠨᠡᠬᠦᠳᠠᠯ ᠴᠢᠮᠡᠭᠡ ᠨᠠᠪᠳᠠᠷᠠᠯᠬᠡ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ                                   ᠰᠤ᠋ ᠶᠥᠩ ᠹᠧᠩ   ᠬᠤᠰᠢᠭᠤ ᠬᠤᠯᠪᠣᠭ᠎ᠠ ᠴᠢᠮᠡᠭᠡ ᠨᠠᠪᠳᠠᠷᠠᠯᠬᠡ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ                                   ᠬᠠᠨ ᠸᠧᠢ   ᠬᠤᠰᠢᠭᠤ ᠴᠠᠬᠢᠯᠭᠠᠨ ᠴᠢᠮᠡᠭᠡ ᠨᠠᠪᠳᠠᠷᠠᠯᠬᠡ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ                                   ᠨᠠᠷᠠᠰᠣ    ᠭᠠᠯᠠᠭᠤᠳᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠳᠠᠷᠤᠭ᠎ᠠ                                   ᠹᠠᠨ ᠵᠠᠨ ᠵᠢᠶᠦ᠋ᠨ   ᠰᠢᠷᠬᠤᠰᠣᠨ ᠪᠠᠯᠭᠠᠰᠣᠨ ᠤ ᠠᠷᠠᠳ ᠤᠨ ᠵᠠᠰᠠᠭ ᠎ ᠤᠨ ᠣᠷᠳᠣᠨ ᠤ ᠪᠠᠯᠭᠠᠰᠣᠨ ᠳᠠᠷᠤᠭ᠎ᠠ                                     ᠵᠢᠷᠠᠠᠪᠠᠶᠠᠷ    ᠰᠦᠯᠳᠠ ᠰᠣᠮᠣᠨ ᠤ ᠠᠷᠠᠳ ᠤᠨ ᠵᠠᠰᠠᠭ ᠤᠨ ᠣᠷᠳᠣᠨ ᠤ ᠰᠣᠮᠣᠨ ᠳᠠᠷᠤᠭ᠎ᠠ                                   ᠺᠠᠩ ᠷᠦᠢ   ᠦᠤᠰᠢᠨᠵᠤᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠳᠠᠷᠤᠭ᠎ᠠ                                   ᠬᠠᠰᠴᠢᠮᠡᠭ   ᠳᠤᠭ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠎ ᠤ ᠪᠠᠯᠭᠠᠰᠣᠨ ᠳᠠᠷᠤᠭ᠎ᠠ                                   ᠬᠠᠨ ᠹᠧᠢ   ᠣᠯᠠᠭᠠᠠᠳᠣᠯᠣᠭᠠᠢ ᠪᠠᠯᠭᠠᠰᠣᠨ ᠤ ᠠᠷᠠᠳ ᠤᠨ ᠵᠠᠰᠠᠭ ᠎ ᠤᠨ ᠣᠷᠳᠣᠨ ᠤ ᠪᠠᠯᠭᠠᠰᠣᠨ ᠳᠠᠷᠤᠭ᠎ᠠ
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号