ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ | ᠮᠦᠴᠢᠷ᠄ | ᠮᠠᠨ ᠤᠨ ᠬᠤᠰᠢᠭᠤᠨ ᠤ ᠪᠡᠯᠴᠢᠭᠡᠷᠯᠡᠬᠦᠯᠬᠦ ᠶᠢ ᠬᠤᠷᠢᠭᠯᠡᠨ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠢ | ᠣᠷᠳᠣ ᠬᠤᠭᠤᠴᠠᠭ᠎ᠠ ᠲᠠᠢ ᠪᠠᠷ ᠪᠦᠳᠣᠮᠵᠢᠳᠡᠢ ᠦᠷᠨᠢᠬᠦᠯᠵᠤ᠂ ᠠᠮᠢ ᠠᠬᠤᠢ ᠶᠢᠨ ᠪᠣᠯᠪᠠᠰᠣᠨ ᠤ ᠪᠦᠳᠦᠬᠡᠨ | ᠪᠠᠶᠢᠭᠤᠯᠣᠯᠳᠠ ᠶᠢᠨ ᠦᠷ᠎ᠡ ᠪᠦᠳᠦᠬᠡᠯ ᠢ ᠦᠨᠡᠨᠬᠦ ᠬᠠᠮᠠᠭᠠᠯᠠᠨ᠂ ᠬᠤᠯᠠᠭᠠᠶᠢᠴᠢ ᠪᠠᠷ ᠪᠠᠯᠴᠢᠬᠡᠷᠯᠡᠬᠦᠯᠬᠦ᠂ ᠬᠠᠣᠯᠢ | ᠪᠣᠰᠣ ᠪᠠᠷ ᠠᠳᠠᠷ ᠬᠠᠭᠠᠯᠪᠣᠷᠢᠯᠠᠬᠤ ᠣᠶᠢᠯᠡ ᠠᠵᠢᠯᠯᠠᠭ᠎ᠠ ᠳᠤ ᠴᠢᠩᠭ᠎ᠠ ᠴᠣᠬᠢᠯᠳᠠ ᠦᠭᠬᠦ ᠶᠢᠨ ᠳᠣᠰᠠᠳᠠ ᠬᠤᠰᠢᠭᠤ | ᠠᠷᠠᠳ ᠤᠨ ᠵᠠᠰᠠᠭ ᠤᠨ ᠤᠷᠳᠣᠨ ᠤ ᠵᠦᠪᠰᠢᠶᠠᠷᠠᠯ ᠢᠶᠠᠷ ᠳᠠᠮᠵᠢᠭᠠᠳ ᠬᠤᠯᠪᠣᠭᠳᠠᠯ ᠪᠦᠬᠦᠢ ᠬᠡᠷᠡᠭ ᠣᠴᠢᠷ ᠢ | ᠳᠣᠣᠷᠠᠬᠢ ᠮᠠᠳᠣ ᠮᠡᠳᠡᠭᠳᠡᠶ᠎ᠠ᠃ | ᠨᠢᠬᠡ᠂ ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠤᠨ ᠵᠣᠬᠢᠶᠠᠨ | ᠪᠠᠶᠢᠭᠤᠯᠣᠯᠳᠠ ᠣᠳᠣᠷᠢᠳᠣᠯᠭ᠎ᠠ ᠶᠢ ᠦᠨᠡᠨᠬᠦ ᠴᠢᠩᠭᠠᠳᠬᠠᠨ᠎ᠠ | ᠡᠯ᠎ᠡ ᠭᠠᠵᠠᠷ ᠣᠷᠣᠨ ᠰᠠᠯᠠᠭ᠎ᠠ ᠮᠦᠴᠢᠷ ᠨᠣᠳᠤᠭ ᠪᠠᠯᠴᠢᠬᠡᠷ ᠤᠨ ᠡᠬᠢ ᠪᠠᠶᠠᠯᠢᠭ ᠢ ᠰᠢᠨᠵᠢᠯᠡᠬᠦ ᠣᠬᠠᠭᠠᠨᠴᠢ ᠪᠠᠷ | ᠬᠠᠮᠠᠭᠠᠯᠠᠬᠤ ᠬᠠᠷᠢᠭᠤᠴᠠᠯᠭᠠᠳᠣ ᠰᠠᠳᠬᠢᠯᠭᠡ ᠪᠠ ᠡᠬᠦᠷᠬᠡ ᠳᠣᠰᠢᠶᠠᠯᠳᠣ ᠰᠠᠳᠬᠢᠯᠬᠡ ᠶᠢ ᠦᠨᠡᠨᠬᠦ ᠴᠢᠩᠭᠠᠳᠬᠠᠵᠣ᠂ | ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠢ ᠰᠠᠶᠢᠳᠣᠷ ᠬᠢᠬᠦ ᠴᠢᠬᠤᠯᠠ | ᠴᠢᠨᠡᠷ ᠢ ᠬᠦᠢᠴᠡᠳ ᠳᠠᠨᠢᠵᠣ᠂ ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ | ᠢ ᠣᠳᠣᠬᠠᠨ ᠤ ᠪᠠ ᠬᠤᠶᠢᠰᠢᠳᠠ ᠶᠢᠨ ᠳᠠᠯ᠎ᠠ ᠨᠣᠳᠤᠭ ᠤᠨ ᠠᠮᠢ ᠠᠬᠤᠢ ᠶᠢᠨ ᠪᠣᠯᠪᠠᠰᠣᠨ ᠢ ᠬᠠᠮᠠᠭᠠᠯᠠᠨ ᠪᠠᠶᠢᠭᠤᠯᠬᠤ | ᠴᠢᠬᠤᠯᠠ ᠠᠷᠭ᠎ᠠ ᠪᠠᠷᠢᠯ ᠪᠣᠯᠭᠠᠵᠣ᠂ ᠵᠣᠬᠢᠶᠠᠨ ᠪᠠᠶᠢᠭᠤᠯᠣᠯᠳᠠ ᠣᠳᠣᠷᠢᠳᠣᠯᠭ᠎ᠠ ᠶᠢ ᠴᠢᠨᠠᠭᠰᠢᠳᠠ ᠴᠢᠩᠭᠠᠳᠬᠠᠨ | ᠡᠬᠦᠷᠬᠡ ᠬᠠᠷᠢᠭᠤᠴᠠᠯᠭ᠎ᠠ ᠶᠢ ᠱᠠᠳᠣ ᠱᠠᠳᠣ ᠪᠠᠷ ᠨᠠᠶᠢᠳᠠᠪᠣᠷᠢᠵᠢᠭᠤᠯᠣᠨ ᠡᠯ᠎ᠡ ᠲᠦᠷᠥᠯ ᠤᠨ ᠠᠵᠢᠯ ᠤᠨ ᠠᠷᠭ᠎ᠠ ᠪᠠᠷᠢᠯ | ᠢ ᠴᠢᠩᠭᠠᠳᠬᠠᠨ ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠢ | ᠪᠦᠳᠣᠮᠵᠢᠳᠡᠢ ᠦᠷᠨᠢᠬᠦᠯᠬᠦ ᠶᠢ ᠪᠠᠳᠣᠯᠠᠨ᠎ᠠ᠃ ᠬᠠᠣᠯᠢ ᠬᠡᠷᠡᠭᠵᠢᠬᠦᠯᠬᠦ ᠰᠠᠯᠠᠭ᠎ᠠ ᠮᠦᠴᠢᠷ ᠪᠡᠯᠴᠢᠬᠡᠷᠯᠡᠬᠦᠯᠬᠦ ᠶᠢ | ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠤᠨ ᠬᠢᠨᠡᠯᠳᠡ ᠪᠠᠶᠢᠴᠠᠭᠠᠯᠳᠠ ᠶᠢᠨ ᠠᠵᠢᠯ ᠢ ᠰᠠᠶᠢᠳᠣᠷ | ᠬᠢᠵᠣ᠂ ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠢ ᠰᠠᠶᠢᠳᠣᠷ ᠴᠢᠩᠭ᠎ᠠ | ᠠᠳᠬᠤᠵᠣ᠂ ᠬᠤᠯᠠᠭᠠᠶᠢᠴᠢ ᠪᠠᠷ ᠪᠡᠯᠴᠢᠬᠡᠷᠯᠡᠬᠦᠯᠬᠦ ᠰᠦᠨᠢ ᠪᠠᠷ ᠪᠡᠯᠴᠢᠬᠡᠷᠯᠡᠬᠦᠯᠬᠦ᠂ ᠳᠣᠷ᠎ᠠ ᠪᠠᠷ ᠠᠳᠠᠷ | ᠬᠠᠭᠠᠯᠪᠣᠷᠢᠯᠠᠬᠤ ᠵᠡᠷᠬᠡ ᠬᠠᠣᠯᠢ ᠴᠠᠭᠠᠵᠠ ᠶᠢ ᠵᠦᠷᠢᠴᠡᠭᠰᠡᠨ ᠣᠶᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃ | ᠬᠤᠶᠡᠷ᠂ ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠢ ᠪᠦᠳᠣᠮᠵᠢᠳᠡᠢ | ᠨᠠᠶᠢᠳᠠᠪᠣᠷᠢᠵᠢᠭᠤᠯᠬᠤ ᠶᠢ ᠢᠳᠡᠪᠬᠢᠳᠡᠢ ᠠᠬᠢᠭᠤᠯᠣᠨ᠎ᠠ | ᠣᠳᠣᠬᠠᠨ ᠤ ᠪᠦᠬᠦ ᠬᠤᠰᠢᠭᠤᠨ ᠤ ᠪᠠᠶᠢᠳᠠᠯ ᠠᠴᠠ ᠦᠵᠡᠪᠠᠯ ᠡᠯ᠎ᠡ ᠭᠠᠵᠠᠷ ᠣᠷᠣᠨ ᠳᠤ ᠠᠳᠠᠯᠢ ᠪᠣᠰᠣ | ᠬᠡᠮᠵᠢᠶᠠᠨ ᠤ ᠬᠤᠯᠠᠭᠠᠶᠢᠴᠢ ᠪᠠᠷ ᠪᠡᠯᠴᠢᠬᠡᠷᠯᠡᠬᠦᠯᠬᠦ ᠪᠠ ᠬᠠᠣᠯᠢ ᠪᠣᠰᠣ ᠪᠠᠷ ᠠᠳᠠᠷ ᠬᠠᠭᠠᠯᠪᠣᠷᠢᠯᠠᠬᠤ ᠦᠵᠡᠭᠳᠡᠯ | ᠣᠷᠣᠰᠢᠵᠣ ᠪᠠᠶᠢᠨ᠎ᠠ᠃ ᠡᠯ᠎ᠡ ᠭᠠᠵᠠᠷ ᠣᠷᠣᠨ᠂ ᠰᠠᠯᠠᠭ᠎ᠠ ᠮᠦᠴᠢᠷ ᠠᠵᠢᠯ ᠤᠨ ᠬᠦᠴᠦᠯᠡᠴᠡ ᠶᠢ ᠶᠡᠬᠡᠰᠬᠡᠨ | ᠣᠳᠣᠬᠠᠨ ᠤ ᠠᠵᠢᠯ ᠤᠨ ᠪᠠᠶᠢᠳᠠᠯ ᠢ ᠪᠦᠬᠦ ᠬᠦᠴᠦᠨ ᠢᠶᠠᠷ ᠰᠠᠶᠢᠵᠢᠷᠠᠭᠤᠯᠵᠣ᠂ ︽ᠣᠷᠳᠣᠰ ᠬᠤᠳᠠ ᠶᠢᠨ | ᠪᠡᠯᠴᠢᠬᠡᠷᠯᠡᠬᠦᠯᠬᠦ ᠶᠢ ᠬᠤᠷᠢᠭᠯᠡᠨ ᠰᠡᠯᠬᠦᠨ ᠪᠡᠯᠴᠢᠬᠡᠷᠯᠡᠬᠦᠯᠬᠦ ᠪᠠ ᠨᠣᠳᠤᠭ ᠪᠡᠯᠴᠢᠬᠡᠷ ᠮᠠᠯ ᠤᠨ ᠳᠤᠭ᠎ᠠ ᠳᠣᠯᠣᠭᠠᠢ ᠶᠢ | ᠳᠠᠩᠴᠠᠬᠦᠷᠢᠰᠢᠬᠦᠯᠬᠦ ᠬᠠᠮᠢᠶᠠᠷᠣᠯᠳᠠ ᠶᠢᠨ ᠠᠷᠭ᠎ᠠ︾ ᠶᠢᠨ ᠳᠣᠭᠳᠠᠭᠠᠯ ᠢ ᠴᠢᠩᠭ᠎ᠠ ᠬᠡᠷᠡᠭᠵᠢᠬᠦᠯᠵᠣ᠂ ᠪᠡᠯᠴᠢᠬᠡᠷᠯᠡᠬᠦᠯᠬᠦ | ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠶᠢᠨ ᠬᠢᠨᠡᠯᠳᠠ ᠬᠠᠮᠢᠶᠠᠷᠣᠯᠳᠠ ᠶᠢᠨ ᠠᠵᠢᠯ ᠢ | ᠴᠢᠩᠭᠠᠳᠬᠠᠨ᠎ᠠ︔ ᠬᠤᠰᠢᠭᠤ ᠳᠠᠷᠢᠶᠠᠯᠠᠩ ᠮᠠᠯ ᠠᠵᠣ ᠠᠬᠤᠢ᠂ ᠣᠢ ᠰᠢᠭᠤᠢ᠂ ᠬᠦᠷᠦᠰᠣ ᠰᠢᠷᠦᠢ ᠶᠢᠨ | ᠬᠠᠮᠠᠭᠠᠯᠠᠯᠳᠠ ᠵᠡᠷᠬᠡ ᠬᠤᠯᠪᠣᠭᠳᠠᠯ ᠪᠦᠬᠦᠢ ᠰᠠᠯᠠᠭ᠎ᠠ ᠮᠦᠴᠢᠷ ᠦᠪᠡᠷᠰᠡᠳ ᠤᠨ ᠢᠶᠠᠨ ᠬᠠᠷᠢᠭᠤᠴᠠᠯᠭ᠎ᠠ ᠶᠢ | ᠦᠨᠳᠣᠰᠣᠯᠡᠨ ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ᠂ ᠣᠢ ᠰᠢᠭᠤᠢ ᠨᠣᠳᠤᠭ | ᠪᠡᠯᠴᠢᠬᠡᠷ ᠤᠨ ᠭᠠᠯ ᠰᠠᠷᠬᠡᠶᠢᠯᠡᠬᠦ᠂ ᠠᠮᠢ ᠠᠬᠤᠢ ᠶᠢᠨ ᠲᠦᠷᠥᠯ ᠵᠣᠶᠢᠯ ᠤᠨ ᠬᠠᠮᠢᠶᠠᠷᠣᠯᠳᠠ ᠬᠠᠮᠠᠭᠠᠯᠠᠯᠳᠠ ᠵᠡᠷᠬᠡ | ᠠᠵᠢᠯ ᠢ ᠣᠷᠭᠠᠨᠢᠭ ᠢᠶᠠᠷ ᠣᠶᠠᠯᠳᠣᠭᠤᠯᠣᠨ ᠬᠢᠨᠡᠯᠳᠠ ᠬᠠᠮᠢᠶᠠᠷᠣᠯᠳᠠ ᠶᠢ ᠴᠢᠩᠭᠠᠳᠬᠠᠨ ᠡᠬᠦᠷᠬᠡ ᠬᠠᠷᠢᠭᠤᠴᠠᠯᠭ᠎ᠠ ᠶᠢ | ᠨᠠᠶᠢᠳᠠᠪᠣᠷᠢᠵᠢᠭᠤᠯᠵᠣ ᠠᠮᠢ ᠠᠬᠤᠢ ᠶᠢᠨ ᠪᠦᠳᠦᠬᠡᠨ ᠪᠠᠶᠢᠭᠤᠯᠣᠯᠳᠠ ᠶᠢᠨ ᠦᠷ᠎ᠡ ᠪᠦᠳᠦᠬᠡᠯ ᠢ ᠬᠠᠮᠠᠭᠠᠯᠠᠨ᠎ᠠ︔ | ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠤᠨ ᠬᠠᠣᠯᠢ ᠬᠡᠷᠡᠭᠵᠢᠬᠦᠯᠥᠯᠳᠡ | ᠶᠢ ᠴᠢᠩᠭᠠᠳᠬᠠᠬᠤ ᠶᠢᠨ ᠬᠠᠮᠳᠣ ᠦᠵᠡᠰᠬᠦᠯᠡᠩᠳᠣ ᠰᠠᠶᠢᠬᠠᠨ ᠬᠦᠳᠡᠭᠡ ᠳᠣᠰᠬᠤᠨ ᠤ ᠪᠠᠶᠢᠭᠤᠯᠣᠯᠳᠠ ᠲᠠᠢ | ᠣᠶᠠᠯᠳᠣᠭᠤᠯᠣᠨ ᠮᠠᠯᠴᠢᠨ ᠳᠠᠷᠢᠶᠠᠴᠢᠨ ᠢ ᠵᠢᠯᠣᠭᠤᠳᠣᠨ ᠠᠵᠣ ᠣᠶᠢᠯᠡᠰ ᠤᠨ ᠪᠦᠳᠦᠴᠡ ᠶᠢ ᠳᠣᠬᠢᠷᠠᠭᠤᠯᠵᠣ᠂ | ᠳᠠᠷᠢᠶᠠᠯᠠᠩ ᠮᠠᠯ ᠠᠵᠣ ᠣᠶᠢᠯᠡᠰ ᠤᠨ ᠬᠦᠭᠵᠢᠯᠳᠡ ᠶᠢ ᠠᠬᠢᠭᠤᠯᠣᠨ ᠦᠷᠬᠡᠨ ᠣᠯᠠᠨ ᠮᠠᠯᠴᠢᠨ ᠳᠠᠷᠢᠶᠠᠴᠢᠨ ᠤ | ᠨᠣᠳᠤᠭ ᠪᠡᠯᠴᠢᠬᠡᠷ ᠢ ᠬᠠᠮᠠᠭᠠᠯᠠᠬᠤ ᠦᠵᠡᠯ ᠣᠬᠠᠮᠰᠠᠷ ᠢ ᠳᠠᠰᠣᠷᠠᠯᠳᠡ ᠦᠬᠡᠢ ᠳᠡᠬᠡᠭᠰᠢᠯᠡᠬᠦᠯᠥᠨ ᠪᠡᠯᠴᠢᠬᠡᠷᠯᠡᠬᠦᠯᠬᠦ ᠶᠢ | ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠤᠨ ᠴᠢᠬᠤᠯᠠ ᠴᠢᠨᠡᠷ ᠢ ᠣᠶᠢᠯᠠᠭᠠᠭᠤᠯᠵᠣ᠂ ᠨᠣᠳᠤᠭ | ᠪᠡᠯᠴᠢᠬᠡᠷ ᠪᠠ ᠣᠶᠢᠳᠣ ᠭᠠᠵᠠᠷ ᠢ ᠬᠠᠮᠠᠭᠠᠯᠠᠬᠤ ᠦᠵᠡᠯ ᠣᠬᠠᠮᠰᠠᠷ ᠢ ᠴᠢᠨᠠᠭᠰᠢᠳᠠ ᠴᠢᠩᠭᠠᠳᠬᠠᠨ᠎ᠠ︔ | ᠭᠤᠷᠪᠠ᠂ ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠤᠨ ᠱᠠᠭᠠᠷᠳᠠᠨ | ᠠᠬᠢᠭᠤᠯᠬᠤ ᠪᠠᠶᠢᠴᠠᠭᠠᠯᠳᠠ ᠶᠢ ᠦᠷᠬᠦᠯᠵᠢᠯᠡᠨ ᠴᠢᠩᠭ᠎ᠠ ᠠᠳᠬᠤᠨ᠎ᠠ | ᠡᠯ᠎ᠡ ᠭᠠᠵᠠᠷ ᠣᠷᠣᠨ ᠰᠠᠯᠠᠭ᠎ᠠ ᠮᠦᠴᠢᠷ ᠳᠠᠯ᠎ᠠ ᠨᠣᠳᠤᠭ ᠤᠨ ᠠᠮᠢ ᠠᠬᠤᠢ ᠶᠢ ᠬᠠᠣᠯᠢ ᠶᠣᠰᠣᠭᠠᠷ ᠬᠠᠮᠠᠭᠠᠯᠠᠬᠤ | ᠬᠠᠣᠯᠢ ᠴᠠᠭᠠᠵᠠ ᠶᠢᠨ ᠦᠵᠡᠯ ᠣᠬᠠᠮᠰᠠᠷ᠂ ᠬᠠᠷᠢᠭᠤᠴᠠᠯᠭᠠᠳᠣ ᠦᠵᠡᠯ ᠣᠬᠠᠮᠰᠠᠷ ᠢ ᠪᠠᠳᠣ ᠪᠠᠬᠢ ᠪᠣᠢ ᠪᠣᠯᠭᠠᠵᠣ | ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠤᠨ ᠪᠦᠳᠣᠮᠵᠢᠳᠣ | ᠳᠣᠭᠳᠠᠯᠴᠠᠭ᠎ᠠ ᠶᠢ ᠪᠠᠶᠢᠭᠤᠯᠣᠨ ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ | ᠤᠨ ᠬᠠᠣᠯᠢ ᠬᠡᠷᠡᠭᠵᠢᠬᠦᠯᠵᠣ ᠱᠠᠭᠠᠷᠳᠠᠨ ᠪᠠᠶᠢᠴᠠᠭᠠᠬᠤ ᠬᠦᠴᠦᠯᠡᠴᠡ ᠶᠢ ᠳᠠᠰᠣᠷᠠᠯᠳᠡ ᠦᠬᠡᠢ ᠶᠡᠬᠡᠰᠬᠡᠵᠣ ᠬᠠᠷᠢᠶᠠᠳᠣ | ᠣᠷᠣᠨ ᠤ ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠢ ᠪᠠᠶᠢᠩᠭᠤ ᠶᠢᠨ | ᠴᠢᠨᠡᠷᠳᠡᠢ ᠪᠠᠷ ᠱᠠᠭᠠᠷᠳᠠᠨ ᠪᠠᠶᠢᠴᠠᠭᠠᠵᠣ ᠬᠤᠯᠪᠣᠭᠳᠠᠯ ᠪᠦᠬᠦᠢ ᠬᠠᠣᠯᠢ ᠴᠠᠭᠠᠵᠠ ᠶᠢ ᠦᠨᠳᠣᠰᠣᠯᠡᠨ ᠬᠠᠣᠯᠢ ᠪᠣᠰᠣ | ᠪᠠᠷ ᠬᠤᠯᠠᠭᠠᠶᠢᠴᠢ ᠪᠠᠷ ᠪᠡᠯᠴᠢᠬᠡᠷᠯᠡᠬᠦᠯᠬᠦ ᠪᠠ ᠠᠳᠠᠷ ᠬᠠᠭᠠᠯᠪᠣᠷᠢᠯᠠᠬᠤ ᠣᠶᠢᠯᠡ ᠠᠵᠢᠯᠯᠠᠭ᠎ᠠ ᠶᠢ ᠴᠠᠭ ᠳᠣᠬᠠᠢ ᠳᠤᠨᠢ | ᠪᠠᠶᠢᠴᠠᠭᠠᠨ ᠢᠯᠡᠷᠡᠬᠦᠯᠵᠣ᠂ ᠨᠢᠬᠡ ᠮᠡᠳᠠᠪᠠᠯ ᠨᠢᠬᠡ ᠰᠢᠢᠳᠪᠣᠷᠢᠯᠡᠵᠣ᠂ ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ | ᠬᠠᠭᠠᠯᠪᠣᠷᠢᠯᠠᠬᠤ ᠶᠢ ᠬᠤᠷᠢᠭᠯᠠᠬᠤ ᠠᠵᠢᠯ ᠢ ᠰᠠᠶᠢᠳᠣᠷ ᠦᠷᠨᠢᠬᠦᠯᠥᠭᠰᠡᠨ ᠦᠬᠡᠢ ᠰᠣᠮᠣ ᠪᠠᠯᠭᠠᠰᠣ ᠶᠢᠨ ᠬᠤᠯᠪᠣᠭᠳᠠᠯ | ᠪᠦᠬᠦᠢ ᠬᠠᠷᠢᠭᠤᠴᠠᠯᠭᠠᠳᠠᠨ ᠲᠠᠢ ᠨᠢᠭᠤᠷᠳᠠᠨ ᠶᠠᠷᠢᠯᠴᠠᠨ᠎ᠠ᠃ | ᠨᠢᠬᠡ ᠳᠤ ᠴᠠᠭᠳᠠᠨ ᠪᠠᠶᠢᠴᠠᠭᠠᠬᠤ ᠬᠦᠴᠥᠯᠡᠴᠡ ᠶᠢ ᠶᠡᠬᠡᠰᠬᠡᠨᠠ᠃ ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ | ᠬᠠᠭᠠᠯᠪᠣᠷᠢᠯᠠᠬᠤ ᠶᠢ ᠬᠤᠷᠢᠭᠯᠠᠬᠤ ᠠᠵᠢᠯ ᠳᠣᠮᠳᠠ ᠡᠯ᠎ᠡ ᠰᠣᠮᠣ ᠪᠠᠯᠭᠠᠰᠣ ᠡᠬᠦᠷᠬᠡ ᠬᠠᠷᠢᠭᠤᠴᠠᠯᠭ᠎ᠠ ᠶᠢᠨ ᠭᠤᠣᠯ | ᠴᠣᠭᠴᠠ ᠶᠢᠨ ᠣᠶᠢᠯᠡᠳᠣᠯ ᠢ ᠪᠠᠳᠠᠷᠠᠭᠤᠯᠵᠣ᠂ ᠬᠤᠰᠢᠭᠤ ᠳᠠᠷᠢᠶᠠᠯᠠᠩ ᠮᠠᠯ ᠠᠵᠣ ᠠᠬᠤᠢ ᠶᠢᠨ ᠳᠣᠪᠴᠢᠶ᠎ᠠ᠂ ᠣᠢ | ᠰᠢᠭᠤᠢ ᠶᠢᠨ ᠳᠣᠪᠴᠢᠶ᠎ᠠ ᠵᠢᠴᠢ ᠣᠰᠣᠨ ᠶᠠᠪᠣᠳᠠᠯ ᠪᠠ ᠬᠦᠷᠦᠰᠣ ᠰᠢᠷᠦᠢ ᠶᠢᠨ ᠬᠠᠮᠠᠭᠠᠯᠠᠯᠳᠠ ᠶᠢᠨ ᠳᠣᠪᠴᠢᠶ᠎ᠠ | ᠦᠨᠳᠣᠰᠣᠨ ᠱᠠᠳᠣᠨ ᠤ ᠬᠠᠮᠢᠶᠠᠷᠣᠨ ᠬᠠᠮᠠᠭᠠᠯᠠᠭᠴᠢ ᠶᠢᠨ ᠢᠳᠡᠪᠬᠢ ᠴᠢᠨᠡᠷ ᠢ ᠬᠦᠢᠴᠡᠳ ᠳᠠᠶᠢᠴᠢᠯᠠᠵᠣ | ᠪᠡᠯᠴᠢᠬᠡᠷᠯᠡᠬᠦᠯᠬᠦ ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠤᠨ ᠬᠢᠨᠠᠯᠳᠠ ᠶᠢ | ᠴᠢᠩᠭᠠᠳᠬᠠᠨ᠎ᠠ᠃ ᠬᠤᠰᠢᠭᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠳᠠᠰᠤᠭ ᠡᠯ᠎ᠡ ᠳᠣᠰᠬᠠᠢ ᠲᠦᠷᠥᠯ | ᠤᠨ ᠱᠠᠭᠠᠷᠳᠠᠨ ᠪᠠᠶᠢᠴᠠᠭᠠᠬᠤ ᠠᠵᠢᠯ ᠢ ᠰᠠᠶᠢᠳᠣᠷ ᠬᠢᠵᠣ᠂ ᠪᠠᠶᠢᠩᠭᠤ ᠶᠢᠨ ᠴᠢᠨᠡᠷᠳᠡᠢ ᠪᠠᠶᠢᠴᠠᠭᠠᠨ ᠠᠰᠠᠭᠤᠳᠠᠯ ᠢ | ᠴᠠᠭ ᠳᠣᠬᠠᠢ ᠳᠤᠨᠢ ᠨᠠᠶᠢᠳᠠᠯᠠᠨ ᠰᠢᠬᠦᠮᠵᠢᠯᠡᠵᠣ᠂ ᠬᠤᠰᠢᠭᠤ ᠠᠷᠠᠳ ᠤᠨ ᠵᠠᠰᠠᠭ ᠤᠨ ᠣᠷᠳᠣᠨ ᠪᠣᠷᠣᠭᠤ ᠪᠠᠨ ᠵᠠᠰᠠᠨ | ᠵᠠᠯᠠᠷᠠᠭᠤᠯᠬᠤ ᠦᠬᠡᠢ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠳᠠᠨ ᠲᠠᠢ | ᠶᠡᠷᠢᠯᠴᠠᠨ ᠬᠠᠷᠢᠭᠤᠴᠠᠯᠭ᠎ᠠ ᠠᠰᠠᠭᠤᠨ᠎ᠠ᠃ | ᠬᠤᠶᠡᠷ ᠳᠤ ᠳᠣᠰᠬᠠᠢ ᠲᠦᠷᠥᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠬᠦᠯᠥᠨ᠎ᠠ᠃ ᠡᠯ᠎ᠡ ᠰᠣᠮᠣ | ᠪᠠᠯᠭᠠᠰᠣ ᠵᠢᠴᠢ ᠬᠤᠰᠢᠭᠤ ᠳᠠᠷᠢᠶᠠᠯᠠᠩ ᠮᠠᠯ ᠠᠵᠣ ᠠᠬᠤᠢ᠂ ᠣᠢ ᠰᠢᠭᠤᠢ᠂ ᠣᠰᠣᠨ ᠠᠰᠢᠭᠯᠠᠯᠳᠠ ᠵᠡᠷᠬᠡ ᠰᠠᠯᠠᠭ᠎ᠠ | ᠮᠦᠴᠢᠷ ᠠᠴᠠ ᠳᠡᠬᠡᠳᠣ ᠬᠡᠮᠵᠢᠶ᠎ᠠ ᠪᠠᠷ ᠴᠢᠬᠤᠯᠠᠴᠢᠯᠡᠨ ᠬᠠᠮᠵᠢᠯᠴᠠᠭ᠎ᠠ ᠪᠠᠨ ᠴᠢᠩᠭᠠᠳᠬᠠᠨ ᠣᠷᠳᠣ ᠬᠤᠭᠤᠴᠠᠭ᠎ᠠ ᠪᠠᠷ | ᠬᠤᠯᠠᠭᠠᠶᠢᠴᠢ ᠪᠠᠷ ᠪᠡᠯᠴᠢᠬᠡᠷᠯᠡᠬᠦᠯᠬᠦ᠂ ᠬᠠᠣᠯᠢ ᠪᠣᠰᠣ ᠪᠠᠷ ᠠᠳᠠᠷ ᠬᠠᠭᠠᠯᠪᠣᠷᠢᠯᠠᠵᠣ᠂ ᠣᠶᠢᠳᠣ ᠭᠠᠵᠠᠷ᠂ ᠨᠣᠳᠤᠭ | ᠪᠡᠯᠴᠢᠬᠡᠷ ᠢ ᠡᠪᠳᠡᠭᠰᠡᠳ ᠢ ᠬᠠᠣᠯᠢ ᠶᠣᠰᠣᠭᠠᠷ ᠴᠢᠩᠭ᠎ᠠ ᠰᠢᠳᠬᠡᠵᠣ᠂ ᠨᠢᠬᠡ ᠮᠠᠳᠠᠪᠠᠯ ᠨᠢᠬᠡ ᠶᠢ ᠨᠢ ᠰᠢᠢᠳᠪᠣᠷᠢᠯᠡᠨ | ᠪᠦᠬᠦ ᠬᠤᠰᠢᠭᠤ ᠪᠠᠷ ᠰᠡᠷᠬᠡᠶᠢᠯᠡᠨ ᠬᠤᠷᠢᠭᠯᠠᠨ᠎ᠠ᠃ | ᠭᠤᠷᠪᠠ ᠳᠤ ᠣᠬᠠᠭᠤᠯᠬᠤ ᠬᠦᠴᠦᠯᠡᠴᠡ ᠶᠢ ᠴᠢᠨᠠᠭᠰᠢᠳᠠ ᠶᠡᠬᠡᠰᠬᠡᠨᠠ᠃ ᠡᠯ᠎ᠡ ᠰᠣᠮᠣ ᠪᠠᠯᠭᠠᠰᠣ ᠵᠢᠴᠢ | ᠳᠠᠷᠢᠶᠠᠯᠠᠩ ᠮᠠᠯ ᠠᠵᠣ ᠠᠬᠤᠢ᠂ ᠣᠢ ᠰᠢᠭᠤᠢ᠂ ᠣᠰᠣᠨ ᠠᠰᠢᠭᠯᠠᠯᠳᠠ ᠵᠡᠷᠬᠡ ᠰᠠᠯᠠᠭ᠎ᠠ ᠮᠦᠴᠢᠷ ᠪᠡᠯᠴᠢᠬᠡᠷᠯᠡᠬᠦᠯᠬᠦ | ᠶᠢ ᠬᠤᠷᠢᠭᠯᠠᠵᠣ ᠠᠳᠠᠷ ᠬᠠᠭᠠᠯᠪᠣᠷᠢᠯᠠᠬᠤ ᠶᠢ ᠬᠤᠷᠢᠭᠯᠠᠬᠤ ᠠᠵᠢᠯ ᠤᠨ ᠣᠬᠠᠭᠤᠯᠭ᠎ᠠ ᠶᠢᠨ ᠬᠦᠴᠦᠯᠡᠴᠡ ᠶᠢ | ᠶᠡᠬᠡᠰᠬᠡᠨ ᠦᠣᠰᠢᠨ ᠬᠤᠰᠢᠭᠤᠨ ᠤ ᠨᠠᠶᠢᠳᠠᠯᠠᠯ᠂ ᠦᠣᠰᠢᠨ ᠬᠤᠰᠢᠭᠤᠨ ᠤ ᠲᠧᠯᠸᠢᠰ ᠤᠨ ᠰᠣᠪᠠᠭ᠂ ᠨᠣᠮᠢᠨ | ᠳᠠᠩᠰᠤᠭ ᠦᠣᠰᠢᠨ ᠰᠣᠨᠢᠨ ᠵᠡᠷᠬᠡ ᠵᠠᠭᠤᠴᠢᠯᠠᠭᠤᠷ ᠢᠶᠠᠷ ᠳᠠᠮᠵᠢᠨ ᠬᠤᠯᠪᠣᠭᠳᠠᠯ ᠪᠦᠬᠦᠢ ᠬᠠᠣᠯᠢ ᠴᠠᠭᠠᠵᠠ ᠬᠠᠣᠯᠢ | ᠲᠦᠷᠢᠮ ᠪᠠ ᠨᠠᠶᠢᠳᠡᠯᠢᠭ ᠵᠢᠱᠢᠶ᠎ᠠ ᠶᠢ ᠶᠡᠬᠡᠪᠡᠷ ᠣᠬᠠᠭᠤᠯᠣᠨ ᠮᠠᠯᠴᠢᠨ ᠳᠠᠷᠢᠶᠠᠴᠢᠨ ᠢ ᠬᠠᠪᠰᠣᠷᠣᠨ ᠣᠶᠢᠯᠡᠳᠪᠣᠷᠢᠯᠡᠯ | ᠤᠨ ᠠᠷᠭ᠎ᠠ ᠪᠠᠷᠢᠯ ᠢ ᠬᠤᠪᠢᠷᠠᠭᠤᠯᠵᠣ᠂ ᠪᠦᠬᠦ ᠠᠷᠠᠳ ᠢᠶᠠᠷ ᠢᠶᠠᠨ ︽ᠨᠣᠮᠢᠨ ᠳᠠᠩᠰᠤᠭ ᠦᠣᠰᠢᠨ︾ ᠤ ᠠᠮᠢ | ᠠᠬᠤᠢ ᠣᠷᠴᠢᠨ ᠳᠣᠭᠤᠷᠢᠨ ᠢ ᠬᠠᠮᠠᠭᠠᠯᠠᠭᠰᠠᠨ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠨ᠎ᠠ᠃ | ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ | 2017 ᠣᠨ ᠤ 3 ᠰᠠᠷ᠎ᠠ ᠶᠢᠨ 30 ᠤ ᠡᠳᠦᠷ | | |