ᠬᠤᠷᠢᠨ ᠳᠣᠯᠣᠭᠠᠨ ᠦᠨᠡᠮᠯᠡᠯ ᠢ ᠨᠢᠬᠡᠳᠬᠡᠵᠣ ᠨᠢᠬᠡ ᠦᠨᠡᠮᠯᠡᠯ ᠨᠢᠬᠡ ᠺᠣᠳ᠋ ᠲᠠᠢ ᠪᠣᠯᠭᠠᠵᠣ ᠳᠠᠩᠰᠠᠯᠠᠬᠤ ᠠᠵᠢᠯ ᠤᠨ ᠲᠦᠷᠢᠮ ᠤᠨ ᠦᠬᠡᠷᠡᠴᠢᠯᠡᠯᠳᠡ ᠶᠢ ᠬᠡᠷᠡᠭᠵᠢᠬᠦᠯᠬᠦ ᠲᠣᠬᠠᠢ ᠦᠦᠰᠢᠨ ᠬᠤᠰᠢᠭᠤᠨ ᠤ ᠠᠷᠠᠳ ᠎ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018-04-10
ᠡᠯ᠎ᠡ ᠠᠵᠣ ᠠᠬᠤᠢ ᠶᠢᠨ ᠨᠡᠬᠡᠬᠡᠯᠳᠡ ᠶᠢᠨ ᠲᠣᠭᠤᠷᠢᠭ ︵ᠬᠦᠷᠢᠶᠠᠯᠠᠩ︶᠎ ᠤᠨ ᠬᠠᠮᠢᠶᠠᠷᠣᠯᠲᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ  ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠨᠢᠬᠡᠴᠡ᠂ ᠠᠵᠢᠯ ᠣᠶᠢᠯᠡᠰ ᠤᠨ ᠨᠢᠬᠡᠴᠡ ᠵᠢᠴᠢ ᠡᠯ᠎ᠡ ᠠᠷᠠᠳ ᠤᠨ ᠪᠦᠯᠬᠦᠮ  ᠄    ︽ᠣᠯᠠᠨ ᠦᠨᠡᠮᠯᠠᠯ ᠢ ᠨᠢᠬᠡᠳᠬᠡᠬᠦ ᠦᠬᠡᠷᠡᠴᠢᠯᠡᠯᠳᠡ ᠶᠢ ᠲᠦᠷᠬᠡᠳᠬᠡᠬᠦ ᠳᠣᠬᠠᠢ ᠲᠦᠷᠦ ᠶᠢᠨ ᠶᠠᠪᠣᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠦᠷᠦ ᠠᠯᠪᠠᠨ ᠳᠠᠷᠬᠠᠭᠠᠭᠰᠠᠨ〔2017〕41 ᠳ᠋ᠣᠬᠡᠷ ᠲᠤᠭᠠᠳᠦ︶ ᠪᠠ ᠲᠦᠷᠦ ᠶᠢᠨ ᠶᠠᠪᠣᠳᠠᠯ ᠤᠨ ᠬᠤᠷᠢᠶ᠎ᠠ᠂ ᠦᠪᠡᠷᠳᠡᠬᠡᠨ ᠵᠠᠰᠠᠬᠤ ᠣᠷᠣᠨ ᠤ ︽ᠣᠯᠠᠨ ᠦᠨᠡᠮᠯᠡᠯ ᠢ ᠨᠢᠬᠡᠳᠬᠡᠬᠦ︾ ᠦᠬᠡᠷᠡᠴᠢᠯᠡᠯᠳᠡ ᠶᠢ ᠪᠦᠬᠦ ᠳᠠᠯ᠎ᠠ ᠪᠠᠷ ᠠᠬᠢᠭᠤᠯᠬᠤ ᠠᠵᠢᠯ ᠤᠨ ᠲᠧᠯᠸᠢᠰ ᠣᠳᠠᠰᠣᠨ ᠤ ᠬᠤᠷᠠᠯ ᠵᠢᠴᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠣᠰᠣᠯᠡᠨ ᠬᠤᠰᠢᠭᠤ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠰᠠᠨᠠᠯ ᠢ ᠬᠤᠷᠢᠶᠠᠭᠠᠳ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠠᠵᠣ ᠠᠬᠤᠶᠢᠯᠡᠯ ᠪᠠ ᠮᠠᠯᠴᠢᠨ ᠳᠠᠷᠢᠶᠠᠴᠢᠨ ᠤ ᠳᠣᠰᠬᠠᠢ ᠬᠤᠷᠰᠢᠶᠠᠵᠢᠯ ᠤᠨ ᠣᠶᠢᠯᠡᠳᠪᠣᠷᠢ ᠬᠤᠳᠠᠯᠳᠣᠭᠠᠨ ᠤ ᠡᠵᠡᠩᠨᠡᠯᠳᠡ ᠶᠢᠨ ᠦᠨᠡᠮᠯᠡᠯ᠂ ᠵᠣᠬᠢᠶᠠᠨ ᠪᠠᠶᠢᠭᠤᠯᠣᠯᠳᠠ ᠪᠠᠶᠢᠭᠤᠯᠣᠮᠵᠢ ᠶᠢᠨ ᠨᠣᠮᠧᠷ ᠤᠨ ᠦᠨᠡᠮᠯᠠᠯ᠂ ᠭᠠᠶᠢᠯᠢ ᠶᠢᠨ ᠳᠠᠩᠰᠠᠯᠠᠯᠳᠠ ᠶᠢᠨ ᠦᠨᠡᠮᠯᠡᠯ᠂ ᠳᠤᠭ᠎ᠠ ᠪᠦᠷᠢᠳᠬᠡᠯ ᠤᠨ ᠳᠠᠩᠰᠠᠯᠠᠯᠳᠠ ᠶᠢᠨ ᠦᠨᠡᠮᠯᠡᠯ ᠤᠨ ︽ᠳᠠᠪᠣᠨ ᠦᠨᠡᠮᠯᠡᠯ ᠢ ᠨᠢᠬᠡᠳᠬᠡᠵᠣ ᠨᠢᠬᠡ ᠦᠨᠡᠮᠯᠡᠯ ᠨᠢᠬᠡ ᠺᠦ᠋ᠳ᠋ ᠲᠠᠢ ᠪᠣᠯᠭᠠᠬᠤ︾ ᠳᠠᠩᠰᠠᠯᠠᠯᠳᠠ ᠎ ᠶᠢᠨ ᠲᠦᠷᠢᠮ ᠤᠨ ᠦᠬᠡᠷᠡᠴᠢᠯᠡᠯᠳᠡ ᠪᠠ ᠬᠤᠪᠢ ᠶᠢᠨ ᠬᠤᠳᠠᠯᠳᠣᠭᠠᠨ ᠤ ᠡᠷᠦᠬᠡ ᠶᠢᠨ  ᠣᠶᠢᠯᠡᠳᠪᠣᠷᠢ ᠬᠤᠳᠠᠯᠳᠣᠭᠠᠨ ᠤ ᠡᠵᠡᠩᠨᠡᠯᠳᠡ ᠶᠢᠨ ᠦᠨᠡᠮᠯᠡᠯ᠂ ᠭᠠᠶᠢᠯᠢ ᠶᠢᠨ ᠳᠠᠩᠰᠠᠯᠠᠯᠳᠠ ᠶᠢᠨ ᠦᠨᠡᠮᠯᠡᠯ ᠤᠨ ︽ᠬᠤᠶᠡᠷ ᠦᠨᠡᠮᠯᠡᠯ ᠢ ᠨᠢᠬᠡᠳᠬᠡᠬᠦ︾ ᠨᠢᠬᠡ ᠦᠨᠡᠮᠯᠡᠯ ᠨᠢᠬᠡ ᠺᠣᠳ᠋ ᠲᠠᠢ ᠪᠣᠯᠭᠠᠬᠤ︾᠎ ᠶᠢ ᠬᠡᠷᠡᠭᠵᠢᠬᠦᠯᠥᠨ ᠵᠣᠬᠢᠶᠠᠨ ᠣᠶᠢᠯᠡᠳᠬᠦ ᠠᠵᠣ ᠠᠬᠤᠶᠢᠯᠡᠯ ᠤᠨ ᠲᠦᠷᠢᠮ ᠤᠨ ᠴᠢᠨᠡᠷᠳᠡᠢ ᠠᠷᠠᠯᠵᠢᠶᠠᠨ ᠤ ᠦᠷᠳᠡᠭ ᠢ ᠦᠨᠡᠨᠬᠦ ᠪᠠᠳᠠᠷᠠᠭᠤᠯᠵᠣ ᠰᠠᠶᠢᠨ ᠰᠠᠶᠢᠬᠠᠨ ᠵᠠᠬ᠎ᠠ ᠳᠡᠯᠬᠡᠬᠦᠷ ᠤᠨ ᠡᠵᠡᠩᠨᠡᠯᠳᠡ ᠶᠢᠨ ᠣᠷᠴᠢᠨ ᠢ ᠪᠣᠢ ᠪᠣᠯᠭᠠᠨ᠎ᠠ᠃    ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠣᠯᠣᠰ᠂ ᠦᠪᠡᠷᠳᠡᠬᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠪᠠᠶᠢᠷᠢᠰᠢᠯᠠᠭᠤᠯᠣᠯᠳᠠ ᠪᠠ ᠮᠠᠨ ᠤ ᠬᠤᠰᠢᠭᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠣᠰᠣᠯᠡᠨ ᠨᠢᠬᠡᠳᠬᠡᠵᠣ ᠪᠣᠯᠬᠤ ᠶᠢ ᠨᠢ ᠨᠢᠬᠡᠳᠬᠡᠨ ᠲᠦᠬᠦᠮᠴᠢᠯᠡᠵᠣ ᠪᠣᠯᠬᠤ ᠶᠢ ᠨᠢ ᠲᠦᠬᠦᠮᠴᠢᠯᠡᠨ ᠬᠠᠰᠣᠵᠣ ᠪᠣᠯᠬᠤ ᠶᠢ ᠨᠢ ᠬᠠᠰᠣᠬᠤ ᠵᠠᠷᠴᠢᠮ ᠢ ᠦᠨᠳᠣᠰᠣᠯᠡᠨ ᠠᠵᠣ ᠣᠶᠢᠯᠡᠰ ᠤᠨ ᠦᠨᠡᠮᠯᠡᠯ ᠤᠨ ᠵᠣᠶᠢᠯᠡᠰ ᠢ ᠪᠦᠬᠦ ᠳᠠᠯ᠎ᠠ ᠎ ᠪᠠᠷ ᠡᠮᠬᠢᠳᠬᠡᠨ ᠲᠦᠷᠥᠯ ᠵᠣᠶᠢᠯ ᠬᠤᠪᠢᠶᠠᠨ ᠰᠢᠢᠳᠪᠣᠷᠢᠯᠡᠵᠣ ᠴᠢᠬᠤᠯᠠ ᠪᠣᠰᠣ ᠬᠢᠨᠡᠨ ᠵᠦᠪᠰᠢᠶᠠᠷᠠᠯ ᠤᠨ ᠦᠨᠡᠮᠯᠡᠯ ᠢ ᠬᠠᠰᠣᠭᠳᠠᠭᠤᠯᠵᠣ ᠦᠷ᠎ᠡ ᠪᠦᠳᠣᠮᠵᠢ ᠶᠢ ᠨᠡᠮᠡᠭᠳᠡᠬᠦᠯᠬᠦ ᠶᠢ ᠲᠦᠷᠬᠡᠳᠬᠡᠨ ᠠᠬᠢᠭᠤᠯᠣᠨ᠎ᠠ︔ ᠰᠠᠯᠠᠭ᠎ᠠ ᠮᠦᠴᠢᠷ ᠤᠨ ᠴᠢᠮᠡᠭᠡ ᠵᠠᠩᠬᠢ ᠶᠢ ᠬᠠᠮᠳᠣᠪᠠᠷ ᠡᠳ᠋ᠯᠡᠬᠦ ᠪᠠ ᠳᠣᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠬᠦᠨᠵᠡᠶᠢᠬᠡᠷᠡᠬᠦᠯᠵᠣ ᠬᠤᠪᠢ ᠬᠤᠪᠢᠨ ᠤ ᠪᠠᠨ ᠬᠤᠯᠪᠣᠭᠳᠠᠯ ᠪᠦᠬᠦᠢ ᠴᠢᠮᠡᠭᠡ ᠵᠠᠩᠬᠢ ᠶᠢᠨ ᠰᠢᠰᠲ᠋ᠧᠮ ᠢ ᠲᠦᠷᠬᠡᠳᠬᠡᠨ ᠳᠡᠬᠦᠯᠳᠡᠷᠵᠢᠬᠦᠯᠵᠣ ᠰᠠᠯᠠᠭ᠎ᠠ ᠮᠦᠴᠢᠷ ᠤᠨ ᠬᠤᠭᠤᠷᠣᠨᠳᠣᠬᠢ ︽ᠬᠤᠣᠰ ᠴᠢᠭᠯᠡᠯ ᠢᠶᠠᠷ ᠮᠡᠳᠡᠭᠳᠡᠬᠦ︾᠎ ᠶᠢ ᠴᠢᠩᠭᠠᠳᠬᠠᠵᠣ ᠠᠵᠣ ᠠᠬᠤᠶᠢᠯᠡᠯ ᠪᠠ ᠣᠯᠠᠨ ᠲᠦᠮᠡᠨ ᠠᠬᠢᠨ ᠳᠠᠬᠢᠨ ᠮᠠᠲ᠋ᠧᠷᠢᠶᠠᠯ ᠳᠣᠰᠢᠶᠠᠬᠤ ᠶᠢ ᠦᠨᠡᠨᠬᠦ ᠪᠠᠭᠠᠰᠬᠠᠵᠣ᠂ ︽ᠨᠢᠬᠡ ᠦᠨᠡᠮᠯᠡᠯ ᠨᠢᠬᠡ ᠺᠤᠳ᠋ ᠲᠠᠢ︾ ᠡᠵᠡᠩᠨᠡᠯᠳᠡ ᠶᠢᠨ ᠦᠨᠡᠮᠯᠡᠯ ᠤᠨ ᠬᠡᠷᠡᠭᠯᠡᠯᠳᠡ ᠶᠢ ᠠᠬᠢᠭᠤᠯᠵᠣ ᠠᠵᠣ ᠠᠬᠤᠶᠢᠯᠡᠯ ᠢ ︽ᠨᠢᠬᠡ ᠦᠨᠠᠮᠯᠠᠯ ᠨᠢᠬᠡ ᠺᠣᠳ᠋︾᠎ ᠲᠠᠢ ᠪᠣᠯᠭᠠᠨ᠎ᠠ︔ ᠳᠠᠯᠪᠢᠵᠣ ᠬᠠᠮᠢᠶᠠᠷᠬᠤ ᠶᠢ ᠣᠶᠠᠯᠳᠣᠭᠤᠯᠬᠤ ᠶᠢ ᠬᠠᠮᠳᠣ ᠴᠢᠬᠤᠯᠠᠴᠢᠯᠠᠨ ︽ᠬᠡᠨ ᠬᠢᠨᠡᠨ ᠵᠦᠪᠰᠢᠶᠠᠷᠠᠪᠠᠯ ᠬᠡᠨ ᠬᠠᠷᠢᠭᠤᠴᠠᠬᠤ︾ ᠵᠠᠷᠴᠢᠮ ᠢ ᠦᠨᠳᠣᠰᠣᠯᠡᠨ ᠬᠡᠷᠡᠭ ᠣᠴᠢᠷ ᠤᠨ ᠡᠮᠣᠨᠡᠬᠢ ᠬᠤᠶᠢᠨᠠᠬᠢ ᠬᠠᠮᠢᠶᠠᠷᠣᠯᠳᠠ ᠶᠢ ᠪᠦᠬᠦ ᠳᠠᠯ᠎ᠠ ᠪᠠᠷ ᠴᠢᠩᠭᠠᠳᠬᠠᠨ ︽ᠬᠤᠣᠰ ᠰᠣᠭᠤᠴᠢᠵᠣ ᠨᠢᠬᠡ ᠶᠢ ᠢᠯᠡ ᠪᠣᠯᠭᠠᠬᠤ︾ ᠬᠢᠨᠡᠨ ᠬᠠᠮᠢᠶᠠᠷᠣᠯᠳᠠ ᠶᠢᠨ ᠪᠠᠶᠢᠭᠤᠯᠣᠮᠵᠢ ᠶᠢ ᠠᠬᠢᠭᠤᠯᠵᠣ ᠰᠠᠶᠢᠳᠣᠷ ᠬᠢᠨᠡᠨ ᠬᠠᠮᠢᠶᠠᠷᠣᠨ᠎ᠠ︔ ᠳᠡᠩᠰᠠᠯᠠᠵᠣ ᠳᠡᠮᠳᠡᠭᠯᠡᠬᠦ ᠠᠵᠢᠯ ᠤᠨ ᠪᠦᠬᠦ ᠶᠠᠪᠣᠴᠠ ᠶᠢ ᠡᠯᠧᠺᠲᠷᠣᠨᠴᠢᠯᠡᠬᠦ ᠶᠢ ᠲᠦᠷᠬᠡᠳᠬᠡᠵᠣ ᠠᠵᠣ ᠠᠬᠤᠶᠢᠯᠡᠯ ᠤᠨ ᠨᠠᠷᠠᠶᠢᠳᠣᠯ ᠢ ᠳᠠᠩᠰᠠᠯᠠᠨ ᠬᠠᠮᠢᠶᠠᠷᠬᠤ ᠶᠢ ᠠᠬᠢᠭᠤᠯᠵᠣ ᠳᠠᠩᠰᠠᠯᠠᠬᠤ ᠶᠠᠪᠣᠴᠠ ᠶᠢ ᠲᠦᠬᠦᠮᠴᠢᠯᠡᠵᠣ ︽ᠢᠨᠲ᠋ᠧᠷ ᠰᠦᠯᠵᠢᠶ᠎ᠠ+ ᠵᠠᠰᠠᠭ ᠤᠨ ᠶᠠᠪᠣᠳᠠᠯ ᠤᠨ ᠣᠶᠢᠯᠡᠴᠢᠯᠡᠭᠡ︾᠎ ᠶᠢ ᠳᠡᠯᠬᠡᠷᠡᠬᠦᠯᠵᠣ ︽ᠬᠤᠣᠰ ᠡᠬᠦᠳᠣᠯᠳᠡ︾ ᠪᠠ ᠪᠢᠴᠢᠯ ᠪᠠᠭ᠎ᠠ ᠠᠵᠣ ᠠᠬᠤᠶᠢᠯᠡᠯ ᠤᠨ ᠬᠦᠭᠵᠢᠯᠳᠡ ᠶᠢ ᠢᠳᠡᠪᠬᠢᠳᠡᠢ ᠠᠬᠢᠭᠤᠯᠵᠣ ᠬᠤᠳᠠᠯᠳᠣᠭᠠᠨ ᠤ ᠠᠵᠢᠯ ᠤᠨ ᠲᠦᠷᠢᠮ ᠤᠨ ᠦᠬᠡᠷᠡᠴᠢᠯᠡᠯᠳᠡ ᠶᠢᠨ ᠦᠷ᠎ᠡ ᠪᠦᠳᠣᠮᠵᠢ ᠶᠢ ᠠᠬᠢᠭᠤᠯᠣᠨ᠎ᠠ︔ ᠣᠬᠠᠭᠤᠯᠭ᠎ᠠ ᠶᠢᠨ ᠪᠣᠯᠪᠠᠰᠣᠷᠠᠯ ᠤᠨ ᠬᠦᠴᠦᠯᠡᠴᠡ ᠶᠢ ᠶᠡᠬᠡᠰᠬᠡᠨ ᠡᠯ᠎ᠡ ᠲᠦᠷᠥᠯ ᠤᠨ ᠰᠣᠨᠢᠨ ᠮᠡᠳᠡᠭᠡ ᠵᠠᠭᠤᠴᠢᠯᠠᠭᠤᠷ᠂ ᠹᠥᠷᠲ᠋ᠢᠯ ᠰᠦᠯᠵᠢᠶ᠎ᠠ᠂ ᠬᠡᠷᠡᠭ ᠬᠦᠢᠴᠡᠳᠬᠡᠬᠦ ᠣᠶᠢᠯᠡᠴᠢᠯᠡᠬᠡᠨ ᠤ ᠲᠢᠩᠬᠢᠮ ᠪᠠ ᠯᠠᠪᠯᠠᠯᠭ᠎ᠠ ᠶᠢᠨ ᠣᠳᠠᠰᠣ ᠵᠡᠷᠬᠡ ᠠᠷᠭ᠎ᠠ ᠵᠠᠮ ᠢᠶᠠᠷ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠦᠷᠬᠡᠨ ᠳᠡᠯᠬᠡᠷ ᠣᠬᠠᠭᠤᠯᠣᠨ ᠳᠠᠶᠢᠯᠪᠣᠷᠢᠯᠠᠬᠤ ᠶᠢᠨ ᠬᠠᠮᠳᠣ ᠲᠥᠯᠥᠪᠯᠡᠭᠡ ᠲᠠᠢ ᠬᠠᠨᠳᠣᠯᠭᠠᠳᠣ ᠴᠢᠨᠡᠷᠳᠡᠢ ᠪᠠᠷ ᠳᠣᠬᠠᠶᠢᠯᠠᠭᠰᠠᠨ ᠠᠵᠢᠯᠳᠠᠨ ᠤ ᠪᠣᠯᠪᠠᠰᠣᠷᠠᠯ ᠢ ᠡᠷᠬᠢᠯᠡᠵᠣ ︽ᠬᠤᠷᠢᠨ ᠳᠣᠯᠣᠭᠠᠨ ᠦᠨᠡᠮᠯᠡᠯ ᠢ ᠨᠢᠬᠡᠳᠬᠡᠵᠣ ᠨᠢᠬᠡ ᠦᠨᠡᠮᠯᠡᠯ ᠨᠢᠬᠡ ᠺᠣᠳ᠋ ᠲᠠᠢ ᠪᠣᠯᠭᠠᠬᠤ︾ ᠦᠬᠡᠷᠡᠴᠢᠯᠡᠯᠳᠡ ᠶᠢᠨ ᠰᠠᠶᠢᠨ ᠰᠠᠶᠢᠬᠠᠨ ᠨᠦᠬᠦᠴᠡᠯ ᠢ ᠠᠬᠢᠭᠤᠯᠣᠨ᠎ᠠ᠃    ᠳᠠᠭᠠᠯᠳᠣᠭᠤᠯᠣᠯ᠄ ︽ᠬᠤᠷᠢᠨ ᠳᠣᠯᠣᠭᠠᠨ ᠦᠨᠡᠮᠯᠡᠯ ᠢ ᠨᠢᠬᠡᠳᠬᠡᠬᠦ︾ ᠦᠬᠡᠷᠡᠴᠢᠯᠡᠯᠳᠡ ᠶᠢᠨ ᠵᠣᠶᠢᠯᠡᠰ ᠤᠨ ᠨᠠᠷᠢᠨ ᠳᠠᠩᠰᠠ                 ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                 2017 ᠣᠨ ᠤ 8 ᠰᠠᠷ᠎ᠠ ᠶᠢᠨ 25᠎ ᠤ ᠡᠳᠦᠷ    ᠳᠠᠭᠠᠯᠳᠣᠭᠤᠯᠣᠯ᠄    ︽ᠬᠤᠷᠢᠨ ᠳᠣᠯᠣᠭᠠᠨ ᠦᠨᠡᠮᠯᠡᠯ ᠢ ᠨᠢᠬᠡᠳᠬᠡᠬᠦ︾ ᠦᠬᠡᠷᠡᠴᠢᠯᠡᠯᠳᠡ ᠶᠢᠨ ᠵᠣᠶᠢᠯᠡᠰ ᠤᠨ ᠨᠠᠷᠢᠨ ᠳᠠᠩᠰᠠ
   
   
                                                             
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号