ᠵᠢᠷᠭᠤᠳᠣᠭᠠᠷ ᠪᠦᠯᠥᠭ ᠬᠤᠰᠢᠭᠤ ᠱᠠᠳᠣᠨ ᠤ ᠪᠣᠳᠠᠰ ᠤᠨ ᠪᠣᠰᠣ ᠰᠣᠶᠣᠯ ᠤᠨ ᠦᠪ ᠬᠦᠷᠦᠩᠬᠡ ᠶᠢᠨ ᠨᠠᠷᠠᠰ  ᠢ ᠨᠠᠶᠢᠳᠠᠯᠡᠬᠦ ᠲᠣᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018-04-10
ᠡᠯ᠎ᠡ ᠠᠵᠣ ᠠᠬᠤᠢ ᠶᠢᠨ ᠨᠡᠬᠡᠬᠡᠯᠳᠡ ᠶᠢᠨ ᠲᠣᠭᠤᠷᠢᠭ ︵ᠬᠦᠷᠢᠶᠠᠯᠠᠩ︶ ᠤᠨ ᠬᠠᠮᠢᠶᠠᠷᠣᠯᠲᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ  ᠰᠠᠯᠠᠭ᠎ᠠ ᠮᠦᠴᠢᠷ᠂ ᠡᠯ᠎ᠡ ᠠᠷᠠᠳ ᠤᠨ ᠪᠦᠯᠬᠦᠮ᠂ ᠡᠯ᠎ᠡ ᠰᠢᠭᠤᠳ ᠬᠠᠷᠢᠶ᠎ᠠ ᠨᠢᠬᠡᠴᠡ ᠵᠢᠴᠢ ᠬᠤᠯᠪᠣᠭᠳᠠᠯ ᠪᠦᠬᠦᠢ ᠠᠵᠣ ᠣᠶᠢᠯᠡᠰ ᠤᠨ ᠨᠢᠬᠡᠴᠡ    ᠪᠣᠳᠠᠰ ᠤᠨ ᠪᠣᠰᠣ ᠰᠣᠶᠣᠯ ᠤᠨ ᠦᠪ ᠬᠦᠷᠦᠩᠬᠡ ᠤᠨ ᠨᠠᠷᠠᠰ ᠤᠨ ᠰᠢᠰᠲ᠋ᠧᠮ ᠤᠨ ᠪᠠᠶᠢᠭᠤᠯᠣᠯᠳᠠ ᠶᠢ ᠴᠢᠨᠠᠭᠰᠢᠳᠠ ᠳᠡᠬᠦᠯᠳᠡᠷᠵᠢᠬᠦᠯᠥᠨ ᠮᠠᠨ ᠤᠨ ᠬᠤᠰᠢᠭᠤᠨ ᠤ ᠰᠠᠪᠠ ᠳᠣᠳᠣᠷᠠᠬᠢ ᠪᠣᠳᠠᠰ ᠤᠨ ᠪᠣᠰᠣ ᠰᠣᠶᠣᠯ ᠤᠨ ᠦᠪ ᠬᠦᠷᠦᠩᠬᠡ ᠶᠢᠨ ᠬᠠᠮᠠᠭᠠᠯᠠᠯᠳᠠ ᠬᠠᠮᠢᠶᠠᠷᠣᠯᠳᠠ ᠶᠢᠨ ᠠᠵᠢᠯ ᠢ ᠦᠨᠡᠨᠬᠦ ᠰᠠᠶᠢᠳᠣᠷ ᠬᠢᠵᠣ᠂ ᠬᠤᠰᠢᠭᠤ ᠪᠣᠳᠠᠰ  ᠤᠨ ᠪᠣᠰᠣ ᠰᠣᠶᠣᠯ ᠤᠨ ᠦᠪ ᠬᠦᠷᠦᠩᠬᠡ ᠶᠢᠨ ᠵᠢᠯᠣᠭᠤᠳᠬᠤ ᠪᠠᠭ᠎ᠠ ᠳᠣᠭᠤᠶᠢᠯᠠᠩ ᠤᠨ ᠠᠯᠪᠡᠨ ᠬᠡᠷ ᠳᠣᠰᠬᠠᠢ ᠮᠡᠷᠬᠡᠵᠢᠯᠳᠡᠨ ᠤ ᠳᠣᠭᠤᠶᠢᠯᠠᠩ ᠢ ᠵᠣᠬᠢᠶᠠᠨ ᠪᠠᠶᠢᠭᠤᠯᠵᠣ ᠨᠠᠷᠢᠨ ᠬᠢᠨᠠᠮᠠᠭᠠᠢ ᠪᠠᠶᠢᠴᠠᠭᠠᠨ ᠰᠢᠯᠢᠨ ᠰᠣᠩᠭᠤᠭᠠᠳ ᠵᠦᠪᠯᠡᠨ ᠳᠣᠭᠳᠠᠭᠠᠬᠤ ᠪᠠᠷ ᠳᠠᠮᠵᠢᠭᠠᠳ  ᠣᠷᠳᠣᠰ ᠠᠷᠠᠳ ᠤᠨ ᠣᠷᠳᠣ ᠶᠢᠨ ᠳᠠᠭᠤᠣ᠂ ︽ᠪᠦᠩ ᠠᠮᠣ︾ ᠬᠢᠬᠦ ᠮᠡᠷᠬᠡᠵᠢᠯ ᠵᠡᠷᠬᠡ 6 ᠲᠦᠷᠥᠯ ᠵᠣᠶᠢᠯ ᠢ ᠵᠢᠷᠭᠤᠳᠣᠭᠠᠷ ᠪᠦᠯᠥᠭ ᠬᠤᠰᠢᠭᠤ ᠱᠠᠳᠣᠨ ᠤ ᠪᠣᠳᠠᠰ ᠤᠨ ᠪᠣᠰᠣ ᠰᠣᠶᠣᠯ  ᠤᠨ ᠦᠪ ᠬᠦᠷᠦᠩᠬᠡ ᠶᠢᠨ ᠨᠠᠷᠠᠰ ᠢᠶᠠᠷ ᠨᠠᠶᠢᠳᠠᠯᠠᠪᠠ᠃    ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠠᠴᠠ ᠣᠯᠣᠰ᠂ ᠦᠪᠡᠷᠳᠡᠬᠡᠨ ᠵᠠᠰᠠᠬᠤ ᠣᠷᠣᠨ ᠪᠠ ᠬᠤᠳᠠ ᠶᠢᠨ ᠬᠤᠯᠪᠣᠭᠳᠠᠯ ᠪᠦᠬᠦᠢ ᠳᠣᠭᠳᠠᠭᠠᠯ ᠢ ᠵᠢᠷᠣᠮᠯᠠᠨ ︽ᠬᠠᠮᠠᠭᠠᠯᠠᠬᠤ ᠪᠠᠷ ᠭᠤᠣᠯ ᠪᠣᠯᠭᠠᠨ᠂ ᠠᠪᠣᠷᠠᠯᠳᠡ ᠬᠢᠬᠦ ᠶᠢ ᠳᠡᠷᠢᠬᠦᠨ ᠪᠠᠶᠢᠷᠢᠨ ᠳᠤ ᠳᠠᠯᠪᠢᠵᠣ᠂ ᠵᠣᠬᠢᠰᠳᠡᠢ ᠠᠰᠢᠭᠯᠠᠨ ᠣᠯᠠᠮᠵᠢᠯᠠᠨ ᠬᠦᠭᠵᠢᠬᠦᠯᠬᠦ︾ ᠠᠵᠢᠯ ᠤᠨ ᠴᠢᠭᠯᠡᠯᠳᠡ ᠶᠢ ᠨᠠᠷᠢᠨ ᠬᠢᠨᠠᠮᠠᠭᠠᠢ ᠳᠣᠣᠱᠯᠠᠭᠤᠯᠵᠣ᠂ ᠮᠠᠨ ᠤ ᠬᠤᠰᠢᠭᠤᠨ ᠤ ᠪᠣᠳᠠᠰ ᠤᠨ ᠪᠣᠰᠣ ᠰᠣᠶᠣᠯ ᠤᠨ ᠦᠪ ᠬᠦᠷᠦᠩᠬᠡ ᠶᠢ ᠣᠯᠠᠮᠵᠢᠯᠠᠨ ᠬᠠᠮᠠᠭᠠᠯᠠᠬᠤ᠂ ᠬᠠᠮᠢᠶᠠᠷᠣᠨ ᠠᠰᠢᠭᠯᠠᠬᠤ ᠠᠵᠢᠯ ᠢ ᠪᠦᠬᠦ ᠬᠦᠴᠦᠨ ᠢᠶᠠᠷ ᠢᠶᠠᠨ ᠠᠳᠬᠤᠨ ᠦᠪᠡᠷᠮᠢᠴᠡ ᠣᠨᠴᠠᠯᠢᠭᠳᠣ ᠪᠦᠬᠦᠢ ᠦᠨᠳᠣᠰᠣᠳᠠᠨ ᠤ ᠵᠠᠩ ᠣᠶᠢᠯᠡ ᠶᠢᠨ ᠰᠣᠶᠣᠯ ᠢ ᠬᠦᠭᠵᠢᠬᠡᠨ ᠮᠠᠨᠳᠣᠭᠤᠯᠵᠣ ᠦᠣᠰᠢᠨ ᠰᠣᠶᠣᠯ ᠤᠨ ᠨᠠᠷ᠎ᠠ ᠠᠯᠳᠠᠷᠰᠢᠯ ᠤᠨ ᠬᠡᠮᠵᠢᠶ᠎ᠠ ᠶᠢ ᠳᠡᠬᠡᠭᠰᠢᠯᠡᠬᠦᠯᠬᠦ ᠬᠡᠷᠡᠭᠳᠡᠢ᠃    ᠳᠠᠭᠠᠯᠳᠣᠭᠤᠯᠣᠯ᠄ ᠵᠢᠷᠭᠤᠳᠣᠭᠠᠷ ᠪᠦᠯᠥᠭ ᠬᠤᠰᠢᠭᠤ ᠱᠠᠳᠣᠨ ᠤ ᠪᠣᠳᠠᠰ ᠤᠨ ᠪᠣᠰᠣ ᠰᠣᠶᠣᠯ ᠤᠨ ᠦᠪ ᠬᠦᠷᠦᠩᠬᠡ ᠶᠢᠨ ᠨᠠᠷᠠᠰ                                                                                               ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                           2017 ᠣᠨ ᠤ 5 ᠰᠠᠷ᠎ᠠ ᠶᠢᠨ 3 ᠤ ᠡᠳᠦᠷ    ᠳᠠᠭᠠᠯᠳᠣᠭᠤᠯᠣᠯ    ᠵᠢᠷᠭᠤᠳᠣᠭᠠᠷ ᠪᠦᠯᠥᠭ ᠬᠤᠰᠢᠭᠤ ᠱᠠᠳᠣᠨ ᠤ ᠪᠣᠳᠠᠰ ᠤᠨ ᠪᠣᠰᠣ ᠰᠣᠶᠣᠯ ᠤᠨ ᠦᠪ ᠬᠦᠷᠦᠩᠬᠡ ᠶᠢᠨ ᠨᠠᠷᠠᠰ    ︵ᠨᠠᠶᠢᠳᠠ 6 ᠲᠦᠷᠥᠯ︶    ᠨᠢᠬᠡ᠂ ᠣᠯᠠᠮᠵᠢᠯᠠᠯᠳᠣ ᠳᠠᠭᠤᠣ ᠬᠦᠭᠵᠢᠮ
   
   ᠬᠤᠶᠡᠷ᠂ ᠣᠯᠠᠮᠵᠢᠯᠠᠯᠳᠣ ᠣᠷ᠎ᠠ ᠮᠡᠷᠬᠡᠵᠢᠯ
   
    ᠭᠤᠷᠪᠠ᠂ ᠵᠠᠩ ᠣᠶᠢᠯᠡ
     
   
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号