ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠬᠡᠷᠡᠭᠵᠢᠬᠦᠯᠬᠦ ᠳᠥᠰᠦᠯ ᠢ ᠳᠠᠷᠤᠮᠠᠯᠯᠠᠨ ᠳᠠᠷᠬᠠᠭᠠᠬᠤ ᠳᠣᠬᠠᠢ ᠤᠷᠳᠤᠰ ᠬᠤᠲᠠ ᠶᠢᠨ ᠠᠷᠠᠳ  ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ ᠢ ᠣᠯᠠᠮᠵᠢᠯᠠᠨ ᠶᠠᠪᠣᠭᠤᠯᠬᠤ ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-04-10
ᠡᠯ᠎ᠡ ᠠᠵᠣ ᠠᠬᠤᠢ ᠶᠢᠨ ᠨᠡᠬᠡᠬᠡᠯᠳᠡ ᠶᠢᠨ ᠲᠣᠭᠤᠷᠢᠭ ︵ᠬᠦᠷᠢᠶᠠᠯᠠᠩ︶ ᠤᠨ ᠬᠠᠮᠢᠶᠠᠷᠣᠯᠲᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ  ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠨᠢᠬᠡᠴᠡ ᠵᠢᠴᠢ ᠠᠵᠣ ᠠᠬᠤᠶᠢᠯᠡᠯ ᠠᠵᠢᠯ ᠣᠶᠢᠯᠡᠰ ᠤᠨ ᠪᠠᠶᠢᠭᠤᠯᠭ᠎ᠠ᠄    ︽ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠬᠡᠷᠡᠭᠵᠢᠬᠦᠯᠬᠦ ᠳᠥᠰᠦᠯ ᠢ ᠳᠠᠷᠤᠮᠠᠯᠯᠠᠨ ᠳᠠᠷᠬᠠᠭᠠᠬᠤ ᠳᠣᠬᠠᠢ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ︾ ︵ᠤᠷᠳᠤᠰ ᠵᠠᠰᠠᠭ ᠠᠯᠪᠠᠨ ᠳᠠᠷᠬᠠᠭᠠᠭᠰᠠᠨ ﹇2017 ﹈ 7 ᠳ᠋ᠤᠭᠠᠷ ᠲᠣᠭᠠᠲᠤ︶ ᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠠᠷᠡᠬᠦᠯᠵᠣ ᠡᠳᠦᠬᠡ ᠳᠠᠨᠡᠷ  ᠲᠤ ᠳᠠᠷᠣᠮᠠᠯᠯᠠᠨ ᠳᠠᠷᠬᠠᠭᠠᠪᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠣᠨ ᠬᠡᠷᠡᠭᠵᠢᠬᠦᠯᠦᠬᠡᠷᠡᠢ᠃                    ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ                    2017 ᠣᠨ ᠤ 4 ᠰᠠᠷ᠎ᠠ ᠶᠢᠨ 5 ᠤ ᠡᠳᠦᠷ             ᠤᠷᠳᠤᠰ ᠵᠠᠰᠠᠭ ᠠᠯᠪᠠᠨ ᠳᠠᠷᠬᠠᠭᠠᠭᠰᠠᠨ ﹇2017﹈ 7 ᠳ᠋ᠤᠭᠠᠷ ᠲᠣᠭᠠᠲᠤ         ᠨᠤᠲᠤᠭ  ᠪᠡᠯᠴᠢᠭᠡᠷ   ᠤᠨ  ᠠᠮᠢ  ᠠᠬᠤᠢ ᠶᠢᠨ  ᠬᠠᠮᠠᠭᠠᠯᠠᠯᠲᠠ   ᠶᠢᠨ  ᠨᠥᠬᠦᠪᠦᠷᠢ  ᠱᠠᠩᠨᠠᠯ   ᠤᠨ         ᠲᠥᠷᠦ   ᠶᠢᠨ  ᠪᠤᠳᠤᠯᠭ᠎ᠠ   ᠶᠢ  ᠬᠡᠷᠡᠭᠵᠢᠬᠦᠯᠬᠦ  ᠳᠥᠰᠦᠯ   ᠢ  ᠳᠠᠷᠤᠮᠠᠯᠯᠠᠨ ᠳᠠᠷᠬᠠᠭᠠᠬᠤ  ᠳᠣᠬᠠᠢ         ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ  ᠠᠯᠪᠠᠨ ᠲᠢᠩᠬᠢᠮ ᠤᠨ ᠮᠡᠳᠡᠭᠳᠡᠯ                             ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠢᠶ᠎ᠠ ᠪᠠᠭᠰᠢ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ᠄    ︽ᠤᠷᠳᠤᠰ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ  ᠤᠨ ᠲᠥᠷᠦ ᠶᠢᠨ ᠪᠤᠳᠤᠯᠭ᠎ᠠ ᠶᠢ ᠬᠡᠷᠡᠭᠵᠢᠬᠦᠯᠬᠦ ᠠᠷᠭ᠎ᠠ ︵2016 — 2020 ᠤᠨ︶︾ ᠶᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠥᠪᠰᠢᠶᠡᠷᠡᠬᠦᠯᠦᠭᠡᠳ ᠡᠳᠦᠬᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠬᠦᠯᠦᠰᠤᠭᠡᠢ᠃                          ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ                     2017 ᠣᠨ ᠤ 1 ᠰᠠᠷ᠎ᠠ ᠶᠢᠨ 30 ᠤ ᠡᠳᠦᠷ          ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠬᠡᠷᠡᠭᠵᠢᠬᠦᠯᠬᠦ ᠳᠥᠰᠦᠯ                              ︵2016   —2017 ᠣᠨ︶    ᠰᠢᠨ᠎ᠡ ᠨᠢᠭᠡᠨ ᠡᠬᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ  ᠤᠨ ᠲᠥᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠤᠨ ᠨᠠᠶᠢᠲᠠᠪᠤᠷᠢᠵᠢᠭᠤᠯᠵᠤ᠂ ᠡᠨᠡᠬᠦ ᠲᠠᠷᠢᠶᠠᠯᠠᠩ ᠢ ᠴᠢᠩᠭᠠᠳᠬᠠᠨ ᠲᠠᠷᠢᠶᠠᠴᠢᠳ ᠲᠤ ᠬᠠᠷᠠᠭᠠᠯᠵᠠᠯ ᠦᠵᠡᠬᠦᠯᠬᠦ ᠲᠥᠷᠦ ᠶᠢᠨ ᠪᠤᠳᠤᠯᠭ᠎ᠠ ᠶᠢ ᠦᠨᠡᠨᠬᠦ ᠪᠤᠲᠠᠲᠤ ᠭᠠᠵᠠᠷ  ᠲᠤᠨᠢ ᠨᠠᠶᠢᠲᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠦᠷᠬᠦᠯᠵᠢᠯᠡᠭᠰᠡᠨ ᠬᠥᠭᠵᠢᠯᠲᠡ ᠶᠢ ᠪᠡᠶᠡᠯᠡᠬᠦᠯᠵᠤ᠂ ︽ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠨᠤᠲᠤᠭ ᠪᠡᠯᠴᠢᠭᠡᠷ ᠤᠨ ᠠᠮᠢ ᠠᠬᠤᠢ  ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢᠨ ᠬᠡᠷᠡᠭᠵᠢᠬᠦᠯᠬᠦ ᠳᠥᠰᠦᠯ ︵2016 — 2020 ᠣᠨ ︶︾ ︵ᠥᠪᠦᠷ ᠵᠠᠰᠠᠭ ᠠᠯᠪᠠᠨ ᠳᠠᠷᠬᠠᠭᠠᠭᠰᠠᠨ2016﹈ 189 ᠳ᠋ᠤᠭᠡᠷ ᠲᠣᠭᠠᠲᠤ︶ ᠢ ᠦᠨᠳᠦᠰᠦᠯᠡᠨ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠲᠤᠰ ᠳᠥᠰᠦᠯ ᠢ ᠳᠣᠭᠲᠠᠭᠠᠪᠠ᠃    ᠨᠢᠭᠡ᠂ ᠪᠦᠬᠦ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠤᠷᠴᠢᠨ ᠲᠣᠭᠤᠷᠢᠨ ᠤ ᠤᠳᠤᠬᠢ ᠪᠠᠶᠢᠳᠠᠯ    ︵ᠨᠢᠬᠡ︶ ᠪᠠᠶᠢᠭᠠᠯᠢᠯᠢᠭ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠤᠳᠤᠬᠢ ᠪᠠᠶᠢᠳᠠᠯ᠃ ᠪᠦᠬᠦ ᠬᠤᠲᠠ ᠶᠢᠨ ᠨᠤᠲᠤᠭ ᠪᠡᠯᠴᠢᠭᠡᠷ ᠤᠨ ᠲᠠᠯᠠᠪᠠᠢ 9785.21 ᠲᠦᠮᠡᠨ ᠮᠤ᠋ ᠪᠠᠶᠢᠵᠤ᠂ ᠨᠤᠳᠤᠭ ᠪᠠᠯᠴᠢᠭᠡᠷ ᠤᠨ ᠶᠡᠷᠦᠩᠬᠡᠢ ᠲᠠᠯᠠᠪᠠᠢ  ᠶᠢᠨ 75.3% ᠶᠢ ᠡᠵᠡᠯᠡᠨ᠎ᠡ᠃ ᠤᠷᠳᠤᠰ ᠤᠨ ᠨᠤᠲᠤᠭ ᠪᠡᠯᠴᠢᠭᠡᠷ ᠲᠤ ᠨᠡᠶᠢᠳᠡᠯᠢᠭ ᠭᠡᠭᠡᠷ᠎ᠡ ᠲᠠᠯ᠎ᠠ᠂ ᠳᠠᠴᠢᠷ ᠴᠦᠯ ᠤᠨ ᠬᠡᠬᠡᠷ᠎ᠡ ᠳᠠᠯ᠎ᠠ᠂ ᠪᠡᠯᠴᠢᠭᠡᠷᠵᠢᠭᠰᠡᠨ ᠳᠠᠴᠢᠷ ᠴᠦᠯ᠂ ᠳᠠᠴᠢᠷ ᠴᠦᠯ᠂ ᠳᠣᠣᠷ᠎ᠠ ᠭᠠᠵᠠᠷ ᠤᠨ ᠨᠤᠭᠤ ᠪᠠ ᠨᠠᠮᠤᠭ ᠤᠨ ᠭᠠᠵᠠᠷ ᠵᠡᠷᠭᠡ ᠵᠢᠷᠭᠤᠭᠠᠨ ᠲᠤᠮᠤ ᠲᠥᠷᠦᠯ ᠤᠨ ᠡᠪᠡᠰᠤᠳᠤ ᠭᠠᠵᠠᠷ ᠪᠠᠭᠳᠠᠨ᠎ᠠ᠃ ᠬᠢᠯᠢ ᠳᠤᠳᠤᠷᠠᠬᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠨᠢ ᠬᠠᠭᠤᠷᠠᠢ ᠬᠡᠭᠡᠷ᠎ᠡ ᠳᠠᠯ᠎ᠠ ᠶᠢᠨ ᠤᠷᠭᠤᠮᠠᠯ ᠤᠨ ᠬᠤᠴᠢᠯᠭ᠎ᠠ  ᠪᠠᠷ ᠭᠤᠣᠯ ᠪᠤᠯᠵᠤ᠂ ᠤᠷᠭᠤᠮᠠᠯ ᠤᠨ ᠡᠬᠢ ᠪᠠᠶᠠᠯᠢᠭ ᠢᠶᠠᠷ ᠲᠦᠢᠯ ᠤᠨ ᠡᠯᠪᠡᠭ ᠪᠠᠶᠠᠯᠢᠭ ᠶᠤᠮ᠃ ᠵᠡᠬᠦᠨ ᠭᠡᠰᠡᠭ ᠪᠤᠯ ᠰᠡᠷᠢᠬᠦᠨ ᠪᠦᠰᠡ ᠶᠢᠨ ᠨᠠᠶᠢᠳᠡᠯᠢᠭ ᠪᠡᠯᠴᠢᠭᠡᠷ ᠤᠨ ᠳᠡᠳ᠋ ᠪᠦᠰᠡ ᠪᠠᠶᠢᠵᠣ᠂ ᠤᠷᠭᠤᠮᠠᠯ ᠤᠨ ᠬᠤᠴᠢᠯᠭ᠎ᠠ ᠨᠢ ᠨᠤᠲᠤᠭ ᠬᠢᠯᠭᠠᠨ᠎ᠠ ᠪᠠ ᠭᠠᠩᠭ᠎ᠠ ᠡᠪᠡᠰᠦ ᠶᠢᠨ ᠬᠦᠢ ᠪᠠᠷ ᠭᠤᠤᠯ ᠪᠤᠯᠭᠠᠵᠤ ᠪᠠᠶᠢᠳᠠᠭ︔ ᠳᠤᠮᠳᠠ ᠵᠡᠬᠦᠨ ᠭᠡᠰᠡᠭ ᠨᠢ ᠰᠡᠷᠢᠬᠦᠨ ᠪᠦᠰᠡ ᠶᠢᠨ ᠳᠠᠴᠢᠷ ᠴᠦᠯ ᠤᠨ ᠬᠡᠬᠡᠷ᠎ᠡ ᠳᠠᠯ᠎ᠠ ᠶᠢᠨ ᠳᠡᠳ᠋ ᠪᠦᠰᠡ ᠪᠠᠶᠢᠵᠣ᠂ ᠤᠷᠭᠤᠮᠠᠯ ᠤᠨ ᠬᠤᠴᠢᠯᠭ᠎ᠠ  ᠨᠢ ᠭᠤᠣᠯᠳᠠᠭᠤ  ᠬᠢᠯᠭᠠᠨ᠎ᠠ᠂ ᠡᠯᠡᠰᠦᠷᠭᠡᠭ  ᠶᠥᠷᠭᠦᠭ ᠪᠤᠷᠤ ᠰᠢᠪᠠᠭ ᠬᠤᠯᠢᠯᠳᠤᠵᠤ᠂ ᠬᠠᠷᠭᠠᠨ᠎ᠠ᠂ ᠰᠣᠨᠳᠣᠲᠣ ᠪᠠᠯᠤ ᠵᠡᠷᠭᠡ ᠪᠤᠢ︔ ᠪᠠᠷᠠᠭᠤᠨ ᠭᠡᠰᠡᠭ ᠨᠢ ᠳᠣᠯᠠᠭᠠᠨ ᠪᠦᠰᠡ ᠶᠢᠨ ᠪᠡᠯᠴᠢᠭᠡᠷᠵᠢᠭᠰᠡᠨ ᠳᠠᠴᠢᠷ ᠴᠦᠯ ᠤᠨ ᠳᠡᠳ᠋ ᠪᠦᠰᠡ ᠪᠠᠶᠢᠵᠣ᠂ ᠭᠡᠰᠡᠭ ᠭᠠᠵᠠᠷ ᠨᠢ ᠲᠠᠴᠢᠷᠰᠢᠵᠤ᠂ ᠤᠷᠭᠤᠮᠠᠯ ᠤᠨ ᠬᠤᠴᠢᠯᠭ᠎ᠠ ᠶᠢᠨ ᠣᠯᠩᠬᠢ ᠨᠢ ᠭᠠᠩ᠂ ᠬᠤᠵᠢᠷ ᠲᠤ ᠲᠠᠭᠠᠭᠠᠮᠠᠭᠠᠢ ᠪᠤᠳᠠᠯᠢᠭ ᠡᠪᠡᠰᠣ ᠪᠤᠶᠤ ᠬᠠᠭᠠᠰ ᠪᠤᠳᠠᠯᠢᠭ ᠵᠡᠷᠭᠡ ᠪᠠᠶᠢᠵᠤ᠂ ᠲᠥᠯᠦᠬᠡᠯᠡᠬᠦ ᠴᠢᠨᠠᠷ ᠲᠠᠢ ᠨᠢ ᠡᠯᠡᠰᠦᠨ ᠪᠠᠯᠤ᠂ ᠨᠤᠴᠤᠭᠠᠨ᠎ᠠ᠂  ᠪᠤᠷᠤ ᠲᠦᠯᠡᠭᠡ᠂ ᠬᠤᠳᠢᠷ ᠲᠦᠯᠡᠭᠡ ᠵᠡᠷᠭᠡ ᠪᠠᠶᠢᠳᠠᠭ᠃ ᠤᠷᠳᠤᠰ ᠨᠤᠲᠤᠭ ᠬᠡᠳᠦᠨ ᠲᠦᠷᠥᠯ ᠤᠨ ᠪᠠᠶᠢᠭᠠᠯᠢ ᠶᠢᠨ ᠪᠦᠰᠡ ᠶᠢᠨ ᠰᠣᠯᠪᠢᠴᠠᠯ ᠭᠡᠰᠡᠭ ᠲᠤ ᠣᠷᠤᠰᠢᠵᠤ᠂ ᠤᠷᠭᠤᠮᠠᠯ ᠤᠨ ᠬᠤᠴᠢᠯᠭ᠎ᠠ ᠨᠢ ᠴᠠᠭ ᠠᠭᠤᠷ ᠤᠨ ᠬᠤᠪᠢᠷᠠᠯᠲᠠ ᠶᠢ ᠲᠠᠭᠠᠯᠳᠤᠨ ᠬᠠᠷᠢᠯᠴᠠᠨ ᠰᠣᠯᠢᠭᠳᠡᠨ ᠦᠷᠬᠡᠨ ᠳᠡᠯᠬᠡᠷ ᠰᠢᠯᠵᠢᠯᠲᠡ ᠶᠢᠨ ᠪᠦᠰᠡ  ᠶᠢ ᠪᠦᠷᠢᠳᠣᠬᠦᠯᠥᠨ ᠪᠦᠬᠦ ᠬᠤᠲᠠ ᠶᠢᠨ ᠬᠢᠯᠢ ᠳᠣᠲᠣᠷᠠᠬᠢ ᠦᠷ᠎ᠡ ᠲᠠᠢ ᠪᠠ ᠤᠶᠢᠮ᠎ᠠ ᠶᠢᠨ ᠲᠥᠷᠦᠯ ᠤᠨ ᠤᠷᠭᠤᠮᠠᠯ 911 ᠲᠥᠷᠦᠯ ᠪᠠᠶᠢᠵᠤ᠂ ᠡᠬᠦᠨ ᠳᠤ ᠲᠡᠵᠢᠬᠡᠯ ᠡᠪᠡᠰᠦ ᠪᠤᠯᠬᠤ ᠤᠷᠭᠤᠮᠠᠯ 482 ᠲᠥᠷᠦᠯ᠂  ᠲᠤᠰᠪᠤᠷᠢ 47 ᠢᠵᠠᠭᠤᠷ᠂ 182 ᠲᠥᠷᠦᠯ ᠳᠤ  ᠬᠠᠷᠢᠶᠠᠯᠠᠭᠳᠠᠨ᠎ᠠ᠃ ᠵᠡᠭᠡᠷᠭᠡᠨ᠎ᠡ᠂ ᠰᠢᠬᠢᠷ ᠡᠪᠡᠰᠦ ᠵᠡᠷᠭᠡ ᠡᠮᠳᠤ ᠤᠷᠭᠤᠮᠠᠯ 200 ᠢᠯᠡᠬᠦᠤ ᠲᠥᠷᠦᠯ ᠪᠤᠢ᠃    ︵ᠬᠤᠶᠠᠷ︶  ᠨᠤᠲᠤᠭ ᠪᠡᠯᠴᠢᠭᠡᠷ ᠤᠨ ︽ᠭᠤᠷᠪᠠᠵᠢᠭᠤᠯᠣᠯᠳᠠ︾ ᠶᠢᠨ ᠤᠳᠤᠬᠢ ᠪᠠᠶᠢᠳᠠᠯ᠃ ᠤᠷᠳᠤᠰ ᠬᠤᠲᠠ ᠨᠡᠶᠢᠲᠡᠯᠢᠭ ᠰᠡᠷᠢᠬᠦᠨ ᠪᠦᠰᠡ ᠶᠢᠨ ᠡᠬᠡ ᠬᠠᠭᠤᠷᠠᠢ ᠶᠢᠨ ᠴᠢᠨᠠᠷᠲᠠᠢ ᠠᠭᠤᠷ ᠠᠮᠢᠰᠬᠤᠯ ᠳᠤ ᠬᠠᠷᠢᠶᠠᠯᠠᠭᠳᠠᠬᠤ ᠤᠴᠢᠷ ᠠᠴᠠ ᠠᠭᠤᠷ ᠠᠮᠢᠰᠬᠤᠯ ᠤᠨ ᠨᠥᠬᠦᠴᠡᠯ ᠪᠠᠷᠤᠭᠲᠠᠢ ᠪᠠᠶᠢᠳᠠᠭ᠃ ᠵᠢᠯ ᠤᠨ ᠲᠤᠨᠤᠳᠠᠰᠤ ᠶᠢᠨ ᠬᠡᠮᠵᠢᠶ᠎ᠡ 300 ᠮᠢᠯᠢᠮᠧᠲᠷ ᠠᠴᠠ ᠳᠣᠣᠷ᠎ᠠ ᠪᠠᠶᠢᠵᠤ᠂ ᠲᠡᠬᠦᠨᠴᠢᠯᠡᠨ ᠵᠢᠯ ᠤᠨ ᠬᠤᠭᠤᠷᠤᠨᠲᠤ ᠪᠠ ᠤᠷᠤᠨ ᠵᠠᠢ ᠳᠣᠨᠣᠳᠣᠰᠣᠨ ᠳᠠᠷᠬᠠᠯᠳᠠ ᠲᠡᠩᠴᠡᠬᠦᠷᠢ ᠦᠬᠡᠢ᠂ ︽ᠠᠷᠪᠠᠨ ᠵᠢᠯ ᠳᠤ ᠶᠢᠰᠦᠨ ᠵᠢᠯ ᠨᠢ ᠭᠠᠩᠳᠠᠬᠤ︾ ᠬᠡᠬᠦ ᠨᠡᠷᠡᠶᠢᠳᠦᠯ ᠢ ᠤᠯᠵᠤ᠂ ᠵᠢᠯ ᠤᠨ ᠵᠢᠯ ᠢᠶᠠᠷ ᠬᠤᠷ᠎ᠠ ᠪᠤᠷᠤᠭᠠᠨ ᠴᠦᠬᠡᠨᠲᠠᠢ ᠰᠠᠯᠬᠢᠨ ᠰᠢᠭᠤᠷᠭ᠎ᠠ ᠶᠡᠭᠡ ᠪᠠᠶᠢᠳᠠᠭ ᠶᠤᠮ᠃ ᠪᠦᠬᠦ ᠬᠤᠲᠠ ᠶᠢᠨ ᠨᠤᠲᠤᠭ ᠪᠡᠯᠴᠢᠭᠡᠷ ᠤᠨ ᠭᠤᠷᠪᠠᠵᠢᠭᠤᠯᠣᠯᠳᠠ ᠬᠢᠭᠰᠡᠨ ᠲᠠᠯᠠᠪᠠᠢ 6564.25 ᠲᠦᠮᠡᠨ ᠮᠤ᠋ ᠬᠦᠷᠴᠦ᠂ ᠪᠦᠬᠦ ᠬᠤᠲᠠ  ᠶᠢᠨ ᠨᠤᠲᠤᠭ ᠪᠡᠯᠴᠢᠭᠡᠷ ᠤᠨ ᠲᠠᠯᠠᠪᠠᠢ ᠶᠢᠨ 67.32% ᠶᠢ ᠡᠵᠡᠯᠡᠨ᠎ᠡ︔ ᠡᠬᠦᠨ ᠳᠤ ᠶᠡᠭᠡ ᠬᠡᠮᠵᠢᠶ᠎ᠡ ᠪᠠᠷ ᠭᠤᠷᠪᠠᠵᠢᠭᠤᠯᠣᠯᠳᠠ ᠬᠢᠭᠰᠡᠨ ᠲᠠᠯᠠᠪᠠᠢ 934.5 ᠲᠦᠮᠡᠨ ᠮᠤ᠋ ᠶᠢ ᠡᠵᠡᠯᠡᠵᠤ᠂ ᠳᠤᠮᠳᠠ ᠬᠡᠮᠵᠢᠶᠡᠨ   ᠤ ᠭᠤᠷᠪᠠᠵᠢᠯᠲᠠ ᠬᠢᠭᠰᠡᠨ ᠲᠠᠯᠠᠪᠠᠢ 2792.67 ᠲᠦᠮᠡᠨ ᠮᠤ᠋ ᠶᠢ ᠡᠵᠡᠯᠡᠵᠤ᠂ ᠪᠠᠭ᠎ᠠ ᠬᠡᠮᠵᠢᠶᠡᠨ ᠤ ᠭᠤᠷᠪᠠᠵᠢᠯᠲᠠ ᠬᠢᠭᠰᠡᠨ ᠲᠠᠯᠠᠪᠠᠢ 2837.52 ᠲᠦᠮᠡᠨ ᠮᠤ᠋ ᠶᠢ ᠡᠵᠡᠯᠡᠵᠤ᠂ ᠲᠤᠰᠪᠤᠷᠢ ᠪᠦᠬᠦ ᠬᠤᠲᠠ ᠶᠢᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠢ ᠶᠢᠨ 9. 58%᠂ 28.64%  ᠪᠠ 29.1 %  ︵ ᠲᠤᠭ᠎ᠠ ᠪᠠᠷᠢᠮᠲᠠ ᠨᠢ 2010 ᠣᠨ  ᠤ ᠪᠦᠬᠦ ᠤᠷᠤᠨ ᠤ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠨᠡᠶᠢᠲᠡᠮ ᠪᠠᠶᠢᠴᠠᠭᠠᠯᠲᠠ ᠶᠢᠨ ᠲᠤᠭ᠎ᠠ ᠪᠠᠷᠢᠮᠲᠠ  ᠠᠴᠠ ᠢᠷᠡᠯᠲᠡ ᠲᠠᠢ︶   ᠶᠢ ᠡᠵᠡᠯᠡᠵᠤ ᠪᠠᠶᠢᠨ᠎ᠠ᠃ ᠲᠡᠷᠡᠴᠢᠯᠡᠨ ᠬᠥᠷᠦᠰᠦ ᠨᠢᠮᠬᠡᠨ ᠴᠢᠨᠡᠷ ᠮᠠᠭᠤᠳᠠᠢ ᠲᠤᠯᠠ ᠠᠮᠢ ᠠᠬᠤᠢ ᠶᠢᠨ ᠰᠢᠰᠲ᠋ᠧᠮ ᠨᠢ ᠬᠡᠪᠡᠷᠡᠭ ᠪᠠᠶᠢᠵᠤ᠂ ᠤᠷᠭᠤᠮᠠᠯ ᠤᠨ ᠪᠦᠷᠬᠦᠴᠡ ᠡᠪᠳᠡᠭᠳᠡᠬᠦ ᠳᠤ ᠬᠦᠷᠪᠡᠯ ᠨᠤᠲᠤᠭ ᠪᠡᠯᠴᠢᠭᠡᠷ ᠮᠠᠭᠤᠳᠠᠨ᠂ ᠰᠡᠷᠬᠦᠬᠡᠬᠦ ᠳᠤ ᠬᠦᠴᠢᠷᠲᠠᠢ ᠪᠦᠭᠡᠳ ᠰᠡᠷᠬᠦᠯᠳᠡ ᠶᠢᠨ ᠦᠶᠡᠯᠡᠯ ᠤᠨ ᠬᠤᠭᠤᠴᠠᠭ᠎ᠠ ᠨᠢ ᠨᠡᠩ ᠤᠷᠲᠤ ᠪᠤᠯᠳᠠᠭ᠃ ᠭᠠᠵᠠᠷ ᠤᠨ ᠭᠠᠳᠠᠷᠭᠤ ᠪᠤᠲᠤᠯᠢᠶᠠᠨᠲᠠᠢ ᠤᠯᠠᠨ ᠶᠠᠩᠵᠣᠳᠣ ᠴᠢᠨᠠᠷ ᠲᠠᠢ ᠪᠠᠶᠢᠵᠤ᠂ ᠬᠤᠳᠠ ᠶᠢᠨ ᠬᠡᠪᠴᠢᠶᠠᠨ ᠳᠤ ᠮᠤᠤᠡᠤᠰᠤ ᠡᠯᠡᠰᠦᠨ ᠭᠠᠵᠠᠷ᠂ ᠬᠥᠪᠴᠢ ᠶᠢᠨ ᠡᠯᠡᠰᠦ ᠪᠠᠷ ᠭᠤᠣᠯ ᠪᠤᠯᠭᠠᠭᠰᠠᠨ ᠰᠠᠯᠬᠢ ᠰᠢᠭᠤᠷᠭ᠎ᠠ  ᠶᠢᠨ ᠤᠷᠤᠨ᠂ ᠳᠣᠪᠤ ᠳᠠᠯᠠᠩ ᠭᠤᠣ ᠭᠠᠩᠭ᠎ᠠ ᠪᠠᠷ ᠭᠤᠤᠯ ᠪᠤᠯᠭᠠᠭᠰᠠᠨ ᠬᠥᠷᠦᠰᠦ ᠰᠢᠷᠤᠢ ᠢᠳᠡᠭᠳᠡᠭᠰᠡᠨ ᠭᠠᠵᠠᠷ᠂ ᠳᠠᠪᠠᠯᠭᠠᠨ ᠬᠡᠯᠪᠡᠷᠢᠲᠦ ᠦᠨᠳᠦᠷᠯᠢᠭ ᠢᠶᠠᠷ ᠭᠤᠤᠯ ᠪᠤᠯᠭᠠᠭᠰᠠᠨ ᠭᠠᠩ ᠬᠠᠭᠤᠷᠠᠢ ᠬᠠᠳᠠᠭᠤ ᠰᠢᠯᠢᠷᠭᠡᠭ ᠤᠷᠤᠨ᠂ ᠬᠠᠳᠤᠨ ᠭᠤᠤᠯ᠂ ᠰᠠᠷᠬᠤᠰᠤᠨ ᠭᠤᠣᠯ ᠤᠨ ᠡᠷᠬᠢ ᠪᠠᠷ ᠭᠤᠣᠯ ᠪᠤᠯᠭᠠᠭᠰᠠᠨ ᠲᠤᠨᠤᠮᠠᠯ ᠲᠠᠯ᠎ᠠ ᠭᠠᠵᠠᠷ ᠤᠳ ᠪᠤᠢ᠃ ᠠᠮᠢ ᠠᠬᠤᠢ ᠮᠠᠭᠤᠳᠠᠭᠰᠠᠨ ᠪᠠᠶᠢᠳᠠᠯ ᠢ ᠦᠨᠳᠦᠰᠦᠨ ᠠᠴᠠ ᠨᠢ ᠦᠭᠡᠷᠡᠴᠢᠯᠡᠵᠤ ᠴᠢᠳᠠᠭᠠᠳᠣᠢ ᠪᠠᠶᠢᠵᠤ᠂ ᠨᠤᠲᠤᠭ ᠪᠡᠯᠴᠢᠬᠡᠷ ᠢ ᠬᠠᠮᠠᠭᠠᠯᠠᠨ ᠪᠠᠶᠢᠭᠤᠯᠬᠤ ᠡᠬᠦᠷᠭᠡ ᠮᠠᠰᠢ ᠬᠦᠨᠲᠦ ᠪᠠᠶᠢᠨ᠎ᠠ᠃    ︵ᠭᠤᠷᠪᠠ︶ ᠨᠤᠲᠤᠭ ᠪᠡᠯᠴᠢᠭᠡᠷ ᠤᠨ ᠬᠠᠮᠠᠭᠠᠯᠠᠯᠳᠠ ᠪᠦᠲᠦᠭᠡᠨ ᠪᠠᠶᠢᠭᠤᠯᠤᠯᠲᠠ ᠶᠢᠨ ᠣᠯᠣᠭᠰᠠᠨ ᠦᠷ᠎ᠡ ᠪᠦᠲᠦᠮᠵᠢ᠃ ᠨᠤᠲᠤᠭ ᠪᠡᠯᠴᠢᠭᠡᠷ ᠤᠨ ︽ᠬᠤᠣᠰ ᠡᠷᠬᠡ ᠨᠢᠭᠡ ᠳᠥᠷᠢᠮ︾ ᠢ ᠦᠨᠳᠦᠰᠦᠨ ᠳᠡᠭᠡᠨ ᠨᠠᠶᠢᠲᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠬᠡᠷᠡᠭᠴᠡᠭᠡ ᠶᠤᠰᠤᠭᠠᠷ ᠪᠦᠬᠦ ᠬᠤᠲᠠ ᠳᠤ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠢ ᠶᠢ 8046.32 ᠲᠦᠮᠡᠨ ᠮᠤ᠋ ᠬᠠᠤᠯᠢ ᠶᠤᠰᠤᠭᠠᠷ ᠬᠤᠪᠢᠶᠠᠷᠢᠯᠠᠨ ᠳᠤᠭᠲᠠᠭᠠᠵᠤ᠂ ᠪᠦᠬᠦ ᠬᠤᠲᠠ ᠶᠢᠨ ᠨᠤᠲᠤᠭ ᠪᠠᠯᠴᠢᠭᠡᠷ ᠤᠨ ᠶᠡᠷᠦᠩᠬᠡᠢ ᠲᠠᠯᠠᠪᠠᠢ ᠶᠢᠨ 82% ᠢ ᠡᠵᠡᠯᠡᠪᠡ᠃ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠶᠡᠷᠦᠩᠬᠡᠢ ᠪᠠᠶᠢᠷᠢᠯᠠᠭᠤᠯᠤᠯᠲᠠ ᠶᠤᠰᠤᠭᠠᠷ ᠬᠤᠲᠠ᠂ ᠬᠤᠰᠢᠭᠤ ᠲᠣᠭᠤᠷᠢᠭ᠂ ᠰᠣᠮᠣ ᠪᠠᠯᠭᠠᠰᠣ ᠶᠢᠨ ᠭᠤᠷᠪᠠᠨ ᠱᠠᠲᠤᠨ ᠤ ᠵᠠᠰᠠᠭ  ᠤᠨ ᠤᠷᠳᠤᠨ ᠵᠢᠴᠢ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠣᠯᠠᠨ ᠵᠢᠯ ᠤᠨ ᠰᠢᠨᠲᠠᠷᠠᠰᠢ ᠦᠬᠡᠢ ᠴᠢᠷᠮᠠᠶᠢᠯᠭ᠎ᠠ ᠪᠠᠷ ᠳᠠᠮᠵᠢᠨ ᠪᠦᠬᠦ ᠬᠤᠳᠠ ᠶᠢᠨ ᠨᠤᠲᠤᠭ ᠪᠡᠯᠴᠢᠭᠡᠷ ᠤᠨ ︽ᠬᠤᠤᠰ ᠡᠷᠭᠡ ᠨᠢᠬᠡ ᠳᠥᠷᠢᠮ︾ ᠦᠨᠳᠦᠰᠦᠨ ᠳᠡᠭᠡᠨ ᠨᠠᠶᠢᠲᠠᠪᠤᠷᠢᠵᠢᠭᠤᠯᠤᠭᠳᠠᠵᠤ᠂ ᠥᠷᠭᠡᠨ ᠣᠯᠠᠨ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ  ᠢᠶᠠᠨ ᠬᠠᠮᠠᠭᠠᠯᠠᠬᠤ᠂ ᠪᠠᠶᠢᠭᠤᠯᠬᠤ᠂ ᠵᠣᠬᠢᠰᠲᠠᠢ ᠠᠰᠢᠭᠯᠠᠬᠤ ᠢᠳᠡᠪᠬᠢᠵᠢᠯ ᠢ ᠶᠡᠬᠡᠪᠡᠷ ᠳᠠᠶᠢᠴᠢᠯᠠᠪᠠ᠃    ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠬᠡᠷᠡᠭᠵᠢᠬᠦᠯᠦᠬᠡᠳ ᠢᠯᠡᠳᠳᠡ ᠦᠷ᠎ᠡ ᠪᠦᠲᠦᠮᠵᠢ ᠤᠯᠪᠠ᠃ ᠪᠦᠬᠦ ᠬᠤᠲᠠ ᠶᠢᠨ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠲᠥᠪ᠂ ᠥᠪᠡᠷᠲᠡᠭᠡᠨ ᠵᠠᠰᠠᠬᠤ ᠤᠷᠤᠨ ᠤ ᠱᠠᠭᠠᠷᠳᠠᠯᠭ᠎ᠠ ᠶᠤᠰᠤᠭᠠᠷ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠠᠩᠬᠠᠳᠣᠭᠠᠷ ᠬᠤᠭᠤᠴᠠᠭᠠᠨ ᠤ ᠲᠥᠷᠦ ᠶᠢᠨ ᠪᠤᠳᠤᠯᠭ᠎ᠠ ᠶᠢᠨ ᠡᠯ᠎ᠡ ᠵᠦᠢᠯ ᠤᠨ ᠠᠵᠢᠯ ᠤᠨ ᠠᠭᠤᠯᠭ᠎ᠠ ᠶᠢ ᠢᠳᠡᠪᠬᠢᠲᠠᠢ ᠨᠠᠶᠢᠲᠠᠪᠤᠷᠢᠵᠢᠭᠤᠯᠵᠤ᠂ ᠨᠥᠬᠦᠪᠦᠷᠢ ᠱᠠᠩᠨᠠᠯ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ᠂ ᠨᠥᠬᠦᠪᠦᠷᠢ ᠱᠠᠩᠨᠠᠯ ᠤᠨ ᠪᠡᠯᠡ ᠮᠥᠩᠬᠦ᠂ ᠨᠥᠬᠦᠪᠦᠷᠢ ᠶᠢᠨ ᠪᠠᠷᠢᠮᠵᠢᠶ᠎ᠠ᠂ ᠨᠤᠲᠤᠭ ᠪᠡᠯᠴᠢᠭᠡᠷ ᠤᠨ ᠲᠠᠯᠠᠪᠠᠢ᠂ ᠨᠥᠬᠦᠪᠦᠷᠢ ᠱᠠᠩᠨᠠᠯ  ᠤᠨ ᠲᠥᠷᠦᠯ ᠬᠡᠯᠪᠡᠷᠢ ᠶᠢ ᠴᠢᠩᠭ᠎ᠠ ᠪᠠᠷᠢᠮᠲᠠᠯᠠᠵᠤ ᠡᠯ᠎ᠡ ᠵᠦᠢᠯ ᠤᠨ ᠠᠵᠢᠯ ᠤᠨ ᠡᠬᠦᠷᠭᠡ ᠶᠢ ᠲᠡᠭᠦᠰ ᠠᠮᠵᠢᠯᠲᠠᠲᠠᠢ ᠪᠡᠶᠡᠯᠡᠬᠦᠯᠪᠡ᠃ ᠲᠠᠯ᠎ᠠ ᠨᠤᠲᠤᠭ ᠤᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠬᠦᠨᠵᠡᠬᠡᠢ ᠨᠠᠶᠢᠲᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠶᠢᠨ ᠬᠤᠷᠳᠤᠴᠠ ᠶᠢ ᠲᠦᠷᠭᠡᠳᠭᠡᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠪᠦᠲᠦᠮᠵᠢᠲᠠᠢ ᠠᠬᠢᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠲᠦᠷᠭᠡᠳᠭᠡᠪᠡ᠃ ᠪᠦᠬᠦ ᠬᠤᠲᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠡᠬᠦᠷᠭᠡ ᠶᠢ ᠨᠡᠶᠢᠲᠡ 10068.7 ᠲᠦᠮᠡᠨ ᠮᠤ᠋ ᠪᠡᠶᠡᠯᠡᠬᠦᠯᠵᠤ᠂ ᠡᠬᠦᠨ ᠳᠤ ᠪᠡᠯᠴᠢᠬᠡᠷᠯᠡᠬᠦᠯᠬᠦ ᠶᠢ ᠬᠤᠷᠢᠭᠯᠠᠭᠰᠠᠨ ᠲᠠᠯᠠᠪᠠᠢ 5465.39 ᠲᠦᠮᠡᠨ ᠮᠤ᠋ ᠳᠤ ᠬᠦᠷᠴᠦ᠂ ᠨᠤᠲᠤᠭ ᠪᠡᠯᠴᠢᠭᠡᠷ ᠮᠠᠯ ᠤᠨ ᠳᠤᠭ᠎ᠠ ᠳᠣᠯᠣᠭᠠᠢ ᠶᠢ ᠲᠡᠩᠴᠡᠬᠦᠷᠢᠰᠢᠬᠦᠯᠦᠭᠰᠡᠨ ᠲᠠᠯᠠᠪᠠᠢ 4603.32 ᠲᠦᠮᠡᠨ ᠮᠤ᠋ ᠳᠤ ᠬᠦᠷᠪᠡ︔ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠶᠢ 7.1 ᠲᠦᠮᠡᠨ ᠡᠷᠦᠬᠡ᠂ 5860 ᠲᠦᠮᠡᠨ ᠲᠥᠬᠦᠷᠢᠭ ᠪᠡᠶᠡᠯᠡᠬᠦᠯᠪᠡ ︵ 2011 ᠤᠨ ᠤ  ᠨᠥᠬᠦᠪᠦᠷᠢ ᠮᠥᠩᠬᠦ 3550 ᠲᠦᠮᠡᠨ ᠲᠥᠬᠦᠷᠢᠭ︶᠃    ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠭᠤᠣᠯᠳᠠᠯᠭᠠᠳᠣ ᠪᠦᠲᠦᠬᠡᠨ ᠪᠠᠶᠢᠭᠤᠯᠤᠯᠲᠠ ᠶᠢᠨ ᠪᠠᠷᠢᠯᠭ᠎ᠠ ᠶᠢ ᠡᠮᠬᠢ ᠴᠡᠭᠴᠡᠳᠡᠢ ᠠᠬᠢᠭᠤᠯᠪᠠ᠃ ᠪᠡᠯᠴᠢᠭᠡᠷᠯᠡᠬᠦᠯᠬᠦ ᠶᠢ ᠬᠤᠷᠢᠭᠯᠠᠨ ᠡᠪᠠᠰᠤ ᠪᠡᠯᠴᠢᠭᠡᠷ ᠢ ᠰᠡᠷᠬᠦᠬᠡᠬᠦ ᠢᠨᠵᠧᠨᠧᠷᠢᠩ ᠢ 2002 ᠤᠨ ᠳᠤ ᠬᠡᠷᠡᠭᠵᠢᠬᠦᠯᠵᠤ ᠡᠬᠢᠯᠡᠭᠰᠡᠨ ᠠᠴᠠ ᠨᠠᠰᠢ ᠪᠦᠬᠦ ᠬᠤᠲᠠ ᠪᠡᠯᠴᠢᠭᠡᠷᠯᠡᠬᠦᠯᠬᠦ ᠶᠢ ᠬᠤᠷᠢᠭᠯᠠᠨ ᠡᠪᠡᠰᠤ ᠪᠡᠯᠴᠢᠬᠡᠷ ᠢ ᠰᠡᠷᠭᠦᠭᠡᠬᠦ ᠬᠦᠷᠢᠶ᠎ᠡ ᠬᠠᠰᠢᠶ᠎ᠠ ᠳᠠᠲᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ  ᠶᠢᠨ ᠡᠬᠦᠷᠭᠡ ᠶᠢ ᠨᠡᠶᠢᠲᠡ 5743 ᠲᠦᠮᠡᠨ ᠮᠤ᠋ ᠪᠡᠶᠡᠯᠡᠬᠦᠯᠵᠤ᠂ ᠲᠥᠯᠦᠪᠯᠡᠭᠡᠲᠦ ᠡᠬᠦᠷᠭᠡ ᠪᠠᠨ ᠠᠮᠵᠢᠯᠲᠠᠲᠠᠢ ᠪᠡᠶᠡᠯᠡᠬᠦᠯᠵᠤ᠂ ᠬᠠᠰᠢᠶᠠᠯᠠᠭᠰᠠᠨ ᠤᠷᠤᠨ ᠤ ᠤᠷᠭᠤᠮᠠᠯ ᠤᠨ ᠬᠤᠴᠢᠯᠭ᠎ᠠ ᠶᠢ ᠰᠠᠶᠢᠲᠤᠷ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠣᠬᠢᠰᠲᠠᠢ ᠠᠰᠢᠭᠯᠠᠵᠤ᠂ ᠢᠨᠵᠧᠨᠧᠷᠢᠩ ᠤᠨ ᠤᠷᠤᠨ ᠤ ᠤᠷᠭᠤᠮᠠᠯ ᠤᠨ ᠬᠤᠴᠢᠯᠭ᠎ᠠ  ᠶᠢᠨ ᠪᠠᠶᠢᠳᠠᠯ ᠢᠨᠵᠧᠨᠧᠷᠢᠩ ᠤᠨ ᠪᠤᠰᠤ ᠤᠷᠤᠨ ᠠᠴᠠ ᠢᠯᠡᠳᠳᠡ ᠰᠠᠶᠢᠨ ᠪᠤᠯᠪᠠ᠃ 1290 ᠲᠦᠮᠡᠨ ᠮᠤ᠋ ᠶᠢᠨ ᠨᠤᠲᠤᠭ ᠪᠠᠯᠴᠢᠭᠡᠷ ᠢ ᠨᠥᠬᠦᠨ ᠲᠠᠷᠢᠵᠤ ᠰᠠᠶᠢᠵᠢᠷᠠᠭᠤᠯᠣᠨ ᠢᠨᠵᠧᠨᠧᠷᠢᠩ ᠤᠨ ᠤᠷᠤᠨ ᠤ ᠪᠡᠯᠴᠢᠭᠡᠷ ᠡᠪᠡᠰᠦ ᠶᠢᠨ ᠲᠦᠷᠦᠯ ᠵᠦᠢᠯ ᠢ ᠨᠡᠮᠡᠭᠳᠡᠭᠦᠯᠵᠤ᠂ ᠡᠪᠡᠰᠦ ᠪᠡᠯᠴᠢᠭᠡᠷ ᠤᠨ ᠶᠠᠰᠣ ᠴᠢᠨᠠᠷ ᠢᠯᠡᠳᠳᠡ ᠲᠡᠭᠡᠭᠰᠢᠯᠡᠪᠠ᠃ 2012 ᠣᠨ  ᠠᠴᠠ ᠨᠠᠰᠢ ᠣᠯᠣᠰ ᠤᠨ ︽ᠰᠦ ᠶᠢᠨ ᠦᠢᠯᠡᠰ ᠢ ᠬᠥᠭᠵᠢᠬᠦᠯᠵᠤ᠂ ᠴᠠᠷᠭᠠᠰᠣ ᠶᠢ ᠬᠥᠭᠵᠢᠬᠦᠯᠬᠦ︾ ᠠᠵᠢᠯᠯᠠᠭ᠎ᠠ ᠲᠠᠢ ᠢᠳᠡᠪᠬᠢᠲᠠᠢ ᠬᠠᠮᠵᠢᠯᠴᠠᠵᠤ᠂ ᠣᠰᠣ ᠠᠷᠪᠢᠯᠠᠨ ᠤᠰᠤᠯᠠᠵᠤ ᠴᠢᠨᠠᠷ ᠰᠠᠶᠢᠲᠠᠢ ᠴᠠᠷᠭᠠᠰᠣ ᠲᠠᠷᠢᠬᠤ ᠶᠢ ᠤᠷᠢᠳᠠᠪᠠᠷ ᠬᠥᠭᠵᠢᠬᠦᠯᠵᠤ᠂ ᠥᠪᠡᠷᠲᠡᠭᠡᠨ ᠵᠠᠰᠠᠬᠤ ᠤᠷᠤᠨ ᠠᠴᠠ ᠦᠨᠳᠦᠷ ᠤᠨᠠᠯᠲᠠ ᠲᠠᠢ ᠴᠢᠨᠠᠷ ᠰᠠᠶᠢᠲᠠᠢ ᠴᠠᠷᠭᠠᠰᠣ ᠶᠢᠨ ᠵᠢᠱᠢᠶ᠎ᠡ ᠦᠵᠡᠬᠦᠯᠬᠦ ᠪᠦᠲᠦᠬᠡᠨ ᠪᠠᠶᠢᠭᠤᠯᠤᠯᠲᠠ ᠶᠢᠨ ᠲᠥᠷᠦᠯ ᠵᠦᠢᠯ ᠢ ᠡᠬᠢᠯᠡᠬᠦᠯᠪᠡ᠃     2012 ᠣᠨ ᠠᠴᠠ 2015 ᠤᠨ ᠬᠦᠷᠲᠡᠯ᠎ᠡ ᠪᠦᠬᠦ ᠬᠤᠲᠠ ᠦᠨᠳᠦᠷ ᠤᠨᠠᠯᠲᠠ ᠲᠠᠢ ᠴᠢᠨᠠᠷ ᠰᠠᠶᠢᠲᠠᠢ ᠴᠠᠷᠭᠠᠰᠣ ᠶᠢ ᠨᠡᠶᠢᠲᠡ 5.5 ᠲᠦᠮᠡᠨ ᠮᠤ᠋ ᠲᠠᠷᠢᠵᠤ᠂ ᠡᠬᠦᠨ ᠳᠤ ᠤᠰᠤ ᠠᠷᠪᠢᠯᠠᠨ ᠤᠰᠤᠯᠠᠬᠤ ᠦᠨᠳᠦᠷ ᠤᠨᠠᠯᠲᠠ ᠲᠠᠢ ᠴᠢᠨᠠᠷ ᠰᠠᠶᠢᠲᠠᠢ ᠴᠠᠷᠭᠠᠰᠣ ᠶᠢᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ 4.5 ᠲᠦᠮᠡᠨ ᠮᠤ᠋᠂ ᠴᠢᠨᠠᠷ ᠰᠠᠶᠢᠲᠠᠢ ᠴᠠᠷᠭᠠᠰᠤ ᠶᠢᠨ ᠦᠷ᠎ᠡ ᠪᠣᠶᠢᠵᠢᠭᠤᠯᠬᠤ ᠰᠠᠭᠤᠷᠢᠨ ᠭᠠᠵᠠᠷ ᠢ 1 ᠲᠦᠮᠡᠨ ᠮᠤ᠋ ᠲᠠᠷᠢᠪᠠ᠃ 2013 ᠤᠨ ᠠᠴᠠ 2016 ᠤᠨ ᠬᠦᠷᠲᠡᠯ᠎ᠡ ᠬᠤᠯᠤᠭᠠᠨ᠎ᠠ ᠶᠢᠨ ᠭᠠᠮᠰᠢᠭ ᠠᠴᠠ ᠨᠡᠶᠢᠲᠡ 508.4 ᠲᠦᠮᠡᠨ ᠮᠤ᠋ ᠰᠡᠷᠭᠡᠶᠢᠯᠡᠵᠤ᠂ ᠡᠪᠳᠡᠯᠭᠡ ᠶᠢᠨ ᠲᠠᠯᠠᠪᠠᠢ ᠶᠢᠨ 73% ᠶᠢ ᠡᠵᠡᠯᠡᠪᠡ︔ ᠬᠤᠷᠤᠬᠠᠢ ᠶᠢᠨ ᠬᠥᠨᠦᠬᠡᠯ ᠢ 434.5 ᠲᠦᠮᠡᠨ ᠮᠤ᠋ ᠰᠡᠷᠭᠡᠶᠢᠯᠡᠨ ᠵᠠᠰᠠᠵᠤ᠂ ᠬᠦᠨᠲᠦ ᠭᠠᠮᠰᠢᠭᠳᠠᠭᠰᠠᠨ ᠲᠠᠯᠠᠪᠠᠢ ᠶᠢᠨ 55.5% ᠶᠢ ᠡᠵᠡᠯᠡᠪᠡ᠃ 2013 ᠤᠨ ᠠᠴᠠ 2016 ᠤᠨ ᠬᠦᠷᠲᠡᠯ᠎ᠡ ᠪᠡᠭᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠢᠷᠡᠯᠳᠡ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠪᠦᠲᠦᠬᠡᠨ ᠪᠠᠶᠢᠭᠤᠯᠤᠯᠲᠠ ᠶᠢᠨ ᠲᠥᠷᠦᠯ ᠵᠦᠢᠯ ᠢ ᠤᠷᠤᠭᠰᠢᠲᠠᠢ ᠬᠡᠷᠡᠭᠵᠢᠬᠦᠯᠵᠤ᠂ 31 ᠲᠦᠮᠡᠨ ᠮᠤ᠋ ᠶᠢᠨ ᠡᠪᠡᠰᠦ ᠪᠡᠯᠴᠢᠭᠡᠷ ᠢ ᠪᠢᠳᠡᠬᠦᠮᠵᠢᠯᠡᠨ ᠬᠦᠷᠢᠶᠡᠯᠡᠵᠤ᠂ 13.91 ᠲᠦᠮᠡᠨ ᠮᠤ᠋ ᠶᠢᠨ ᠲᠠᠷᠢᠮᠠᠯ ᠲᠡᠵᠢᠬᠡᠯ ᠡᠪᠡᠰᠦ ᠶᠢᠨ ᠰᠠᠭᠤᠷᠢᠨ ᠭᠠᠵᠠᠷ᠂ 1.68 ᠲᠦᠮᠡᠨ ᠮᠤ᠋ ᠶᠢᠨ ᠡᠪᠡᠰᠦᠨ ᠦᠷ᠎ᠡ ᠶᠢᠨ ᠰᠠᠭᠤᠷᠢᠨ ᠭᠠᠵᠠᠷ ᠢ ᠪᠡᠶᠡᠯᠡᠬᠦᠯᠵᠤ᠂ 3.56 ᠲᠦᠮᠡᠨ ᠳᠡᠭᠰᠢ ᠲᠥᠷᠪᠡᠯᠵᠢᠨ ᠮᠧᠲᠷ ᠤᠨ ᠳᠤᠯᠠᠭᠠᠨ ᠰᠠᠷᠠᠪᠴᠢ᠂ 1609 ᠢᠵᠢ ᠲᠡᠵᠢᠬᠡᠯ ᠪᠤᠷᠳᠤᠭ᠎ᠠ ᠶᠢᠨ ᠮᠧᠬᠠᠨᠢᠭ ᠮᠠᠰᠢᠨ᠂ 2.5 ᠲᠦᠮᠡᠨ ᠳᠡᠭᠰᠢ ᠳᠥᠷᠪᠡᠯᠵᠢᠨ ᠮᠧᠲᠷ ᠤᠨ ᠨᠤᠭᠤᠭᠠᠨ ᠪᠣᠷᠳᠤᠭ᠎ᠠ ᠳᠠᠷᠤᠰᠢᠭᠤᠯᠬᠤ ᠵᠤᠭᠤᠷᠢ᠂ 3.07 ᠲᠦᠮᠡᠨ ᠳᠡᠭᠰᠢ ᠳᠥᠷᠪᠡᠯᠵᠢᠨ ᠮᠧᠲᠷ ᠤᠨ ᠡᠪᠡᠰᠦ ᠬᠤᠷᠢᠶᠠᠬᠤ ᠰᠠᠷᠠᠪᠴᠢ ᠶᠢ ᠪᠠᠷᠢᠵᠤ ᠳᠠᠭᠤᠰᠬᠠᠪᠠ᠃ ᠰᠢᠷᠢᠰ ᠢᠨᠵᠧᠨᠧᠷᠢᠩ  ᠤᠨ ᠲᠥᠷᠦᠯ ᠵᠦᠢᠯ ᠢ ᠬᠡᠷᠡᠭᠵᠢᠬᠦᠯᠦᠭᠰᠡᠨ ᠨᠢ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠳᠤ ᠪᠠᠲᠤ ᠪᠠᠬᠢ ᠪᠤᠳᠠᠰ ᠤᠨ ᠰᠠᠭᠤᠷᠢ ᠲᠠᠯᠪᠢᠭᠰᠠᠨ ᠢᠶᠠᠷ ᠥᠯᠦ ᠪᠠᠷᠠᠬᠤ ᠦᠬᠡᠢ ᠨᠤᠲᠤᠭ ᠪᠡᠯᠴᠢᠬᠡᠷ ᠤᠨ ᠡᠬᠢ ᠪᠠᠶᠠᠯᠢᠭ  ᠢ ᠦᠷᠬᠦᠯᠵᠢᠯᠡᠨ ᠬᠥᠭᠵᠢᠬᠦᠯᠬᠦ ᠠᠰᠢᠭᠯᠠᠬᠤ ᠤᠷᠤᠨ ᠵᠠᠢ ᠶᠢ ᠥᠷᠭᠡᠳᠭᠡᠪᠡ᠃    ᠨᠤᠲᠤᠭ ᠪᠡᠯᠴᠢᠭᠡᠷ ᠤᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠦᠷᠬᠦᠯᠵᠢᠯᠡᠨ ᠳᠡᠭᠡᠭᠰᠢᠯᠡᠪᠡ᠃ ᠪᠦᠬᠦ ᠬᠤᠲᠠ ᠶᠢᠨ ᠨᠤᠲᠤᠭ ᠪᠡᠯᠴᠢᠭᠡᠷ ᠤᠨ ᠡᠷᠳᠡᠮ ᠰᠢᠨᠵᠢᠯᠡᠭᠡ᠂ ᠬᠡᠷᠡᠭᠯᠡᠬᠡᠨ ᠤ ᠮᠡᠷᠭᠡᠵᠢᠯ ᠤᠨ ᠳᠡᠯᠭᠡᠷᠡᠬᠦᠯᠦᠯᠲᠡ ᠶᠢᠨ ᠠᠵᠢᠯ ᠲᠦᠷᠬᠡᠨ ᠬᠥᠭᠵᠢᠵᠤ᠂ ᠣᠨᠴᠠᠭᠠᠶᠢᠯᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠶᠢᠨ ᠲᠥᠷᠦᠯ ᠵᠦᠢᠯ᠂ ᠪᠡᠯᠴᠢᠭᠡᠷ ᠡᠪᠡᠰᠦ ᠶᠢᠨ ᠰᠢᠨ᠎ᠡ ᠲᠥᠷᠦᠯ ᠵᠦᠢᠯ ᠢ ᠰᠤᠩᠭᠤᠨ ᠪᠤᠶᠢᠵᠢᠭᠤᠯᠬᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠢᠨᠠᠨ ᠬᠡᠮᠵᠢᠯᠲᠡ᠂ ᠬᠤᠷᠤᠬᠠᠢ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ᠂ ᠡᠪᠡᠰᠦ ᠲᠠᠷᠢᠬᠤ᠂ ᠡᠪᠡᠰᠦ ᠪᠡᠯᠴᠢᠭᠡᠷ ᠢ ᠰᠠᠶᠢᠵᠢᠷᠠᠭᠤᠯᠬᠤ ᠵᠢᠴᠢ ᠡᠪᠡᠰᠦᠨ ᠤ ᠦᠢᠯᠡᠳᠬᠦᠨ ᠢ ᠦᠢᠯᠡᠳᠪᠦᠷᠢᠯᠡᠨ ᠪᠣᠯᠪᠠᠰᠣᠷᠠᠭᠤᠯᠬᠤ᠂ ᠡᠪᠡᠰᠦ ᠢᠳᠡᠭᠴᠢ ᠬᠡᠷ  ᠤᠨ ᠲᠡᠵᠢᠬᠡᠪᠦᠷᠢ ᠶᠢ ᠠᠷᠠᠴᠢᠯᠠᠨ ᠲᠡᠵᠢᠬᠡᠬᠦ ᠵᠡᠷᠭᠡ ᠲᠠᠯ᠎ᠠ ᠪᠠᠷ ᠨᠡᠯᠢᠶᠡᠳ ᠰᠠᠶᠢᠨ ᠦᠷ᠎ᠡ ᠪᠦᠲᠦᠮᠵᠢ ᠤᠯᠵᠤ᠂ ᠰᠢᠨᠵᠢᠯᠡᠬᠦ ᠤᠬᠠᠭᠠᠨ ᠤ ᠤᠨᠤᠯ ᠳᠠᠰᠣᠷᠠᠯᠳᠡ ᠦᠬᠡᠢ ᠪᠠᠶᠠᠯᠢᠭᠵᠢᠨ ᠬᠥᠭᠵᠢᠵᠤ᠂ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠪᠠ ᠳᠥᠷᠢᠮ ᠳᠤᠭᠲᠠᠭᠠᠯ ᠡᠳᠦᠷ ᠢᠷᠡᠬᠦᠶ᠎ᠡ ᠳᠡᠬᠦᠯᠳᠡᠷᠵᠢᠨ ᠦᠢᠯᠡᠳᠪᠦᠷᠢᠯᠡᠯ ᠤᠨ ᠶᠠᠪᠤᠴᠠ ᠳᠤ ᠨᠡᠯᠢᠶᠡᠳ ᠰᠠᠶᠢᠨ ᠠᠵᠤ ᠠᠬᠤᠢ ᠪᠠ ᠨᠡᠶᠢᠬᠡᠮ ᠤᠨ ᠦᠷ᠎ᠡ ᠠᠰᠢᠭ ᠤᠯᠤᠭᠰᠠᠨ ᠪᠠᠶᠢᠨ᠎ᠠ᠃ ᠠᠵᠢᠯ ᠲᠥᠷᠦᠯ ᠤᠨ ᠬᠤᠭᠤᠷᠤᠨᠳᠤᠬᠢ ᠮᠡᠷᠭᠡᠵᠢᠯ ᠴᠢᠳᠠᠪᠤᠷᠢ ᠶᠢᠨ ᠰᠤᠯᠢᠯᠴᠠᠭ᠎ᠠ ᠪᠠ ᠬᠠᠮᠲᠤᠷᠠᠯᠴᠠᠭ᠎ᠠ ᠶᠢ ᠥᠷᠭᠡᠨ ᠢᠶᠠᠷ ᠦᠷᠨᠢᠬᠦᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠳᠠᠪᠰᠢᠯᠲᠠ ᠶᠢ ᠠᠬᠢᠭᠤᠯᠪᠠ᠃    ᠨᠤᠲᠤᠭ ᠪᠡᠯᠴᠢᠭᠡᠷ ᠤᠨ ᠠᠮᠢ ᠠᠬᠤᠢ ᠶᠢᠨ ᠬᠢᠨᠠᠨ ᠬᠡᠮᠵᠢᠯᠲᠡ ᠶᠢᠨ ᠠᠵᠢᠯ ᠰᠢᠨ᠎ᠡ ᠰᠢᠪᠲᠤᠯᠤᠯᠲᠠ ᠲᠠᠢ ᠪᠤᠯᠪᠠ᠃ 2003 ᠤᠨ ᠠᠴᠠ ᠡᠬᠢᠯᠡᠨ᠂ ᠪᠦᠬᠦ ᠬᠤᠲᠠ ᠶᠢᠨ ᠡᠯ᠎ᠡ ᠱᠠᠲᠤᠨ ᠤ ᠨᠤᠲᠤᠭ ᠪᠡᠯᠴᠢᠭᠡᠷ ᠤᠨ ᠬᠢᠨᠠᠨ ᠬᠡᠮᠵᠢᠯᠲᠡ  ᠶᠢᠨ ᠮᠡᠷᠭᠡᠵᠢᠯᠲᠡᠨ ᠢ ᠵᠤᠬᠢᠶᠠᠨ ᠪᠠᠶᠢᠭᠤᠯᠵᠤ᠂ ᠳᠤᠭᠲᠠᠮᠠᠯ ᠬᠤᠭᠤᠴᠠᠭ᠎ᠠ ᠲᠠᠢ ᠪᠠᠷ ᠬᠡᠭᠡᠷ᠎ᠡ ᠶᠢᠨ ᠡᠪᠡᠰᠤᠨ ᠤ ᠤᠨᠠᠯᠲᠠ ᠳᠤ ᠬᠡᠮᠵᠢᠯᠲᠡ ᠬᠢᠵᠤ᠂ MODIS ᠠᠯᠤᠰ ᠰᠡᠷᠡᠯᠲᠦ ᠲᠤᠭ᠎ᠠ ᠪᠠᠷᠢᠮᠲᠠ ᠪᠠ ᠴᠠᠭ ᠠᠭᠤᠷ ᠤᠨ ᠪᠢᠴᠢᠭ ᠮᠠᠲ᠋ᠧᠷᠢᠶᠠᠯ ᠲᠠᠢ ᠤᠶᠠᠯᠳᠤᠭᠤᠯᠤᠨ ᠵᠢᠯ ᠪᠤᠯᠭᠠᠨ ᠤ 5 ᠰᠠᠷ᠎ᠠ ᠶᠢᠨ ᠡᠪᠡᠰᠦ ᠪᠡᠯᠴᠢᠭᠡᠷ ᠤᠨ ᠣᠷᠭᠤᠯᠳᠠ ᠶᠢᠨ ᠪᠠᠶᠢᠳᠠᠯ ᠤᠨ ᠮᠡᠳᠡᠬᠦᠯᠦᠯᠲᠡ᠂ 7 ᠳ᠋ᠤᠭᠠᠷ ᠰᠠᠷ᠎ᠠ ᠶᠢᠨ ᠡᠪᠡᠰᠦ ᠪᠡᠯᠴᠢᠭᠡᠷ ᠤᠨ ᠤᠷᠭᠤᠯᠲᠠ ᠶᠢᠨ ᠪᠠᠶᠢᠳᠠᠯ ᠤᠨ ᠬᠢᠨᠠᠨ ᠬᠡᠮᠵᠢᠯᠲᠡ ᠶᠢᠨ ᠪᠠᠶᠢᠳᠠᠯ᠂ 8 ᠳ᠋ᠣᠭᠠᠷ ᠰᠠᠷ᠎ᠠ ᠶᠢᠨ ᠬᠦᠢᠲᠡᠨ ᠤᠯᠠᠷᠢᠯ ᠤᠨ ᠢᠳᠡᠵᠤ ᠪᠤᠯᠬᠤ ᠲᠡᠵᠢᠬᠡᠯ ᠡᠪᠡᠰᠦᠨ ᠤ ᠬᠠᠳᠠᠭᠠᠯᠠᠭᠳᠠᠴᠠ ᠶᠢᠨ ᠬᠡᠮᠵᠢᠶ᠎ᠡ ᠵᠢᠴᠢ ᠲᠣᠬᠢᠷᠠᠮᠵᠢᠲᠠᠢ ᠪᠡᠯᠴᠢᠭᠡᠷ ᠤᠨ ᠳᠠᠭᠠᠭᠠᠴᠠ ᠶᠢᠨ ᠬᠢᠨᠠᠨ ᠬᠡᠮᠵᠢᠯᠲᠡ ᠶᠢᠨ ᠮᠡᠳᠡᠭᠦᠯᠦᠯᠲᠡ ᠵᠢᠴᠢ ᠪᠦᠬᠦ ᠵᠢᠯ ᠤᠨ ᠨᠤᠲᠤᠭ ᠪᠡᠯᠴᠢᠭᠡᠷ ᠤᠨ ᠬᠢᠨᠠᠨ ᠬᠡᠮᠵᠢᠯᠲᠡ ᠶᠢᠨ ᠮᠡᠳᠡᠬᠦᠯᠦᠯᠲᠡ ᠶᠢ ᠨᠠᠶᠢᠳᠡᠯᠡᠪᠠ ︔ ᠪᠦᠬᠦ ᠤᠷᠤᠨ ᠤ ᠭᠤᠷᠪᠠᠳᠤᠭᠠᠷ ᠤᠳᠠᠭᠠᠨ ᠤ ᠨᠤᠲᠤᠭ ᠪᠡᠯᠴᠢᠭᠡᠷ ᠤᠨ ᠨᠡᠶᠢᠲᠡᠮ ᠪᠠᠶᠢᠴᠠᠭᠠᠯᠲᠠ ᠶᠢᠨ ᠠᠵᠢᠯ ︵2009 — 20012 ᠣᠨ  ︶ ᠢ ᠤᠷᠤᠭᠰᠢᠲᠠᠢ ᠪᠡᠶᠡᠯᠡᠬᠦᠯᠪᠡ︔ ᠤᠯᠤᠰ ᠤᠨ ᠨᠤᠲᠤᠭ ᠪᠡᠯᠴᠢᠭᠡᠷ ᠤᠨ ᠳᠤᠭᠲᠠᠮᠠᠯ ᠬᠢᠨᠠᠨ ᠬᠡᠮᠵᠢᠯᠲᠡ ᠶᠢᠨ ᠴᠡᠭ ᠤᠨ ᠪᠦᠲᠦᠬᠡᠨ ᠪᠠᠶᠢᠭᠤᠯᠤᠯᠲᠠ ᠶᠢᠨ ᠳᠥᠰᠦᠯ ᠶᠤᠰᠤᠭᠠᠷ ᠮᠠᠨ ᠤ ᠬᠤᠲᠠ  ᠶᠢᠨ ᠬᠢᠨᠠᠨ ᠬᠡᠮᠵᠢᠯᠲᠡ ᠶᠢᠨ ᠠᠵᠢᠯ ᠤᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠤᠯᠤᠰ ᠤᠨ ᠱᠠᠲᠤᠨ ᠤ ᠨᠤᠲᠤᠭ ᠪᠡᠯᠴᠢᠭᠡᠷ ᠤᠨ ᠳᠤᠭᠲᠠᠮᠠᠯ ᠬᠢᠨᠠᠨ ᠬᠡᠮᠵᠢᠯᠲᠡ ᠶᠢᠨ ᠴᠡᠭ ᠢ 7 ᠪᠠᠶᠢᠭᠤᠯᠪᠠ᠃    ᠬᠤᠶᠠᠷ᠂ ᠠᠩᠬᠠᠳᠤᠭᠠᠷ ᠬᠤᠭᠤᠴᠠᠭᠠᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠪᠠᠶᠢᠳᠠᠯ    ︵ ᠨᠢᠭᠡ︶ ᠦᠨᠳᠦᠰᠦᠨ ᠪᠠᠶᠢᠳᠠᠯ2011 ᠤᠨ ᠤ 2015 ᠤᠨ ᠪᠣᠯᠳᠠᠯ᠎ᠠ ᠥᠪᠡᠷᠲᠡᠭᠡᠨ ᠵᠠᠰᠠᠬᠤ ᠤᠷᠤᠨ ᠮᠠᠨ ᠤ ᠬᠤᠲᠠ ᠳᠤ ᠵᠢᠯ ᠪᠦᠷᠢ 10068 ᠲᠦᠮᠡᠨ ᠮᠤ᠋ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ  ᠤᠨ ᠡᠬᠦᠷᠭᠡ ᠶᠢ ᠪᠠᠭᠤᠯᠭᠠᠵᠤ᠂ ᠡᠬᠦᠨ ᠳᠤ 5465 ᠲᠦᠮᠡᠨ ᠮᠤ᠋ ᠶᠢᠨ ᠪᠡᠯᠴᠢᠭᠡᠷᠯᠡᠬᠦᠯᠬᠦ ᠶᠢ ᠬᠤᠷᠢᠭᠯᠠᠬᠤ᠂ 4603 ᠲᠦᠮᠡᠨ ᠮᠤ᠋ ᠶᠢᠨ ᠪᠡᠯᠴᠢᠭᠡᠷ ᠮᠠᠯ ᠢ ᠲᠡᠩᠴᠡᠬᠦᠷᠢᠰᠢᠬᠦᠯᠬᠦ ᠡᠬᠦᠷᠭᠡ ᠪᠠᠭᠲᠠᠨ᠎ᠠ︔ ᠮᠠᠯᠴᠢᠨ ᠲᠠᠷᠢᠶᠠᠴᠢᠳ  ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ 5860 ᠲᠦᠮᠡᠨ ᠲᠥᠬᠦᠷᠢᠭ ︵7.1 ᠲᠦᠮᠡᠨ ᠡᠷᠦᠬᠡ᠂ ᠡᠬᠦᠨ ᠳᠤ 2011 ᠣᠨ ᠳᠤ 3550 ᠲᠦᠮᠡᠨ ᠲᠥᠬᠦᠷᠢᠭ ᠨᠥᠬᠦᠪᠦᠷᠢᠯᠡᠪᠡ︶᠂ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠠᠵᠢᠯᠴᠢᠨ ᠤ ᠴᠠᠯᠢᠩ ᠤᠨ ᠨᠥᠬᠦᠪᠦᠷᠢ 288 ᠲᠦᠮᠡᠨ ᠲᠥᠬᠦᠷᠢᠭ ︵1440 ᠬᠦᠮᠦᠨ ᠲᠠᠢ ᠬᠤᠯᠪᠤᠭᠳᠠᠨ᠎ᠠ︶᠂ ᠰᠢᠯᠢᠳᠡᠭ ᠴᠢᠨᠡᠷᠳᠡᠢ ᠦᠷ᠎ᠡ ᠶᠢᠨ ᠨᠥᠬᠦᠪᠦᠷᠢ ︵2011 ᠣᠨ 603.70 ᠲᠦᠮᠡᠨ ᠮᠤ᠋᠂ 2012 ᠤᠨ  670.5 ᠲᠦᠮᠡᠨ ᠮᠤ᠋  ᠂ 2013 ᠤᠨ 625.98 ᠲᠦᠮᠡᠨ ᠮᠤ᠋᠂ 2014 ᠣᠨ 589.66 ᠲᠦᠮᠡᠨ ᠮᠤ᠋᠂ 2015 ᠤᠨ 129 ᠲᠦᠮᠡᠨ ᠮᠤ᠋︶ ᠪᠠ ᠭᠡᠰᠡᠭ ᠮᠠᠯᠴᠢᠨ ᠲᠠᠷᠢᠶᠠᠴᠢᠳ ᠢ ᠰᠢᠯᠵᠢᠬᠦᠯᠦᠨ ᠳᠥᠪᠬᠢᠨᠡᠬᠦᠯᠬᠦ ᠡᠬᠦᠷᠭᠡ ᠶᠢ ᠪᠡᠶᠡᠯᠡᠬᠦᠯᠪᠡ᠃ ᠲᠥᠷᠦ ᠶᠢᠨ ᠪᠣᠳᠣᠯᠭ᠎ᠠ ᠶᠢᠨ ᠨᠡᠶᠢᠳᠡᠮᠵᠢᠬᠦᠯᠥᠯᠳᠡ ᠶᠢᠨ ᠬᠡᠪᠴᠢᠶ᠎ᠡ  ᠠᠴᠠ ᠦᠵᠡᠪᠠᠯ  ᠠᠩᠬᠠᠳᠤᠭᠠᠷ ᠬᠤᠭᠤᠴᠠᠭᠠᠨ ᠤ ᠨᠤᠲᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠨᠢ ᠦᠨᠳᠦᠰᠦᠨ ᠳᠡᠭᠡᠨ ᠪᠦᠬᠦ ᠬᠤᠳᠠᠨ ᠳᠤ ᠨᠡᠶᠢᠳᠡᠮᠵᠢᠵᠣ᠂ ᠪᠦᠬᠦ ᠬᠤᠲᠠ ᠶᠢᠨ 55 ᠰᠣᠮᠣ ᠰᠢᠶᠠᠩ ᠪᠠᠯᠭᠠᠰᠣ ︵ᠵᠡᠬᠡᠯᠢ ᠭᠤᠳᠤᠮᠵᠢ︶᠂ 640 ᠭᠠᠴᠠᠭ᠎ᠠ ᠳᠣᠰᠬᠤᠨ᠂ 20 ᠲᠦᠮᠡᠨ ᠡᠷᠦᠬᠡ ᠮᠠᠯᠴᠢᠨ ᠲᠠᠷᠢᠶᠠᠴᠢᠨ ᠡᠷᠦᠬᠡ ᠶᠢ ᠬᠠᠷᠠᠭᠠᠯᠵᠠᠪᠠ᠃    ︵ ᠬᠤᠶᠠᠷ︶ ᠤᠯᠤᠭᠰᠠᠨ ᠭᠤᠣᠯ ᠦᠷ᠎ᠡ ᠪᠦᠲᠦᠮᠵᠢ    ⒈ ᠠᠮᠢ ᠠᠬᠤᠢ ᠶᠢᠨ ᠦᠷ᠎ᠡ ᠠᠰᠢᠭ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠠᠴᠠ ᠨᠠᠰᠢ ᠪᠦᠬᠦ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠪᠠᠶᠢᠳᠠᠯ ᠶᠡᠷᠦᠩᠬᠡᠢ ᠳᠡᠭᠡᠨ ᠤᠯᠠᠮ ᠰᠠᠶᠢᠵᠢᠷᠠᠪᠠ᠃ ᠨᠤᠲᠤᠭ ᠪᠡᠯᠴᠢᠭᠡᠷ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠠᠴᠠ ᠦᠵᠡᠪᠡᠯ 2011 ᠤᠨ ᠠᠴᠠ 2015 ᠤᠨ ᠪᠣᠯᠳᠠᠯᠠᠬᠢ 5 ᠵᠢᠯ ᠤᠨ ᠬᠤᠭᠤᠷᠤᠨᠳᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ᠂ ᠦᠨᠳᠦᠷ ᠤᠨ ᠬᠡᠮᠵᠢᠶ᠎ᠡ᠂ ᠬᠠᠭᠤᠷᠠᠢ ᠡᠪᠡᠰᠦᠨ ᠤ ᠣᠷᠭᠤᠯᠳᠠ ᠶᠢᠨ ᠲᠤᠮᠳᠠᠴᠢ ᠬᠡᠮᠵᠢᠭᠳᠡᠯ ᠨᠢ 52.7%᠂31.3 ᠮᠢᠯᠢᠮᠧᠲᠷ᠂ 816.3 ᠺᠢᠯᠤᠭ᠍ᠷᠡᠮ/ ᠾᠧᠺᠲ᠋ᠠᠷ ᠬᠦᠷᠪᠠ᠃ ᠤᠷᠴᠢᠮ  ᠤᠨ ᠲᠠᠪᠤᠨ ᠵᠢᠯ ᠤᠨ ᠲᠤᠮᠳᠠᠴᠢ ᠬᠡᠮᠵᠢᠭᠳᠡᠯ ᠢ 2011 ᠣᠨ ᠤ ᠬᠢ ᠲᠠᠢ ᠬᠠᠷᠢᠴᠠᠭᠤᠯᠪᠠᠯ ᠵᠠᠭᠤᠨ ᠤ ᠬᠠᠷᠢᠴᠠᠯ  ᠢᠶᠠᠷ 10.6᠂ 0.1 ᠮᠢᠯᠢᠮᠧᠲᠷ᠂ 247.8 ᠺᠢᠯᠤᠭ᠍ᠷᠠᠮ/ ᠾᠧᠺᠲ᠋ᠠᠷ ᠳᠡᠭᠡᠭᠰᠢᠯᠡᠪᠡ᠃ ᠤᠷᠭᠤᠮᠠᠯ ᠤᠨ ᠬᠤᠴᠢᠯᠭ᠎ᠠ  ᠶᠢᠨ ᠪᠦᠷᠬᠦᠴᠡ᠂ ᠦᠨᠳᠦᠷ ᠤᠨ ᠬᠡᠮᠵᠢᠶ᠎ᠡ᠂ ᠬᠠᠭᠤᠷᠠᠢ ᠡᠪᠡᠰᠦ ᠶᠢᠨ ᠣᠨᠠᠯᠳᠠ ᠶᠢᠨ ᠬᠡᠮᠵᠢᠶ᠎ᠡ ᠨᠡᠮᠡᠭᠳᠡᠭᠰᠡᠨ ᠤ ᠬᠠᠮᠲᠤ ᠪᠦᠬᠦ ᠬᠤᠲᠠ ᠶᠢᠨ ᠡᠯᠡᠰᠦᠷᠭᠡᠭᠵᠢᠨ ᠳᠠᠴᠢᠷᠰᠢᠭᠰᠠᠨ ᠭᠠᠵᠠᠷ ᠰᠢᠷᠤᠢ ᠦᠷᠬᠦᠯᠵᠢᠯᠡᠨ ᠬᠠᠰᠤᠭᠳᠠᠪᠠ᠃ ᠬᠥᠪᠴᠢ ᠶᠢᠨ ᠡᠯᠡᠰᠦᠨ ᠤ ᠵᠠᠰᠠᠯᠲᠠ ᠶᠢᠨ ᠨᠤᠷᠮ᠎ᠠ 25% ᠳᠤ ᠬᠦᠷᠴᠦ ᠦᠨᠳᠦᠰᠦᠨ ᠳᠡᠭᠡᠨ ᠲᠤᠭᠳᠠᠪᠤᠷᠢᠵᠢᠭᠰᠠᠨ ᠪᠠᠶᠢᠨ᠎ᠠ᠃ ᠮᠣᠣᠠᠣᠰᠣ ᠡᠯᠡᠰᠦᠨ ᠤ ᠵᠠᠰᠠᠯᠲᠠ ᠶᠢᠨ ᠨᠤᠷᠮ᠎ᠠ 70% ᠬᠦᠷᠴᠦ᠂ ᠡᠯᠡᠰᠦᠨ ᠤ ᠭᠠᠮᠰᠢᠭ ᠢ ᠦᠨᠳᠦᠰᠦᠨ ᠳᠡᠭᠡᠨ ᠠᠷᠢᠯᠭᠠᠪᠠ᠃ ᠳᠣᠪᠤ ᠳᠠᠯᠠᠩ ᠭᠤᠣ ᠭᠠᠩᠭ᠎ᠠ ᠤᠷᠤᠨ ᠤ ᠤᠰᠤᠨ ᠤ ᠢᠳᠡᠭᠳᠡᠯ ᠢᠯᠡᠳᠳᠡ ᠪᠠᠭᠤᠷᠠᠵᠤ ᠨᠤᠲᠤᠭ ᠪᠡᠯᠴᠢᠭᠡᠷ ᠤᠨ ᠠᠮᠢ ᠠᠬᠤᠢ ᠶᠢᠨ ᠤᠷᠴᠢᠨ ᠲᠣᠭᠤᠷᠢᠨ ᠢᠳᠡᠭ ᠢᠳᠡᠭ ᠢᠶᠠᠷ ᠰᠡᠷᠬᠦᠨ ᠰᠠᠶᠢᠵᠢᠷᠠᠪᠠ᠃    2. ᠠᠵᠤ ᠠᠬᠤᠢ ᠶᠢᠨ ᠦᠷ᠎ᠡ ᠠᠰᠢᠭ᠃ 2011 ᠣᠨ ᠠᠴᠠ 2015 ᠤᠨ ᠬᠦᠷᠲᠡᠯ᠎ᠡ ᠲᠥᠪ ᠪᠠ ᠥᠪᠡᠷᠲᠡᠭᠡᠨ ᠵᠠᠰᠠᠬᠤ ᠤᠷᠤᠨ ᠠᠴᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠢ ᠨᠡᠶᠢᠲᠡ 23 ᠳ᠋ᠦᠩᠰᠢᠭᠤᠷ ᠲᠥᠬᠦᠷᠢᠭ ᠪᠠᠭᠤᠯᠭᠠᠵᠤ᠂ ᠬᠤᠳᠠ ᠬᠤᠰᠢᠭᠤ ᠲᠣᠭᠤᠷᠢᠭ ᠤᠨ ᠬᠢᠨ 6.5 ᠳ᠋ᠦᠩᠰᠢᠭᠤᠷ ᠲᠦᠬᠦᠷᠢᠭ ᠤᠨ ᠪᠡᠯᠡ ᠮᠥᠩᠬᠦ ᠶᠢ ᠢᠵᠢ ᠪᠦᠷᠢᠳᠦᠬᠦᠯᠦᠨ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠦᠷᠬᠦᠯᠵᠢᠯᠡᠭᠰᠡᠨ ᠨᠡᠮᠡᠭᠳᠡᠯ ᠢ ᠪᠦᠲᠦᠮᠵᠢᠲᠠᠢ ᠠᠬᠢᠭᠤᠯᠪᠠ᠃ ᠪᠦᠬᠦ ᠬᠤᠲᠠ ᠶᠢᠨ ᠭᠠᠵᠠᠷ ᠤᠷᠤᠨ ᠤ ᠦᠢᠯᠡᠳᠪᠦᠷᠢᠯᠡᠯ  ᠤᠨ ᠶᠡᠷᠦᠩᠬᠡᠢ ᠥᠷᠲᠡᠭ 2011 ᠤᠨ ᠤ 32.18.54  ᠳ᠋ᠦᠡᠭᠰᠢᠭᠤᠷ ᠲᠦᠬᠦᠷᠢᠭ ᠪᠠᠶᠢᠭᠰᠠᠨ ᠠᠴᠠ ᠨᠡᠮᠡᠭᠳᠡᠭᠡᠳ 2015 ᠤᠨ ᠬᠦᠷᠬᠦ ᠳᠤ 4226.13 ᠳ᠋ᠦᠩᠰᠢᠭᠤᠷ ᠲᠦᠬᠦᠷᠢᠭ ᠬᠦᠷᠴᠦ᠂ 23.8% ᠨᠡᠮᠡᠭᠳᠡᠪᠡ︔ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ 2011 ᠣᠨ ᠤ 140.95 ᠳ᠋ᠦᠩᠰᠢᠭᠤᠷ ᠲᠥᠬᠦᠷᠢᠭ ᠪᠠᠶᠢᠭᠰᠠᠨ ᠠᠴᠠ ᠨᠡᠮᠡᠭᠳᠡᠭᠡᠳ 2015 ᠣᠨ ᠬᠦᠷᠬᠦ ᠳᠤ  169.96 ᠳ᠋ᠦᠩᠰᠢᠭᠤᠷ ᠲᠥᠬᠦᠷᠢᠭ ᠬᠦᠷᠴᠦ 17.1% ᠨᠡᠮᠡᠭᠳᠡᠪᠡ᠃ ᠪᠦᠬᠦ ᠬᠤᠲᠠ ᠶᠢᠨ ᠮᠠᠯᠴᠢᠨ ᠲᠠᠷᠢᠶᠠᠴᠢᠳ ᠤᠨ ᠳᠣᠬᠢᠷᠠᠭᠤᠯᠵᠤ ᠪᠤᠯᠬᠤ ᠤᠷᠤᠯᠭ᠎ᠠ 2011 ᠤᠨ ᠤ 10047 ᠲᠥᠬᠦᠷᠢᠭ ᠪᠠᠶᠢᠭᠰᠠᠨ ᠠᠴᠠ ᠨᠡᠮᠡᠭᠳᠡᠭᠡᠳ 2015 ᠣᠨ ᠬᠦᠷᠬᠦ ᠳᠤ 14420 ᠲᠥᠬᠦᠷᠢᠭ ᠬᠦᠷᠴᠦ᠂ 30.3% ᠨᠡᠮᠡᠭᠳᠡᠪᠡ︔ ᠬᠦᠮᠦᠨ ᠳᠤᠮᠳᠠᠴᠢ ᠠᠮᠢᠳᠤᠷᠠᠯ ᠤᠨ ᠬᠡᠷᠡᠭᠯᠡᠬᠡᠨ ᠤ ᠵᠠᠷᠤᠯᠭ᠎ᠠ 2011 ᠤᠨ ᠤ 9613 ᠲᠥᠬᠦᠷᠢᠭ ᠪᠠᠶᠢᠭᠰᠠᠨ ᠠᠴᠠ ᠨᠡᠮᠡᠭᠳᠡᠭᠡᠳ 2015 ᠣᠨ ᠬᠦᠷᠬᠦ ᠳᠤ 14224 ᠲᠥᠬᠦᠷᠢᠭ ᠬᠦᠷᠴᠦ᠂ 32.4% ᠨᠡᠮᠡᠭᠳᠡᠪᠡ᠃ ᠨᠣᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠵᠢᠯ ᠪᠦᠷᠢ ᠮᠠᠯᠴᠢᠨ ᠲᠠᠷᠢᠶᠠᠴᠢᠳ ᠲᠤ ᠬᠦᠮᠦᠨ ᠳᠤᠮᠳᠠᠴᠢ 600 ᠲᠥᠬᠦᠷᠢᠭ ᠤᠨ ᠤᠷᠤᠯᠭ᠎ᠠ  ᠶᠢᠨ ᠨᠡᠮᠡᠭᠳᠡᠯ ᠢ ᠠᠪᠴᠢᠷᠠᠪᠠ᠃    3. ᠨᠡᠶᠢᠬᠡᠮ ᠤᠨ ᠦᠷ᠎ᠡ ᠠᠰᠢᠭ᠃ ᠨᠢᠬᠡ ᠳᠤ ᠮᠠᠯ ᠤᠨ ᠬᠠᠰᠢᠶ᠎ᠠ ᠰᠠᠷᠠᠪᠴᠢ᠂ ᠡᠪᠡᠰᠦᠨ ᠰᠠᠷᠠᠪᠴᠢ ᠵᠢᠴᠢ ᠬᠦᠷᠢᠶ᠎ᠡ ᠬᠠᠰᠢᠶ᠎ᠠ ᠵᠡᠷᠭᠡ ᠮᠠᠯ ᠠᠵᠤ ᠠᠬᠤᠢ ᠶᠢᠨ ᠰᠠᠭᠤᠷᠢ ᠲᠥᠬᠦᠬᠡᠷᠦᠮᠵᠢ ᠶᠢᠨ ᠪᠦᠲᠦᠬᠡᠨ ᠪᠠᠶᠢᠭᠤᠯᠤᠯᠲᠠ ᠶᠢ ᠳᠠᠰᠣᠷᠠᠯᠲᠠ ᠦᠬᠡᠢ ᠴᠢᠩᠭᠠᠳᠬᠠᠵᠤ᠂ ᠮᠠᠯᠴᠢᠨ ᠲᠦᠮᠡᠨ ᠤ ᠣᠯᠠᠮᠵᠢᠯᠠᠯᠳᠣ ᠦᠵᠡᠯ ᠰᠠᠨᠠᠭ᠎ᠠ ᠪᠠ ᠮᠠᠯ ᠠᠵᠤ ᠠᠬᠤᠢ  ᠶᠢᠨ ᠡᠵᠡᠩᠨᠡᠯᠲᠡ ᠶᠢᠨ ᠠᠷᠭ᠎ᠠ ᠬᠡᠯᠪᠡᠷᠢ ᠶᠢ ᠠᠯᠬᠤᠮ ᠠᠯᠬᠤᠮ ᠢᠶᠠᠷ ᠬᠤᠪᠢᠷᠠᠭᠤᠯᠵᠤ᠂ ᠦᠢᠯᠡᠳᠪᠦᠷᠢᠯᠡᠯ ᠡᠵᠡᠩᠨᠡᠯᠲᠡ  ᠶᠢᠨ ᠠᠷᠭ᠎ᠠ ᠬᠡᠯᠪᠡᠷᠢ ᠶᠢ ᠪᠦᠳᠦᠬᠦᠯᠢᠭ ᠪᠠᠶᠢᠭᠰᠠᠨ ᠠᠴᠠ ᠡᠷᠴᠢᠮᠯᠢᠭ ᠪᠤᠯᠭᠠᠨ ᠬᠤᠪᠢᠷᠠᠭᠤᠯᠵᠤ᠂ ᠮᠠᠯ ᠠᠵᠤ ᠠᠬᠤᠢ  ᠶᠢᠨ ᠬᠥᠭᠵᠢᠯᠲᠡ ᠨᠢ ᠨᠤᠲᠤᠭ ᠪᠡᠯᠴᠢᠭᠡᠷ ᠤᠨ ᠮᠠᠯ ᠠᠵᠤ ᠠᠬᠤᠢ ᠠᠴᠠ ᠲᠥᠬᠦᠬᠡᠷᠦᠮᠵᠢᠲᠦ ᠮᠠᠯ ᠠᠵᠤ ᠠᠬᠤᠢ᠂ ᠠᠮᠢ ᠠᠬᠤᠢ ᠶᠢᠨ ᠮᠠᠯ ᠠᠵᠤ ᠠᠬᠤᠢ ᠵᠦᠭ ᠬᠤᠪᠢᠷᠠᠭᠤᠯᠣᠨ ᠳ᠋ᠠᠩ ᠭᠠᠭᠴᠠ ᠮᠠᠯ ᠠᠵᠤ ᠠᠬᠤᠢ ᠠᠴᠠ ᠬᠤᠯᠢᠮᠠᠭ ᠠᠵᠤ ᠠᠬᠤᠢ ᠵᠦᠭ ᠬᠤᠪᠢᠷᠠᠪᠠ᠃ ᠬᠤᠶᠠᠷ ᠲᠤ ᠥᠷᠭᠡᠨ ᠤᠯᠠᠨ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠲᠥᠷᠦ ᠶᠢᠨ ᠪᠤᠳᠤᠯᠭ᠎ᠠ ᠶᠢ ᠬᠡᠷᠡᠭᠵᠢᠬᠦᠯᠬᠦ ᠶᠢᠨ ᠬᠠᠮᠲᠤ ᠨᠤᠲᠤᠭ ᠪᠡᠯᠴᠢᠭᠡᠷ ᠢᠶᠠᠨ ᠬᠠᠮᠠᠭᠠᠯᠠᠬᠤ ᠦᠵᠡᠯ ᠲᠠᠨᠢᠯᠲᠠ ᠨᠢ ᠦᠭᠡᠷᠡᠴᠢᠯᠡᠭᠳᠡᠪᠡ᠃ ᠡᠯ᠎ᠡ ᠱᠠᠲᠤᠨ ᠤ ᠵᠠᠰᠠᠭ ᠤᠨ ᠤᠷᠳᠤᠨ ᠪᠡᠯᠴᠢᠭᠡᠷᠯᠡᠬᠦᠯᠬᠦ ᠶᠢ ᠬᠤᠷᠢᠭᠯᠠᠬᠤ ᠬᠠᠷᠢᠭᠤᠴᠠᠯᠭ᠎ᠠ  ᠶᠢᠨ ᠪᠢᠴᠢᠭ᠂ ᠪᠡᠯᠴᠢᠭᠡᠷ ᠮᠠᠯ ᠢ ᠲᠡᠩᠴᠡᠬᠦᠷᠢᠲᠠᠢ ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ ᠢ ᠱᠠᠲᠤ ᠱᠠᠲᠤ ᠪᠠᠷ ᠳᠣᠭᠲᠠᠵᠤ᠂ ᠰᠣᠮᠣ ᠪᠠᠯᠭᠠᠰᠤ᠂ ᠭᠠᠴᠠᠭ᠎ᠠ ᠳᠣᠰᠬᠤᠨ ᠤ ᠺᠠᠳ᠋ᠷ ᠪᠠ ᠥᠷᠭᠡᠨ ᠣᠯᠠᠨ ᠮᠠᠯᠴᠢᠨ ᠲᠦᠮᠡᠨ ᠤ ᠪᠡᠯᠴᠢᠭᠡᠷᠯᠡᠬᠦᠯᠬᠦ ᠶᠢ ᠬᠤᠷᠢᠭᠯᠠᠬᠤ᠂ ᠰᠡᠯᠬᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠬᠦᠷᠢᠲᠠᠢ ᠪᠠᠶᠢᠯᠭᠠᠬᠤ ᠲᠥᠷᠦ  ᠶᠢᠨ ᠪᠤᠳᠤᠯᠭ᠎ᠠ ᠶᠢ ᠨᠠᠶᠢᠲᠠᠪᠤᠷᠢᠵᠢᠭᠤᠯᠬᠤ ᠢᠳᠡᠪᠬᠢᠵᠢᠯ᠂ ᠰᠠᠨᠠᠭᠠᠴᠢᠯᠭᠠᠲᠤ ᠴᠢᠨᠠᠷ ᠲᠠᠶᠢᠴᠢᠯᠠᠭᠳᠠᠵᠤ ᠰᠠᠨᠠᠭᠠᠴᠢᠯᠠᠭ᠎ᠠ  ᠠᠴᠠ ᠪᠠᠨ ᠮᠠᠯ ᠢᠶᠠᠨ ᠴᠦᠭᠡᠳᠭᠡᠵᠤ᠂ ᠬᠠᠷᠢᠭᠤᠴᠠᠯᠭ᠎ᠠ ᠲᠠᠢ ᠪᠠᠷ ᠮᠠᠯ ᠢᠶᠠᠨ ᠴᠦᠬᠡᠳᠭᠡᠵᠤ᠂ ᠲᠡᠬᠦᠨᠴᠢᠯᠡᠨ ᠡᠪᠡᠰᠦ ᠲᠠᠷᠢᠵᠤ᠂ ᠡᠪᠡᠰᠦ ᠬᠤᠷᠢᠶᠠᠬᠤ ᠪᠠ ᠨᠤᠲᠤᠭ ᠪᠡᠯᠴᠢᠭᠡᠷ ᠢᠶᠠᠨ ᠬᠠᠮᠠᠭᠠᠯᠠᠬᠤ ᠤᠬᠠᠮᠰᠠᠷᠲᠤ ᠴᠢᠨᠠᠷ ᠨᠢ ᠴᠢᠩᠭᠠᠳᠬᠠᠭᠳᠠᠪᠠ᠃ ᠭᠤᠷᠪᠠ ᠳᠤ ᠮᠠᠯᠵᠢᠬᠤ ᠤᠷᠤᠨ ᠤ ᠮᠠᠯ ᠤᠨ ᠡᠬᠦᠯᠳᠡᠷ ᠢ ᠰᠠᠶᠢᠵᠢᠷᠠᠭᠤᠯᠬᠤ ᠪᠠ ᠪᠠᠷᠢᠮᠵᠢᠶᠠᠯᠠᠭᠰᠠᠨ ᠮᠠᠯᠵᠢᠯ ᠢ ᠲᠦᠷᠭᠡᠳᠭᠡᠨ ᠠᠬᠢᠭᠤᠯᠪᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ  ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢᠨ ᠲᠠᠶᠢᠴᠢᠯᠠᠯ ᠲᠤᠤᠷ᠎ᠠ ᠮᠠᠯᠴᠢᠨ ᠲᠠᠷᠢᠶᠠᠴᠢᠳ ᠮᠠᠯ ᠤᠨ ᠡᠬᠦᠯᠳᠡᠷ ᠢ ᠰᠠᠶᠢᠵᠢᠷᠠᠭᠤᠯᠬᠤ ᠪᠠ ᠪᠠᠷᠢᠮᠵᠢᠶᠠᠵᠢᠭᠰᠠᠨ ᠮᠠᠯᠵᠢᠯ ᠢ ᠴᠢᠨᠠᠭᠰᠢᠳᠠ ᠬᠦᠨᠳᠦᠳᠭᠡᠨ ᠦᠵᠡᠵᠤ ᠮᠠᠯᠵᠢᠯ ᠤᠨ ᠦᠢᠯᠡᠰ ᠤᠨ ᠮᠠᠯ ᠤᠨ ᠲᠤᠭ᠎ᠠ ᠲᠤᠯᠤᠭᠠᠢ ᠶᠢ ᠨᠡᠮᠡᠭᠳᠡᠬᠦᠯᠦᠨ ᠤᠷᠤᠯᠭ᠎ᠠ ᠪᠠᠨ ᠨᠡᠮᠡᠭᠳᠡᠬᠦᠯᠵᠤ ᠪᠠᠶᠢᠭᠰᠠᠨ ᠠᠴᠠ ᠮᠠᠯ  ᠤᠨ ᠪᠤᠳᠠᠭᠠᠯᠢ ᠪᠠᠶ᠎ᠠ ᠶᠢᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠬᠦᠯᠬᠦ ᠪᠤᠯᠤᠨ ᠬᠤᠪᠢᠷᠠᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠬᠦᠯᠪᠡ᠃ ᠳᠥᠷᠪᠡ ᠳᠤ ᠮᠠᠯᠴᠢᠨ ᠲᠠᠷᠢᠶᠠᠴᠢᠳ ᠤᠨ ᠣᠯᠠᠮᠵᠢᠯᠠᠯᠲᠤ ᠮᠠᠯ ᠮᠠᠯᠵᠢᠬᠤ ᠤᠶᠢᠯᠠᠭᠠᠭᠳᠠᠬᠤᠨ ᠳᠤ ᠴᠢᠨᠠᠷ ᠤᠨ ᠬᠤᠪᠢᠷᠠᠯᠲᠠ ᠭᠠᠷᠴᠤ᠂ ᠪᠦᠬᠦ ᠵᠢᠯ ᠳᠤ ᠮᠠᠯ ᠪᠡᠯᠴᠢᠭᠡᠷᠯᠡᠬᠦᠯᠬᠦ ᠶᠢ ᠬᠤᠷᠢᠭᠯᠠᠬᠤ ᠪᠠ ᠣᠯᠠᠷᠢᠯ ᠤᠨ ᠴᠢᠨᠠᠷ ᠲᠠᠢ ᠰᠡᠯᠬᠦᠨ ᠮᠠᠯᠵᠢᠬᠤ ᠨᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠠᠰᠢᠭᠯᠠᠬᠤ ᠰᠢᠨ᠎ᠡ ᠵᠠᠭᠪᠤᠷ ᠪᠤᠯᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠳᠣᠬᠢᠷᠠᠮᠵᠢᠲᠠᠢ ᠠᠰᠢᠭᠯᠠᠵᠤ᠂ ᠡᠪᠡᠰᠤᠳᠤ ᠭᠠᠵᠠᠷ ᠤᠨ ᠠᠮᠢ ᠠᠬᠤᠢ ᠴᠢᠨᠠᠭᠰᠢᠳᠠ ᠰᠡᠷᠬᠦᠪᠠ᠃ ᠡᠯ᠎ᠡ ᠬᠤᠰᠢᠭᠤ ᠲᠣᠭᠤᠷᠢᠭ ᠲᠤ ᠨᠢᠭᠡ ᠪᠦᠯᠦᠭ ᠦᠬᠡᠷ ᠬᠤᠨᠢ ᠶᠢ ᠤᠬᠤᠷ ᠬᠤᠭᠤᠴᠠᠭᠠᠨ ᠳᠤ ᠪᠤᠷᠳᠤᠨ ᠳᠠᠷᠭᠤᠯᠠᠭᠤᠯᠵᠣ᠂ ᠠᠵᠤ ᠦᠢᠯᠡᠰ ᠢ ᠬᠤᠪᠢᠷᠠᠭᠤᠯᠣᠨ ᠠᠵᠢᠯ ᠤᠯᠤᠭᠰᠠᠨ ᠨᠠᠶᠢᠳᠡᠯᠢᠭ ᠵᠢᠱᠢᠶ᠎ᠡ ᠭᠠᠷᠴᠤ᠂ ᠡᠪᠦᠯ ᠤᠨ ᠬᠤᠷᠠᠭ᠎ᠠ᠂ ᠬᠠᠪᠤᠷ ᠤᠨ ᠡᠷᠲᠡ ᠶᠢᠨ ᠬᠤᠷᠠᠭ᠎ᠠ ᠶᠢ ᠪᠤᠷᠳᠤᠨ ᠲᠠᠷᠭᠤᠯᠠᠭᠤᠯᠵᠤ ᠪᠤᠷᠤᠯᠠᠭᠤᠯᠬᠤ ᠬᠡᠮᠵᠢᠶ᠎ᠡ ᠴᠢᠨᠠᠭᠰᠢᠳᠠ ᠦᠷᠬᠡᠵᠢᠪᠠ᠃    ︵ ᠭᠤᠷᠪᠠ︶ ᠤᠷᠤᠰᠢᠵᠤ ᠪᠠᠶᠢᠭ᠎ᠠ ᠠᠰᠠᠭᠤᠳᠠᠯ    ᠠᠩᠬᠠᠳᠤᠭᠠᠷ ᠬᠤᠭᠤᠴᠠᠭᠠᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠲᠠᠪᠤᠨ ᠵᠢᠯ ᠬᠡᠷᠡᠭᠵᠢᠬᠦᠯᠵᠤ ᠮᠠᠨ ᠤ ᠬᠤᠲᠠ ᠶᠢᠨ ᠨᠤᠲᠤᠭ ᠪᠡᠯᠴᠢᠭᠡᠷ ᠤᠨ ᠠᠵᠤ  ᠦᠢᠯᠡᠰ ᠤᠨ ᠬᠥᠭᠵᠢᠯᠲᠡ ᠶᠢ ᠪᠦᠲᠦᠮᠵᠢᠲᠠᠢ ᠠᠬᠢᠭᠤᠯᠤᠭᠰᠠᠨ ᠪᠤᠯᠪᠠᠴᠣ ᠬᠡᠷᠡᠭᠵᠢᠬᠦᠯᠬᠦ ᠶᠠᠪᠤᠴᠠ ᠳᠤᠮᠳᠠ ᠪᠠᠰᠠ ᠵᠠᠷᠢᠮ ᠠᠰᠠᠭᠤᠳᠠᠯ ᠤᠷᠤᠰᠢᠵᠤ ᠪᠠᠶᠢᠨ᠎ᠠ᠃ ᠨᠢᠬᠡ ᠳᠤ ᠠᠵᠤ ᠦᠢᠯᠡᠰ ᠤᠨ ᠳᠣᠰᠯᠠᠠᠮᠵᠢ ᠶᠢᠨ ᠪᠡᠯᠡ ᠮᠥᠩᠬᠦ ᠬᠦᠷᠦᠯᠴᠡᠬᠦ ᠦᠬᠡᠢ ᠪᠠ ᠮᠠᠯᠴᠢᠨ ᠲᠠᠷᠢᠶᠠᠴᠢᠳ  ᠪᠠᠷᠢᠮᠵᠢᠶᠠᠵᠢᠭᠰᠠᠨ ᠬᠠᠰᠢᠶ᠎ᠠ ᠰᠠᠷᠠᠪᠴᠢ᠂ ᠨᠤᠭᠤᠭᠠᠨ ᠪᠣᠷᠳᠤᠭ᠎ᠠ ᠳᠠᠷᠤᠰᠢᠭᠤᠯᠬᠤ ᠵᠣᠭᠤᠷᠢ᠂ ᠡᠪᠡᠰᠦ ᠬᠤᠷᠢᠶᠠᠬᠤ ᠰᠠᠷᠠᠪᠴᠢ ᠵᠡᠷᠭᠡ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠰᠠᠭᠤᠷᠢ ᠲᠥᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠵᠥᠷᠢᠴᠡᠯ ᠨᠢ ᠮᠠᠯ ᠠᠵᠤ ᠠᠬᠤᠢ ᠶᠢᠨ ᠠᠵᠤ ᠦᠢᠯᠡᠰ ᠤᠨ ᠦᠷᠬᠦᠯᠵᠢᠯᠡᠭᠰᠡᠨ ᠲᠦᠷᠬᠡᠨ ᠬᠥᠭᠵᠢᠯᠲᠡ ᠶᠢ ᠬᠢᠵᠠᠭᠠᠷᠯᠠᠪᠠ᠃ ᠬᠤᠶᠠᠷ ᠲᠤ ᠪᠡᠯᠴᠢᠭᠡᠷᠯᠡᠬᠦᠯᠬᠦ ᠶᠢ ᠬᠤᠷᠢᠭᠯᠠᠬᠤ ᠨᠥᠬᠦᠪᠦᠷᠢ ᠬᠠᠷᠢᠴᠠᠩᠭᠤᠢ ᠳᠤᠤᠷ᠎ᠠ ᠪᠠᠶᠢᠨ᠎ᠠ᠃ ᠭᠤᠷᠪᠠ ᠳᠤ ᠪᠡᠯᠡ ᠮᠥᠩᠬᠦᠨ ᠤ ᠬᠢᠵᠠᠭᠠᠷᠯᠠᠯ ᠠᠴᠠ ᠪᠤᠯᠵᠤ ᠪᠦᠬᠦ ᠬᠤᠲᠠ ᠶᠢᠨ ᠳᠣᠭᠠᠴᠠᠯᠠᠭᠰᠠᠨ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ  ᠶᠢᠨ ᠠᠬᠢᠯᠲᠠ ᠤᠳᠠᠭᠠᠨ ᠪᠠᠶᠢᠨ᠎ᠠ᠃    ᠭᠤᠷᠪᠠ᠂ ᠰᠢᠨ᠎ᠡ ᠨᠢᠬᠡᠨ ᠡᠬᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠬᠡᠷᠡᠭᠵᠢᠬᠦᠯᠬᠦ ᠴᠢᠬᠤᠯᠠ ᠠᠴᠢ ᠬᠤᠯᠪᠤᠭᠳᠠᠯ    ᠰᠢᠨ᠎ᠡ ᠨᠢᠬᠡᠨ ᠡᠬᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠪᠤᠯ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠲᠠᠯ᠎ᠠ ᠨᠤᠳᠤᠭ ᠨᠢ ᠬᠠᠮᠤᠭ ᠤᠨ ᠶᠡᠭᠡ ᠡᠬᠡ ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠪᠤᠯᠤᠭᠰᠠᠨ ᠤ ᠬᠤᠪᠢ ᠳᠤ ᠬᠦᠴᠢᠯᠲᠦ᠋ᠷᠦᠭᠴᠢ ᠬᠠᠩᠭᠠᠨ ᠨᠡᠬᠦᠷᠡᠰᠦᠲᠦ᠋ᠷᠦᠭᠴᠢ ᠶᠢ ᠰᠢᠩᠬᠡᠬᠡᠬᠦ᠂ ᠰᠠᠯᠬᠢᠨ ᠰᠢᠭᠤᠷᠭ᠎ᠠ ᠠᠴᠠ ᠰᠡᠷᠭᠡᠶᠢᠯᠡᠨ ᠡᠯᠡᠰᠦ ᠶᠢ ᠳᠤᠭᠲᠠᠪᠤᠷᠢᠵᠢᠭᠤᠯᠬᠤ᠂ ᠠᠭᠠᠷ ᠢ ᠴᠡᠪᠡᠷᠰᠢᠬᠦᠯᠬᠦ ᠪᠠ ᠠᠮᠢᠳᠤ ᠪᠤᠳᠠᠰ ᠤᠨ ᠣᠯᠠᠨ ᠳᠠᠯᠠᠴᠢ ᠴᠢᠨᠠᠷ ᠢ ᠬᠠᠮᠠᠭᠠᠯᠠᠬᠤ ᠲᠠᠯ᠎ᠠ ᠪᠠᠷ ᠲᠦᠢᠯ ᠤᠨ ᠴᠢᠬᠤᠯᠠ ᠦᠢᠯᠡᠳᠦᠯ ᠲᠠᠢ ᠶᠤᠮ᠃ ᠮᠦᠨᠴᠣ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠲᠠ ᠶᠢᠨ ᠭᠤᠣᠯ ᠠᠵᠢᠯᠯᠠᠬᠤ ᠭᠠᠵᠠᠷ ᠪᠤᠯᠤᠨ᠎ᠠ᠂ ᠪᠦᠬᠦ ᠲᠡᠯᠡᠬᠡᠢ ᠶᠢᠨ ᠠᠭᠤᠷ ᠠᠮᠢᠰᠬᠤᠯ ᠳᠤᠯᠠᠭᠠᠷᠠᠭᠰᠠᠨ ᠪᠠ ᠭᠡᠰᠡᠭ ᠠᠮᠢ ᠠᠬᠤᠢ ᠶᠢᠨ ᠤᠷᠴᠢᠨ ᠲᠣᠭᠤᠷᠢᠨ ᠦᠷᠬᠦᠯᠵᠢᠯᠡᠨ ᠮᠠᠭᠤᠳᠠᠵᠤ ᠪᠠᠶᠢᠭ᠎ᠠ ᠥᠨᠦᠳᠦᠷ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠮᠠᠰᠢ ᠴᠢᠬᠤᠯᠠ ᠪᠤᠯᠵᠤ ᠪᠠᠶᠢᠨ᠎ᠠ᠃ ᠰᠢᠨ᠎ᠡ ᠨᠢᠬᠡᠨ ᠡᠬᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ  ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠬᠡᠷᠡᠭᠵᠢᠬᠦᠯᠬᠦ ᠨᠢ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠥᠷᠪᠡᠳᠦᠬᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠬᠤ ᠵᠢᠴᠢ ᠨᠠᠮ  ᠤᠨ ᠲᠥᠪ ᠬᠤᠷᠢᠶ᠎ᠠ ᠶᠢᠨ ︽ᠲᠠᠪᠤ ᠶᠢ ᠴᠤᠭᠴᠠᠵᠢᠭᠤᠯᠬᠤ︾ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ᠂ ᠤᠯᠤᠰ ᠤᠨ ᠠᠮᠢ ᠠᠬᠤᠢ ᠶᠢᠨ ᠠᠶᠤᠯᠬᠦᠢ ᠶᠢᠨ ᠪᠠᠲᠤᠯᠠᠭ᠎ᠠ᠂ ᠮᠠᠯᠵᠢᠬᠤ ᠤᠷᠤᠨ ᠤ ᠦᠷᠬᠦᠯᠵᠢᠯᠡᠭᠰᠡᠨ ᠬᠥᠭᠵᠢᠯᠲᠡ  ᠶᠢ ᠪᠡᠶᠡᠯᠡᠬᠦᠯᠬᠦ ᠴᠢᠬᠤᠯᠠ ᠶᠡᠭᠡ ᠤᠯᠤᠰ ᠲᠥᠷᠦ ᠶᠢᠨ ᠡᠬᠦᠷᠭᠡ ᠪᠤᠯᠬᠤ ᠤᠴᠢᠷ ᠠᠴᠠ ᠴᠢᠩᠭ᠎ᠠ ᠰᠠᠶᠢᠲᠤᠷ ᠠᠳᠬᠤᠵᠤ ᠂ ᠪᠤᠳᠠᠳᠠᠢ ᠨᠠᠷᠢᠯᠢᠭ ᠠᠳᠬᠤᠵᠤ᠂ ᠦᠷ᠎ᠡ ᠪᠦᠲᠦᠮᠵᠢ ᠭᠠᠷᠭᠠᠨ ᠥᠷᠭᠡᠨ ᠣᠯᠠᠨ ᠮᠠᠯᠴᠢᠨ ᠲᠠᠷᠢᠶᠠᠴᠢᠳ ᠲᠤ ᠦᠨᠡᠨᠬᠦ ᠪᠤᠳᠠᠳᠣ ᠬᠠᠷᠠᠭᠠᠯᠵᠠᠯ ᠬᠦᠷᠳᠡᠭᠡᠵᠤ ᠦᠨᠡᠨᠬᠦ ᠬᠠᠨᠤᠮᠵᠢᠲᠠᠢ ᠪᠠᠶᠢᠯᠭᠠᠨ᠎ᠠ᠃ ᠰᠢᠨ᠎ᠡ ᠨᠢᠬᠡᠨ ᠡᠬᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠬᠡᠷᠡᠭᠵᠢᠬᠦᠯᠬᠦ ᠨᠢ ᠶᠠᠳᠠᠭᠤ ᠠᠴᠠ ᠠᠩᠬᠢᠵᠢᠷᠠᠭᠤᠯᠤᠨ ᠪᠠᠬᠢᠯᠡᠯᠲᠡ ᠳᠠᠭᠠᠷᠢᠬᠤ ᠳᠠᠶᠢᠯᠠᠯᠳᠤᠭᠠᠨ ᠳᠤ ᠢᠯᠠᠯᠲᠠ ᠤᠯᠬᠤ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠬᠦᠴᠦᠲᠠᠢ ᠳᠡᠮᠵᠢᠯᠭᠡ ᠪᠠᠶᠢᠵᠣ᠂ ᠦᠷᠬᠦᠯᠵᠢᠯᠡᠨ ᠮᠠᠯᠴᠢᠨ ᠲᠠᠷᠢᠶᠠᠴᠢᠳ ᠲᠤ ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ ᠢᠶᠠᠨ ᠣᠶᠢᠯᠠᠭᠠᠭᠤᠯᠣᠨ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠠᠯᠬᠤᠴᠠ ᠶᠢ ᠲᠦᠷᠭᠡᠳᠭᠡᠬᠦ ᠪᠠᠷ ᠪᠠᠷᠠᠬᠤ ᠦᠭᠡᠢ ᠪᠠᠰᠠ ᠦᠨᠳᠦᠰᠦᠨ ᠱᠠᠲᠤᠨ ᠤ ᠺᠠᠳ᠋ᠷ ᠲᠤ ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠢ ᠵᠣᠬᠢᠶᠠᠨ ᠪᠠᠶᠢᠭᠤᠯᠬᠤ ᠪᠠ ᠤᠷᠢᠶᠠᠯᠠᠬᠤ ᠳᠤ ᠬᠦᠴᠦᠨ ᠪᠦᠬᠦᠢ ᠭᠠᠷᠳᠠᠴᠠ ᠴᠡᠭ ᠬᠠᠩᠭᠠᠵᠣ᠂ ᠨᠠᠮ ᠪᠠ ᠠᠷᠠᠳ ᠲᠦᠮᠡᠨ᠂ ᠺᠠᠳ᠋ᠷ ᠪᠠ ᠠᠷᠠᠳ ᠲᠦᠮᠡᠨ ᠤ ᠬᠠᠷᠢᠴᠠᠭ᠎ᠠ ᠶᠢ ᠰᠠᠶᠢᠵᠢᠷᠠᠭᠤᠯᠬᠤ᠂ ᠦᠨᠳᠦᠰᠦᠲᠡᠨ ᠤ ᠪᠦᠯᠬᠦᠮᠳᠡᠯ ᠪᠠ ᠠᠮᠤᠷ ᠲᠤᠭᠳᠠᠭᠤᠨ ᠢ ᠬᠠᠮᠠᠭᠠᠯᠠᠬᠤ ᠳᠤ ᠠᠰᠢᠭᠲᠠᠢ ᠶᠤᠮ᠃ ᠬᠤᠲᠠ ᠬᠦᠳᠡᠭᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠶᠠᠳᠠᠭᠤ  ᠠᠴᠠ ᠠᠩᠬᠢᠵᠢᠷᠠᠭᠤᠯᠤᠨ ᠪᠠᠬᠢᠯᠡᠯᠲᠡ ᠳᠠᠭᠠᠷᠢᠬᠤ ᠳᠠᠶᠢᠯᠠᠯᠳᠤᠭᠠᠨ ᠪᠠ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠦᠨᠳᠦᠷᠴᠡ ᠠᠴᠠ ᠰᠢᠨ᠎ᠡ ᠨᠢᠬᠡᠨ ᠡᠬᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠭᠡᠷᠡᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠢ ᠬᠦᠢᠴᠡᠳ ᠲᠠᠨᠢᠬᠤ ᠭᠡᠷᠡᠭᠲᠠᠢ᠃ ᠰᠢᠨ᠎ᠡ ᠨᠢᠬᠡᠨ ᠡᠬᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠬᠡᠷᠡᠭᠵᠢᠬᠦᠯᠬᠦ ᠨᠢ ᠠᠩᠬᠠᠳᠤᠭᠠᠷ ᠬᠤᠭᠤᠴᠠᠭᠠᠨ ᠤ ᠦᠷ᠎ᠡ ᠪᠦᠲᠦᠬᠡᠯ ᠢ ᠪᠠᠬᠢᠵᠢᠬᠦᠯᠬᠦ ᠪᠠ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠲᠤᠯᠭᠠᠮ᠎ᠠ ᠱᠠᠭᠠᠷᠳᠠᠯᠭ᠎ᠠ ᠪᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠢ  ᠶᠢᠨ ᠰᠢᠰᠲ᠋ᠧᠮ ᠡᠪᠳᠡᠭᠳᠡᠬᠦ ᠳᠤ ᠬᠦᠷᠪᠡᠯ ᠳᠠᠬᠢᠨ ᠰᠡᠷᠭᠦᠭᠡᠬᠦ ᠳᠤ ᠮᠠᠰᠢ  ᠤᠷᠳᠤ ᠤᠳᠠᠭᠠᠨ ᠬᠤᠭᠤᠴᠠᠭ᠎ᠠ ᠶᠢ ᠵᠠᠷᠤᠴᠠᠭᠤᠯᠬᠤ ᠪᠤᠯᠤᠨ᠎ᠠ᠃ ᠤᠳᠤᠬᠠᠨ ᠳᠤ᠂ ᠪᠦᠬᠦ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠢ ᠬᠠᠷᠢᠴᠠᠩᠭᠤᠢ ᠬᠡᠪᠡᠷᠡᠭ ᠪᠠᠶᠢᠬᠤ ᠶᠡᠷᠦᠩᠬᠡᠢ ᠪᠠᠶᠢᠳᠠᠯ ᠪᠦᠷᠢᠮᠤᠰᠤᠨ‌ᠦᠬᠡᠷᠡᠴᠢᠯᠡᠭᠳᠡᠭᠡ ᠦᠬᠡᠢ ᠪᠠᠶᠢᠭᠰᠠᠭᠠᠷ᠂ ᠪᠦᠬᠦᠶᠢᠯᠡ ᠴᠤᠭᠴᠠ ᠶᠢᠨ ᠬᠥᠭᠵᠢᠯᠲᠡ ᠶᠢᠨ ᠪᠠᠶᠢᠳᠠᠯ ᠳᠤ ᠪᠠᠰᠠ ᠨᠡᠯᠢᠶᠡᠳ ᠤᠯᠠᠨ ᠳᠤᠭᠲᠠᠩᠭᠤᠢ ᠪᠤᠰᠤ ᠬᠦᠴᠦᠨ ᠵᠦᠢᠯ ᠤᠷᠤᠰᠢᠵᠤ᠂ ᠠᠮᠢ ᠠᠬᠤᠢ ᠶᠢᠨ ᠰᠡᠷᠬᠦᠬᠡᠯᠲᠡ ᠪᠠ ᠬᠠᠮᠠᠭᠠᠯᠠᠯᠲᠠ ᠶᠢᠨ ᠡᠬᠦᠷᠭᠡ ᠪᠠᠰᠠ ᠮᠠᠰᠢ ᠬᠦᠨᠳᠦ ᠪᠠᠶᠢᠨ᠎ᠠ ᠃ ᠰᠢᠨ᠎ᠡ ᠨᠢᠬᠡᠨ ᠡᠬᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ  ᠤᠨ ᠲᠥᠷᠦ ᠶᠢᠨ ᠪᠤᠳᠤᠯᠭ᠎ᠠ ᠶᠢ ᠡᠬᠢᠯᠡᠬᠦᠯᠬᠦ ᠨᠢ ᠮᠠᠯᠴᠢᠳ ᠤᠨ ᠠᠮᠢ ᠠᠬᠤᠢ ᠪᠠᠨ ᠬᠠᠮᠠᠭᠠᠯᠠᠬᠤ ᠦᠵᠡᠯ ᠤᠬᠠᠮᠰᠠᠷ ᠢ ᠴᠢᠨᠠᠭᠰᠢᠳᠠ ᠳᠡᠭᠡᠭᠰᠢᠯᠡᠬᠦᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠬᠦᠯᠵᠤ ᠳᠡᠰ ᠳᠡᠪᠰᠢᠬᠦᠯᠬᠦ ᠶᠢ ᠠᠬᠢᠭᠤᠯᠣᠨ ᠠᠩᠬᠠᠳᠤᠭᠠᠷ ᠬᠤᠭᠤᠴᠠᠭᠠᠨ ᠤ ᠲᠥᠷᠦ ᠶᠢᠨ ᠪᠤᠳᠤᠯᠭ᠎ᠠ ᠶᠢᠨ ᠦᠷ᠎ᠡ ᠪᠦᠲᠦᠬᠡᠯ ᠢ ᠪᠠᠬᠢᠵᠢᠬᠦᠯᠵᠤ᠂ ᠮᠠᠯᠵᠢᠬᠤ ᠤᠷᠤᠨ ᠤ ᠠᠵᠤ ᠠᠬᠤᠢ ᠨᠡᠶᠢᠬᠡᠮ ᠤᠨ ᠬᠥᠭᠵᠢᠯᠲᠡ ᠶᠢ ᠲᠦᠷᠭᠡᠳᠭᠡᠬᠦ ᠳᠤ ᠲᠦᠢᠯ ᠤᠨ ᠴᠢᠬᠤᠯᠠ ᠶᠤᠮ᠃    ᠳᠥᠷᠪᠡ᠂ ᠶᠡᠷᠦᠩᠬᠡᠢ ᠰᠡᠳᠬᠢᠴᠡ᠂ ᠦᠨᠳᠦᠰᠦᠨ ᠵᠠᠷᠴᠢᠮ ᠪᠠ ᠶᠡᠷᠦᠩᠬᠡᠢ ᠬᠠᠷᠠᠯᠲᠠ    ︵ ᠨᠢᠭᠡ︶ ᠶᠡᠷᠦᠩᠬᠡᠢ ᠰᠡᠳᠬᠢᠴᠡ᠃ ᠰᠢ ᠶᠢᠨ ᠫᠢᠩ ᠶᠡᠷᠦᠩᠬᠡᠢ ᠱᠦᠵᠢ ᠶᠢᠨ ᠥᠪᠦᠷ ᠮᠤᠩᠭᠤᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠬᠡᠢ ᠲᠣᠣᠱᠯᠠᠭᠤᠯᠵᠤ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠤᠯᠭᠠᠵᠤ᠂ ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠭᠡᠭᠡᠯᠲᠡ ᠲᠠᠢ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠤᠨᠤᠯᠵᠢᠭᠤᠨ ᠢ ᠪᠠᠲᠤ ᠪᠠᠬᠢ ᠪᠤᠢ ᠪᠤᠯᠭᠠᠵᠤ᠂ ︽ᠭᠤᠷᠪᠠ ᠶᠢ ᠪᠠᠲᠤᠯᠠᠨ ᠨᠢᠭᠡ ᠶᠢ ᠲᠡᠭᠦᠯᠳᠡᠷᠵᠢᠬᠦᠯᠬᠦ︾ ᠶᠤᠰᠤᠭᠠᠷ ᠲᠠᠷᠤᠢ ᠠᠮᠢ ᠠᠬᠤᠢ᠂ ᠠᠮᠤᠷ ᠳᠤᠭᠲᠠᠭᠤᠨ᠂ ᠬᠠᠩᠭᠠᠯᠭ᠎ᠠ ᠶᠢ ᠪᠠᠲᠤᠯᠠᠬᠤ᠂ ᠬᠠᠮᠢᠶ᠎ᠠ ᠪᠦᠬᠦᠢ ᠳᠥᠷᠢᠮ ᠢ ᠲᠡᠬᠦᠯᠳᠡᠷᠵᠢᠬᠦᠯᠬᠦ ᠶᠡᠷᠦᠩᠬᠡᠢ ᠱᠠᠭᠠᠷᠳᠠᠯᠭ᠎ᠠ ᠪᠠᠶᠢᠵᠣ᠂ ᠠᠮᠢ ᠠᠬᠤᠢ ᠶᠢ ᠰᠡᠷᠬᠦᠬᠡᠬᠦ ᠪᠠ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠶᠢ ᠦᠨᠳᠦᠰᠦᠨ ᠠᠷᠭ᠎ᠠ ᠪᠤᠳᠤᠯᠭ᠎ᠠ ᠪᠤᠯᠭᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠪᠦᠲᠦᠬᠡᠨ ᠪᠠᠶᠢᠭᠤᠯᠤᠯᠲᠠ ᠶᠢ ᠬᠠᠮᠲᠤ ᠳᠤᠨᠢ ᠴᠢᠬᠤᠯᠠᠴᠢᠯᠠᠨ᠂ ᠠᠮᠢ ᠠᠬᠤᠢ ᠶᠢᠨ ᠰᠡᠷᠬᠦᠯᠲᠡ ᠶᠢ ᠠᠵᠤ ᠦᠢᠯᠡᠰ ᠢ ᠬᠥᠭᠵᠢᠬᠦᠯᠬᠦ ᠲᠠᠢ  ᠬᠠᠮᠲᠤᠪᠠᠷ ᠶᠠᠪᠤᠭᠳᠠᠭᠤᠯᠵᠤ᠂ ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠤᠷᠤᠯᠭ᠎ᠠ ᠶᠢ ᠨᠡᠮᠡᠭᠳᠡᠬᠦᠯᠬᠦ ᠲᠠᠢ ᠤᠶᠠᠯᠳᠤᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠶᠢᠨ ᠦᠷ᠎ᠡ ᠪᠦᠲᠦᠮᠵᠢ ᠶᠢ ᠦᠷᠬᠦᠯᠵᠢᠯᠡᠨ ᠪᠠᠬᠢᠵᠢᠬᠦᠯᠦᠭᠰᠡᠨ ᠰᠠᠭᠤᠷᠢᠨ ᠳᠡᠭᠡᠷ᠎ᠡ ᠨᠤᠲᠤᠭ ᠪᠡᠯᠴᠢᠭᠡᠷ ᠤᠨ ᠠᠮᠢ ᠠᠬᠤᠢ  ᠶᠢᠨ ᠦᠷᠬᠦᠯᠵᠢᠯᠡᠨ ᠰᠠᠶᠢᠨ ᠢᠶᠠᠷ ᠬᠥᠭᠵᠢᠬᠦ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠤᠷᠴᠢᠨ ᠲᠣᠭᠤᠷᠢᠨ ᠤ ᠶᠠᠰᠣ ᠴᠢᠨᠠᠷ ᠢ ᠳᠡᠭᠡᠭᠰᠢᠯᠡᠬᠦᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠠᠷᠪᠢᠯᠠᠨ ᠦᠨᠳᠦᠷ ᠪᠦᠲᠦᠮᠵᠢᠲᠠᠢ ᠠᠰᠢᠭᠯᠠᠬᠤ ᠶᠢ ᠠᠬᠢᠭᠤᠯᠤᠨ᠎ᠠ᠃    ︵ ᠬᠤᠶᠠᠷ︶ ᠦᠨᠳᠦᠰᠦᠨ ᠵᠠᠷᠴᠢᠮ    —— ᠠᠮᠢ ᠠᠬᠤᠢ ᠶᠢᠨ ᠬᠠᠮᠠᠭᠠᠯᠠᠯᠳᠠ ᠶᠢ ᠪᠠᠷᠢᠮᠲᠠᠯᠠᠵᠤ᠂ ᠪᠤᠬᠢᠷᠳᠤᠯ ᠦᠬᠡᠢ ᠪᠠᠷ ᠬᠥᠭᠵᠢᠬᠦᠯᠬᠦ ᠵᠠᠷᠴᠢᠮ᠃ ︽ᠦᠢᠯᠡᠳᠪᠦᠷᠢᠯᠡᠯ ᠪᠠ ᠠᠮᠢ ᠠᠬᠤᠢ ᠶᠢ ᠤᠷᠭᠠᠨᠢᠭ ᠢᠶᠠᠷ ᠤᠶᠠᠯᠳᠤᠭᠤᠯᠵᠤ᠂ ᠠᠮᠢ ᠠᠬᠤᠢ ᠶᠢ ᠤᠷᠢᠳᠠᠪᠠᠷ ᠬᠥᠭᠵᠢᠬᠦᠯᠬᠦ︾ ᠦᠨᠳᠦᠰᠦᠨ ᠴᠢᠭᠯᠡᠯᠲᠡ ᠶᠢ ᠪᠠᠷᠢᠮᠳᠠᠯᠠᠨ ᠨᠤᠲᠤᠭ ᠪᠡᠯᠴᠢᠭᠡᠷ ᠤᠨ ᠡᠯ᠎ᠡ ᠵᠦᠢᠯ ᠤᠨ ᠬᠠᠮᠠᠭᠠᠯᠠᠯᠲᠠ  ᠶᠢᠨ ᠳᠥᠷᠢᠮ ᠤᠨ ᠨᠠᠶᠢᠲᠠᠪᠤᠷᠢᠵᠢᠭᠤᠯᠤᠯᠲᠠ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ  ᠤᠷᠴᠢᠨ ᠲᠣᠭᠤᠷᠢᠨ ᠢ ᠬᠠᠮᠠᠭᠠᠯᠠᠨ ᠰᠡᠷᠭᠦᠬᠡᠵᠤ᠂ ᠮᠠᠯᠵᠢᠬᠤ ᠤᠷᠤᠨ ᠤ ᠠᠵᠤ ᠠᠬᠤᠢ ᠨᠡᠶᠢᠬᠡᠮ ᠤᠨ ᠦᠷᠬᠦᠯᠵᠢᠯᠡᠭᠰᠡᠨ ᠬᠥᠭᠵᠢᠯᠲᠡ ᠶᠢᠨ ᠰᠠᠭᠤᠷᠢ ᠶᠢ ᠪᠠᠬᠢᠵᠢᠬᠦᠯᠦᠨ᠎ᠠ᠃    — ᠡᠷᠬᠡ ᠬᠠᠷᠢᠭᠤᠴᠠᠯᠭ᠎ᠠ ᠳᠤᠲᠤᠷᠬᠠᠢ ᠪᠠᠶᠢᠬᠤ ᠶᠢ ᠪᠠᠷᠢᠮᠲᠠᠯᠠᠵᠤ᠂ ᠱᠠᠲᠤᠨ ᠬᠤᠪᠢᠶᠠᠨ ᠨᠠᠶᠢᠲᠠᠪᠤᠷᠢᠵᠢᠭᠤᠯᠬᠤ ᠵᠠᠷᠴᠢᠮ᠃ ᠡᠬᠦᠷᠭᠡ᠂ ᠪᠡᠯᠡ ᠮᠥᠩᠬᠦ᠂ ᠬᠠᠷᠠᠯᠲᠠ᠂ ᠬᠠᠷᠢᠭᠤᠴᠠᠯᠭ᠎ᠠ᠂ ᠠᠷᠭ᠎ᠠ ᠵᠡᠷᠭᠡ ᠲᠠᠪᠤ  ᠶᠢ ᠬᠤᠰᠢᠭᠤ ᠲᠣᠭᠤᠷᠢᠭ ᠲᠤ ᠬᠦᠷᠭᠡᠬᠦ ᠶᠢ ᠪᠠᠷᠢᠮᠲᠠᠯᠠᠵᠤ᠂ ᠬᠤᠰᠢᠭᠤ ᠲᠣᠭᠤᠷᠢᠭ ᠪᠤᠯ ᠲᠥᠷᠦ ᠶᠢᠨ ᠪᠤᠳᠤᠯᠭ᠎ᠠ ᠶᠢᠨ ᠨᠠᠶᠢᠲᠠᠪᠤᠷᠢᠵᠢᠭᠤᠯᠤᠯᠲᠠ ᠪᠠ ᠬᠠᠷᠢᠭᠤᠴᠠᠯᠭ᠎ᠠ ᠶᠢᠨ ᠭᠤᠣᠯ ᠴᠤᠭᠴᠠ ᠪᠤᠯᠬᠤ ᠶᠢ ᠳᠤᠲᠤᠷᠬᠠᠶᠢᠯᠠᠵᠤ᠂ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠢ ᠱᠠᠲᠤ ᠱᠠᠲᠤ ᠪᠠᠷ ᠳᠤᠭᠲᠠᠭᠠᠵᠤ᠂ ᠡᠬᠦᠷᠭᠡ ᠶᠢᠨ ᠬᠦᠢᠴᠡᠳᠭᠡᠯ ᠲᠤᠭ᠎ᠠ ᠶᠢ ᠵᠠᠳᠠᠯᠵᠤ ᠂ ᠲᠥᠷᠦ ᠶᠢᠨ ᠪᠤᠳᠤᠯᠭ᠎ᠠ ᠶᠢᠨ ᠨᠠᠶᠢᠲᠠᠪᠤᠷᠢᠵᠢᠭᠤᠯᠤᠯᠲᠠ ᠶᠢᠨ ᠳᠤᠭᠲᠠᠴᠠ ᠶᠢ ᠲᠡᠬᠦᠯᠳᠡᠷᠵᠢᠬᠦᠯᠵᠤ᠂ ᠪᠡᠯᠡ ᠮᠥᠩᠬᠦᠨ ᠤ ᠬᠠᠮᠢᠶᠠᠷᠤᠯᠲᠠ ᠪᠠ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠡᠬᠦᠷᠭᠡ ᠶᠢᠨ ᠪᠡᠯᠡ ᠮᠥᠩᠬᠦ ᠶᠢ ᠨᠠᠶᠢᠲᠠᠪᠤᠷᠢᠵᠢᠭᠤᠯᠤᠨ ᠤᠷᠤᠨᠵᠢᠭᠤᠯᠬᠤ ᠶᠢ ᠪᠠᠲᠤᠯᠠᠨ᠎ᠠ᠃    — ᠲᠥᠷᠦ ᠶᠢᠨ ᠪᠤᠳᠤᠯᠭ᠎ᠠ ᠶᠢ ᠳᠤᠭᠲᠠᠪᠤᠷᠢᠲᠠᠢ ᠪᠠᠶᠢᠯᠭᠠᠬᠤ ᠶᠢ ᠪᠠᠷᠢᠮᠲᠠᠯᠠᠵᠤ᠂ ᠦᠷᠬᠦᠯᠵᠢᠯᠡᠨ ᠠᠬᠢᠭᠤᠯᠬᠤ ᠵᠠᠷᠴᠢᠮ᠃ ᠠᠩᠬᠠᠳᠤᠭᠠᠷ ᠬᠤᠭᠤᠴᠠᠭᠠᠨ ᠤ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢᠨ ᠨᠡᠶᠢᠳᠠᠮᠵᠢᠬᠦᠯᠥᠯᠳᠠ ᠶᠢ ᠦᠨᠳᠤᠰᠤᠨ ᠳᠡᠭᠡᠨ ᠲᠤᠭᠳᠠᠭᠤᠨ ᠪᠠᠶᠢᠯᠭᠠᠬᠤ ᠶᠢ ᠪᠠᠲᠤᠯᠠᠵᠤ᠂ ᠲᠥᠷᠦ ᠶᠢᠨ ᠪᠤᠳᠤᠯᠭ᠎ᠠ  ᠶᠢᠨ ᠳᠡᠮᠵᠢᠯᠭᠡ ᠶᠢᠨ ᠡᠷᠴᠢᠮ ᠢ ᠪᠠᠭᠤᠷᠠᠭᠤᠯᠬᠤ ᠦᠬᠡᠢ᠂ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠪᠠᠭᠤᠷᠠᠭᠤᠯᠬᠤ ᠦᠬᠡᠢ ᠪᠠᠶᠢᠵᠤ ᠰᠢᠨ᠎ᠡ ᠨᠢᠬᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠤᠳᠤᠯᠭ᠎ᠠ ᠶᠢ ᠦᠷᠬᠦᠯᠵᠢᠯᠡᠨ ᠳᠤᠭᠲᠠᠪᠤᠷᠢᠲᠢ ᠬᠡᠷᠡᠭᠵᠢᠬᠦᠯᠬᠦ ᠶᠢ ᠪᠠᠲᠤᠯᠠᠨ᠎ᠠ᠃    — ᠢᠯᠡ ᠳᠣᠲᠤᠷᠬᠠᠢ ᠪᠠᠶᠢᠬᠤ ᠶᠢ ᠪᠠᠷᠢᠮᠲᠠᠯᠠᠵᠤ᠂ ᠨᠦᠬᠦᠪᠦᠷᠢ ᠱᠠᠩᠨᠠᠯ ᠢ ᠡᠷᠦᠬᠡ ᠳᠤ ᠬᠦᠷᠭᠡᠬᠦ ᠵᠠᠷᠴᠢᠮ᠃ ᠲᠥᠷᠦ ᠶᠢᠨ ᠪᠤᠳᠤᠯᠭ᠎ᠠ ᠶᠢ ᠬᠡᠷᠡᠭᠵᠢᠬᠦᠯᠬᠦ ᠪᠦᠬᠦ ᠶᠠᠪᠤᠴᠠ ᠶᠢ ᠢᠯᠡ ᠪᠠᠶᠢᠯᠭᠠᠬᠤ ᠶᠢ ᠪᠠᠷᠢᠮᠲᠠᠯᠠᠵᠤ ᠡᠬᠦᠷᠭᠡ ᠶᠢ ᠨᠠᠶᠢᠲᠠᠪᠤᠷᠢᠵᠢᠭᠤᠯᠬᠤ᠂ ᠪᠡᠯᠡ ᠮᠥᠩᠬᠦ ᠲᠠᠷᠬᠠᠭᠠᠬᠤ᠂ ᠳᠠᠩᠰᠠ ᠪᠠᠶᠢᠭᠤᠯᠤᠨ ᠺᠠᠷᠲ ᠭᠠᠷᠭᠠᠬᠤ᠂ ᠦᠢᠯᠡᠴᠢᠯᠡᠨ ᠵᠢᠯᠤᠭᠤᠳᠬᠤ᠂ ᠬᠢᠨᠠᠨ ᠬᠠᠮᠢᠶᠠᠷᠬᠤ ᠵᠡᠷᠬᠡ ᠲᠠᠪᠤ ᠶᠢ ᠡᠷᠦᠬᠡ ᠳᠤ ᠨᠠᠶᠢᠲᠠᠪᠤᠷᠢᠵᠢᠭᠤᠯᠵᠣ ︵ᠲᠥᠷᠦᠯ ᠵᠦᠢᠯ ᠤᠨ ᠨᠢᠭᠡᠴᠢ︶᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠶᠢᠨ ᠪᠡᠯᠡ ᠮᠥᠩᠬᠦ  ᠶᠢᠨ ᠭᠠᠴᠠᠭ᠎ᠠ ᠲᠤᠰᠬᠤᠨ ᠤ ᠱᠠᠲᠤᠨ ᠳᠤ ᠨᠡᠶᠢᠲᠡᠯᠡᠬᠦ ᠳᠥᠷᠢᠮ ᠢ ᠲᠡᠷᠡ ᠶᠤᠰᠤᠭᠠᠷ ᠨᠢ ᠭᠡᠷᠡᠭᠵᠢᠬᠦᠯᠵᠤ᠂ ᠢᠯᠡ ᠳᠤᠲᠤᠷᠬᠠᠢ᠂ ᠲᠥᠪ ᠭᠤᠣᠯᠴᠢ ᠪᠠᠶᠢᠬᠤ ᠶᠢ ᠪᠡᠶᠡᠯᠡᠬᠦᠯᠵᠤ᠂ ᠲᠥᠷᠦ ᠶᠢᠨ ᠪᠤᠳᠤᠯᠭ᠎ᠠ ᠶᠢ ᠢᠯᠡ ᠬᠡᠷᠡᠭᠵᠢᠬᠦᠯᠦᠨ᠎ᠡ᠃    — ᠭᠠᠵᠠᠷ ᠤᠷᠤᠨ ᠳᠤᠨᠢ ᠳᠣᠬᠢᠷᠠᠭᠤᠯᠬᠤ ᠶᠢ ᠪᠠᠷᠢᠮᠲᠠᠯᠠᠵᠤ ᠦᠨᠡᠨ ᠪᠤᠳᠠᠲᠠᠢ ᠶᠢ ᠡᠷᠬᠢᠮᠯᠡᠬᠦ ᠵᠠᠷᠴᠢᠮ᠃ ᠲᠥᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠳᠣᠬᠠᠢ ᠶᠢᠨ ᠭᠠᠵᠠᠷ ᠤᠨ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠪᠤᠰᠤᠳᠴᠢ ᠪᠤᠲᠠᠳᠤ ᠪᠠᠶᠢᠳᠠᠯ ᠢ ᠬᠦᠨᠳᠤᠳᠭᠡᠵᠤ᠂ ᠪᠡᠯᠴᠢᠬᠡᠷᠯᠡᠬᠦᠯᠬᠦ ᠶᠢ ᠬᠤᠷᠢᠭᠯᠠᠬᠤ ᠪᠠ ᠪᠡᠯᠴᠢᠭᠡᠷ ᠮᠠᠯ ᠢ ᠲᠡᠩᠴᠡᠬᠦᠷᠢᠲᠠᠢ ᠪᠠᠶᠢᠯᠭᠠᠬᠤ ᠣᠷᠣᠨ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠳᠤᠭᠲᠠᠭᠠᠵᠤ᠂ ᠲᠥᠷᠦᠯ ᠬᠤᠪᠢᠶᠠᠨ ᠵᠢᠯᠤᠭᠤᠳᠴᠣ᠂ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠶᠤᠰᠤ ᠪᠠᠷᠢᠮᠳᠠ ᠲᠠᠢ ᠳᠤᠭᠲᠠᠭᠠᠨ᠎ᠠ᠃    — ᠲᠥᠷᠦ ᠶᠢᠨ ᠪᠤᠳᠤᠯᠭ᠎ᠠ ᠶᠢᠨ ᠨᠠᠶᠢᠲᠠᠪᠤᠷᠢᠵᠢᠭᠤᠯᠤᠯᠲᠠ ᠪᠠ ᠥᠭᠡᠷᠡᠴᠢᠯᠡᠯᠲᠡ ᠶᠢ ᠬᠦᠨᠵᠡᠭᠡᠶᠢᠷᠡᠬᠦᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠯᠤᠭ᠎ᠠ ᠤᠶᠠᠯᠳᠤᠭᠤᠯᠬᠤ ᠵᠠᠷᠴᠢᠮ᠃ ᠮᠠᠯᠵᠢᠬᠤ ᠤᠷᠤᠨ ᠤ ᠦᠬᠡᠷᠡᠴᠢᠯᠡᠯᠲᠡ ᠶᠢ ᠴᠢᠨᠠᠭᠰᠢᠳᠠ ᠬᠦᠨᠵᠡᠬᠡᠶᠢᠷᠡᠬᠦᠯᠵᠤ᠂ ᠨᠤᠲᠤᠭ ᠪᠡᠯᠴᠢᠭᠡᠷ ᠤᠨ ᠡᠷᠬᠡ ᠳᠤᠭᠲᠠᠭᠠᠨ ᠳᠠᠭᠠᠭᠠᠴᠢᠯᠠᠬᠤ ᠠᠵᠢᠯ ᠢ ᠲᠦᠷᠭᠡᠳᠭᠡᠨ ᠠᠬᠢᠭᠤᠯᠵᠤ᠂ ᠨᠤᠲᠤᠭ ᠪᠡᠯᠴᠢᠭᠡᠷ ᠤᠨ ᠡᠷᠬᠡ ᠳᠤᠭᠲᠠᠭᠠᠨ ᠲᠠᠭᠠᠭᠠᠴᠢᠯᠠᠬᠤ ᠦᠷ᠎ᠡ ᠪᠦᠲᠦᠬᠡᠯ ᠢ ᠬᠦᠢᠴᠡᠳ ᠠᠰᠢᠭᠯᠠᠨ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠰᠠᠭᠤᠷᠢ ᠲᠥᠬᠦᠬᠡᠷᠦᠮᠵᠢ ᠶᠢᠨ ᠪᠦᠲᠦᠬᠡᠨ ᠪᠠᠶᠢᠭᠤᠯᠤᠯᠲᠠ ᠶᠢᠨ ᠤᠷᠤᠭᠤᠯᠤᠯᠲᠠ ᠶᠢ ᠨᠡᠮᠡᠭᠳᠡᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠠᠵᠤ ᠦᠢᠯᠡᠰᠵᠢᠭᠰᠡᠨ ᠡᠵᠡᠩᠨᠡᠯᠲᠡ ᠶᠢ ᠯᠠᠪᠳᠠᠭᠤᠨ ᠠᠬᠢᠭᠤᠯᠵᠤ᠂ ᠨᠡᠶᠢᠬᠡᠮ ᠵᠢᠷᠤᠮ ᠤᠨ ᠰᠢᠨ᠎ᠡ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃    — ᠨᠥᠬᠦᠪᠦᠷᠢ ᠪᠡᠯᠡ ᠮᠥᠩᠬᠦ ᠶᠢ ︽ᠪᠦᠬᠦᠨ ᠳᠤ ᠨᠠᠪᠳᠠᠷᠠᠬᠦ ᠺᠠᠷᠲ︾  ᠢᠶᠠᠷ ᠤᠯᠭᠤᠬᠤ ᠶᠢ ᠪᠠᠷᠢᠮᠲᠠᠯᠠᠬᠤ ᠵᠠᠷᠴᠢᠮ᠃ ᠪᠦᠬᠦ ᠨᠥᠬᠦᠪᠦᠷᠢ ᠪᠡᠯᠡ ᠮᠥᠩᠬᠦ ᠶᠢ ᠡᠷᠬᠡᠪᠰᠢ ᠮᠠᠯᠴᠢᠨ ᠲᠠᠷᠢᠶᠠᠴᠢᠳ ᠤᠨ ︽ᠪᠦᠬᠦᠨ ᠳᠤ ᠨᠡᠪᠳᠠᠷᠠᠬᠦ ᠺᠠᠷᠲ︾ ᠢᠶᠠᠷ ᠴᠠᠭ ᠲᠤᠬᠠᠢ ᠳᠤᠨᠢ ᠮᠠᠯᠴᠢᠳ ᠲᠤ  ᠤᠯᠭᠤᠨ᠎ᠠ᠃    ︵ᠭᠤᠷᠪᠠ︶ ᠶᠡᠷᠦᠩᠬᠡᠢ ᠬᠠᠷᠠᠯᠳᠠ᠃ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠠᠷ ᠲᠠᠮᠵᠢᠨ ᠪᠡᠯᠴᠢᠬᠡᠷᠯᠡᠭᠦᠯᠬᠦ ᠶᠢ ᠬᠤᠷᠢᠭᠯᠠᠬᠤ᠂ ᠪᠡᠯᠴᠢᠬᠡᠷ ᠮᠠᠯ  ᠢ ᠲᠡᠩᠴᠡᠭᠦᠷᠢᠲᠠᠢ ᠪᠠᠶᠢᠯᠭᠠᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶᠡᠷᠡᠵᠤ ᠲᠠᠭᠠᠭᠠᠴᠢᠯᠠᠬᠤ ᠪᠠ ᠦᠨᠳᠦᠰᠦᠨ ᠨᠤᠳᠤᠭ ᠪᠡᠯᠴᠢᠬᠡᠷ ᠢ ᠢᠯᠭᠠᠨ ᠲᠤᠭᠳᠠᠭᠠᠬᠤ ᠠᠵᠢᠯ ᠢ ᠲᠡᠭᠦᠯᠳᠡᠷᠵᠢᠭᠦᠯᠵᠤ᠂ ᠨᠤᠳᠤᠭ ᠪᠡᠯᠴᠢᠬᠡᠷ ᠢ ᠬᠠᠤᠯᠢ ᠶᠤᠰᠤᠭᠠᠷ ᠬᠠᠮᠠᠭᠠᠯᠠᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠡᠭᠦᠯᠴᠢ ᠪᠣᠯᠬᠤ ᠳᠤ ᠪᠦᠬᠦ ᠬᠤᠳᠠ ᠶᠢᠨ ᠨᠤᠳᠤᠭ ᠪᠡᠯᠴᠢᠬᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠯᠳᠡ ᠶᠢ ᠦᠷᠭᠦᠯᠵᠢᠯᠡᠨ 50% ᠠᠴᠠ ᠲᠡᠭᠡᠭᠰᠢ ᠪᠠᠶᠢᠯᠭᠠᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠤᠷᠴᠢᠨ ᠲᠤᠭᠤᠷᠢᠨ ᠢ ᠢᠯᠡᠳᠳᠡ ᠰᠠᠶᠢᠵᠢᠷᠠᠭᠤᠯᠵᠤ᠂ ᠶᠠᠰᠤ ᠴᠢᠨᠠᠷ ᠢ ᠢᠯᠡᠳᠳᠡ ᠳᠡᠬᠡᠭᠰᠢᠯᠡᠬᠦᠯᠥᠨ ᠨᠤᠳᠤᠭ ᠪᠡᠯᠴᠢᠬᠡᠷ ᠤᠨ ᠠᠮᠢ ᠠᠬᠤᠢ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠴᠢᠨᠠᠭᠰᠢᠳᠠ ᠲᠤᠪᠤᠶᠢᠯᠭᠠᠨ᠎ᠠ︔ ᠡᠪᠡᠰᠤ ᠪᠣᠷᠳᠤᠭ᠎ᠠ ᠮᠠᠯ ᠠᠵᠤ ᠠᠬᠤᠢ ᠶᠢᠨ ᠣᠶᠢᠯᠡᠳᠪᠦᠷᠢᠯᠡᠯ ᠬᠦᠭᠵᠢᠯᠳᠡ ᠶᠢ ᠲᠦᠷᠬᠡᠨ ᠢᠶᠠᠷ ᠠᠬᠢᠭᠤᠯᠵᠤ᠂ ᠪᠤᠬᠢᠷᠳᠤᠯ ᠦᠬᠡᠢ ᠤᠷᠭᠠᠨᠢᠭ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠬᠢᠷᠢ ᠲᠦᠪᠰᠢᠨ ᠢ ᠲᠡᠭᠡᠭᠰᠢᠡᠯᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠦᠷᠭᠦᠯᠵᠢᠯᠡᠭᠰᠡᠨ ᠬᠦᠭᠵᠢᠯᠳᠡ ᠶᠢ ᠠᠬᠢᠭᠤᠯᠤᠨ᠎ᠠ ︔ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠵᠠᠮ ᠮᠦᠷ ᠢ ᠲᠠᠰᠤᠷᠠᠯᠳᠠ ᠦᠬᠡᠢ ᠦᠷᠬᠡᠳᠬᠡᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠬᠢᠷᠢ ᠲᠦᠪᠰᠢᠨ ᠢ ᠯᠠᠪᠳᠠᠭᠤᠨ ᠢᠶᠠᠷ ᠲᠡᠭᠡᠭᠰᠢᠯᠡᠭᠦᠯᠵᠤ᠂ ᠠᠮᠢ ᠠᠬᠤᠢ ᠶᠢᠨ ᠪᠤᠯᠪᠠᠰᠤᠨ ᠢ ᠲᠦᠷᠬᠡᠨ ᠢᠶᠠᠷ ᠪᠠᠶᠢᠭᠤᠯᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠦᠲᠦᠬᠡᠨ ᠪᠠᠶᠢᠭᠤᠯᠵᠤ᠂ ᠮᠠᠨ ᠤ ᠬᠤᠳᠠ ᠶᠢ ᠡᠬᠡ ᠤᠯᠤᠰ ᠤᠨ ᠤᠮᠠᠷᠠᠳᠤ ᠬᠢᠯᠢ ᠬᠢᠵᠠᠭᠠᠷ ᠤᠨ ︽ᠭᠤᠶᠤ ᠰᠠᠶᠢᠬᠠᠨ ᠦᠵᠡᠮᠵᠢᠳᠤ ᠱᠤᠭᠤᠮ ᠤᠨ ᠬᠡᠷᠡᠯᠳᠤ ᠰᠤᠪᠤᠳ︾ ᠪᠤᠯᠭᠠᠨ ᠪᠠᠶᠢᠭᠤᠯᠵᠤ᠂ ᠦᠨᠳᠦᠰᠦᠳᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠤᠭᠳᠠᠭᠤᠨ ᠢ ᠬᠠᠮᠠᠭᠠᠯᠠᠬᠤ ᠳᠤ ᠢᠳᠡᠪᠬᠢᠲᠠᠢ ᠬᠤᠪᠢ ᠨᠠᠮᠠᠷᠢ ᠦᠵᠡᠭᠦᠯᠦᠨ᠎ᠡ᠃    ᠲᠠᠪᠤ᠂ ᠬᠡᠷᠡᠭᠵᠢᠭᠦᠯᠬᠦ ᠬᠦᠷᠢᠶ᠎ᠡ ᠬᠡᠪᠴᠢᠶ᠎ᠡ ᠵᠢᠴᠢ ᠬᠤᠪᠢᠶᠠᠷᠢ ᠲᠤᠭᠤᠷᠢᠭ    ︵ᠨᠢᠭᠡ︶ ᠬᠡᠷᠡᠭᠵᠢᠭᠦᠯᠬᠦ ᠬᠦᠷᠢᠶ᠎ᠡ ᠬᠡᠪᠴᠢᠶ᠎ᠡ᠃ ᠰᠢᠨ᠎ᠡ ᠨᠢᠬᠡᠨ ᠡᠬᠡᠯᠵᠢ ᠶᠢᠨ ᠨᠤᠳᠤᠭ ᠪᠡᠯᠴᠢᠬᠡᠷ ᠤᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠳᠤ ᠦᠪᠡᠷᠳᠡᠬᠡᠨ ᠵᠠᠰᠠᠬᠤ ᠤᠷᠤᠨ ᠠᠴᠠ ᠮᠠᠨ ᠤ ᠬᠤᠳᠠ ᠳᠤ ᠲᠤᠬᠢᠷᠠᠭᠤᠯᠤᠭᠰᠠᠨ ᠮᠠᠯ ᠪᠡᠯᠴᠢᠬᠡᠷᠯᠡᠭᠦᠯᠬᠦ ᠶᠢ ᠬᠤᠷᠢᠭᠯᠠᠬᠤ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠡᠭᠦᠷᠬᠡ ᠨᠡᠶᠢᠳᠡ 9871.4 ᠲᠦᠮᠡᠨ ᠮᠤ᠋ ᠪᠠᠶᠢᠵᠤ᠂ ᠡᠭᠦᠨ ᠳᠤ ᠮᠠᠯ ᠪᠡᠯᠴᠢᠬᠡᠷᠯᠡᠭᠦᠯᠬᠦ ᠶᠢ ᠬᠤᠷᠢᠭᠯᠠᠬᠤ ᠨᠢ 5352.2 ᠲᠦᠮᠡᠨ ᠮᠤ᠋᠂ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠨᠢ 4429.2 ᠲᠦᠮᠡᠨ ᠮᠤ᠋ ᠪᠠᠶᠢᠵᠣ᠂ 9 ᠬᠤᠰᠢᠭᠤ ᠲᠤᠭᠤᠷᠢᠭ ᠲᠠᠢ ᠬᠤᠯᠪᠤᠭᠳᠠᠨ᠎ᠠ᠃ ᠠᠯᠢᠪᠠ ᠪᠡᠯᠴᠢᠬᠡᠷ ᠢ ᠲᠠᠭᠠᠭᠠᠴᠢᠯᠠᠨ ᠡᠵᠡᠩᠨᠡᠬᠦ ᠡᠷᠬᠡ ᠲᠠᠢ ᠪᠤᠶᠤ ᠪᠡᠯᠴᠢᠬᠡᠷ ᠢ ᠲᠠᠭᠠᠭᠠᠴᠢᠯᠠᠨ ᠡᠵᠡᠩᠨᠡᠬᠦ ᠬᠡᠷ᠎ᠡ ᠲᠤᠭᠳᠠᠭᠠᠭᠰᠠᠨ ᠮᠠᠯᠴᠢᠨ ᠲᠠᠷᠢᠶᠠᠴᠢᠳ᠂ ᠤᠯᠤᠰ ᠤᠨ ᠦᠮᠴᠢᠯᠡᠯᠳᠤ ᠲᠠᠷᠢᠶᠠᠯᠠᠩ ᠮᠠᠯᠵᠢᠯ ᠤᠢ ᠰᠢᠭᠤᠢ ᠶᠢᠨ ᠲᠠᠯᠠᠪᠠᠢ ᠶᠢᠨ ᠠᠵᠢᠯᠳᠠᠨ ᠲᠠᠭᠠᠭᠠᠴᠢᠯᠠᠬᠤ ᠬᠡᠷ᠎ᠡ ᠶᠢᠨ ᠲᠠᠯᠠᠪᠠᠢ ᠪᠠᠷ ᠴᠦᠮ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠬᠦᠷᠳᠡᠨ᠎ᠡ᠃    ︵ᠬᠤᠶᠠᠷ︶ ᠤᠷᠤᠨ ᠲᠤᠭᠤᠷᠢᠭ ᠬᠤᠪᠢᠶᠠᠷᠢᠯᠠᠬᠤ    1. ᠮᠠᠯ ᠪᠡᠯᠴᠢᠬᠡᠷᠯᠡᠭᠦᠯᠬᠦ ᠶᠢ ᠬᠤᠷᠢᠭᠯᠠᠬᠤ ᠤᠷᠤᠨ᠄ ᠮᠠᠯ ᠪᠡᠯᠴᠢᠬᠡᠷᠯᠡᠭᠦᠯᠬᠦ ᠶᠢ ᠬᠤᠷᠢᠭᠯᠠᠬᠤ ᠤᠷᠤᠨ ᠨᠢ ᠭᠤᠤᠯᠳᠠᠭᠤ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ ᠪᠠᠶᠢᠵᠣ᠂ ᠨᠤᠳᠤᠭ ᠪᠡᠯᠴᠢᠬᠡᠷ ᠤᠨ ᠠᠮᠢ ᠠᠬᠤᠢ ᠶᠢᠨ ᠪᠤᠳᠠᠳᠤ ᠰᠢᠯᠭᠠᠨ ᠬᠡᠮᠵᠢᠯᠳᠠ ᠶᠢ ᠦᠨᠳᠦᠰᠦᠯᠡᠨ᠂ ᠴᠢᠬᠤᠯᠠ ᠠᠮᠢ ᠠᠬᠤᠢ ᠶᠢᠨ ᠴᠢᠳᠠᠮᠵᠢ  ᠶᠢᠨ ᠣᠷᠣᠨ ᠪᠤᠯᠬᠤ ᠳ᠋ᠦᠩᠱᠧᠩ ᠲᠤᠭᠤᠷᠢᠭ᠂ ᠲᠠᠯᠠᠳ ᠬᠤᠰᠢᠭᠤ᠂ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠬᠢᠶ᠎ᠡ ᠪᠠᠭᠰᠢ ᠲᠤᠭᠤᠷᠢᠭ ᠤᠨ ᠪᠤᠢ ᠪᠦᠬᠦᠢ ᠨᠤᠳᠤᠭ ᠪᠡᠯᠴᠢᠬᠡᠷ ᠪᠠ ᠬᠦᠨᠳᠤ ᠨᠤᠴᠢᠲᠠᠢ ᠡᠯᠡᠰᠦᠷᠬᠡᠭᠵᠢᠵᠤ ᠮᠠᠭᠤᠳᠠᠭᠰᠠᠨ ᠲᠡᠷᠡᠴᠢᠯᠡᠨ ᠠᠮᠢ ᠠᠬᠤᠢ  ᠶᠢᠨ ᠣᠷᠣᠨ ᠤ ᠠᠷᠠᠳ ᠢ ᠨᠡᠭᠦᠯᠬᠡᠨ ᠰᠢᠯᠵᠢᠭᠦᠯᠬᠦ ᠶᠢ ᠨᠢᠭᠡᠨᠳᠡ ᠬᠡᠷᠡᠭᠵᠢᠭᠦᠯᠦᠭᠰᠡᠨ ᠤᠷᠤᠨ ᠲᠤᠭᠤᠷᠢᠭ ᠵᠢᠴᠢ ᠤᠯᠤᠰ᠂ ᠦᠪᠡᠷᠳᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠮᠢ ᠠᠬᠤᠢ ᠶᠢᠨ ᠲᠦᠷᠦᠯ ᠵᠤᠶᠢᠯ ᠳᠤ ᠬᠤᠯᠪᠤᠭᠳᠠᠬᠤ ᠦᠤᠰᠢᠨ ᠬᠤᠰᠢᠭᠤ᠂ ᠬᠠᠩᠬᠢᠨ ᠬᠤᠰᠢᠭᠤ᠂ ᠤᠳᠤᠭ ᠬᠤᠰᠢᠭᠤ᠂ ᠤᠳᠤᠭ  ᠤᠨ ᠡᠮᠦᠨᠡᠳᠤ ᠬᠤᠰᠢᠭᠤᠨ ᠤ ᠨᠢᠭᠡ ᠬᠡᠰᠡᠭ ᠨᠤᠳᠤᠭ ᠪᠡᠯᠴᠢᠬᠡᠷ ᠢ ᠪᠡᠯᠴᠢᠬᠡᠷᠯᠡᠭᠦᠯᠬᠦ ᠶᠢ ᠬᠤᠷᠢᠭᠯᠠᠬᠤ ᠤᠷᠤᠨ ᠪᠤᠯᠭᠠᠨ ᠢᠯᠭᠠᠨ ᠲᠤᠭᠳᠠᠭᠠᠨ᠎ᠠ᠃ ᠪᠡᠯᠴᠢᠬᠡᠷᠯᠡᠭᠦᠯᠬᠦ ᠶᠢ ᠬᠤᠷᠢᠭᠯᠠᠬᠤ ᠤᠷᠤᠨ ᠪᠤᠯᠭᠠᠨ ᠢᠯᠭᠠᠨ ᠲᠤᠭᠳᠠᠭᠠᠭᠰᠠᠨ ᠨᠤᠳᠤᠭ ᠪᠡᠯᠴᠢᠬᠡᠷ ᠲᠤ ᠮᠠᠯ ᠪᠡᠯᠴᠢᠬᠡᠷᠯᠡᠭᠦᠯᠬᠦ ᠶᠢ ᠬᠤᠷᠢᠭᠯᠠᠬᠤ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠤ ᠂ ᠪᠡᠯᠴᠢᠬᠡᠷᠯᠡᠭᠦᠯᠦᠨ ᠠᠰᠢᠭᠯᠠᠵᠤ ᠪᠤᠯᠬᠤ ᠦᠬᠡᠢ᠂ ᠮᠠᠯ ᠪᠡᠯᠴᠢᠬᠡᠷᠯᠡᠭᠦᠯᠬᠦ ᠶᠢ ᠬᠤᠷᠢᠭᠯᠠᠬᠤ ᠦᠶᠡᠯᠡᠯ ᠤᠨ ᠬᠤᠭᠤᠴᠠᠭ᠎ᠠ ᠨᠢ ᠲᠠᠪᠤᠨ ᠵᠢᠯ ᠪᠤᠯᠤᠨ᠎ᠠ᠃    2. ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠤᠷᠤᠨ᠄ ᠲᠠᠭᠠᠭᠠᠴᠠ ᠶᠢ ᠦᠨᠳᠦᠰᠦᠯᠡᠨ ᠲᠤᠬᠢᠷᠠᠮᠵᠢᠳᠠᠢ ᠪᠡᠯᠴᠢᠬᠡᠷ ᠤᠨ ᠲᠠᠭᠠᠭᠠᠴᠠ ᠶᠢ ᠬᠠᠷᠭᠤᠭᠤᠯᠤᠨ ᠲᠤᠭᠳᠠᠭᠠᠵᠤ᠂ ᠦᠤᠰᠢᠨ ᠬᠤᠰᠢᠭᠤ᠂ ᠬᠠᠩᠬᠢᠨ ᠬᠤᠰᠢᠭᠤ᠂ ᠤᠳᠤᠭ ᠬᠤᠰᠢᠭᠤ᠂ ᠤᠳᠤᠭ ᠤᠨ ᠡᠮᠦᠨᠡᠳᠤ ᠬᠤᠰᠢᠭᠤᠨ ᠤ ᠪᠡᠯᠴᠢᠬᠡᠷᠯᠡᠭᠦᠯᠬᠦ ᠶᠢ ᠬᠤᠷᠢᠭᠯᠠᠬᠤ ᠤᠷᠤᠨ ᠲᠤᠭᠤᠷᠢᠭ  ᠠᠴᠠ ᠭᠠᠳᠠᠨᠠᠬᠢ ᠨᠤᠳᠤᠭ ᠪᠡᠯᠴᠢᠬᠡᠷ ᠢ ᠪᠡᠯᠴᠢᠬᠡᠷ ᠮᠠᠯ ᠢ ᠲᠠᠩᠴᠡᠭᠦᠷᠢᠲᠠᠢ ᠪᠠᠶᠢᠯᠭᠠᠬᠤ ᠤᠷᠤᠨ ᠪᠤᠯᠭᠠᠨ ᠢᠯᠭᠠᠨ ᠲᠤᠭᠳᠠᠭᠠᠨ᠎ᠠ᠃ ᠡᠳᠡᠬᠡᠷ ᠤᠷᠤᠨ ᠤ ᠪᠠᠶᠢᠭᠠᠯᠢ ᠶᠢᠨ ᠨᠦᠭᠦᠴᠡᠯ ᠬᠠᠷᠢᠴᠠᠩᠭᠤᠢ ᠨᠡᠯᠢᠶᠡᠳ ᠰᠠᠶᠢᠨ᠂ ᠲᠠᠯᠠᠪᠠᠢ ᠨᠡᠯᠢᠶᠡᠳ ᠶᠡᠭᠡ᠂ ᠨᠤᠳᠤᠭ ᠪᠡᠯᠴᠢᠬᠡᠷ ᠤᠨ ᠤᠶᠢᠯᠡᠳᠪᠦᠷᠢᠯᠡᠯ ᠤᠨ ᠴᠢᠳᠠᠪᠦᠷᠢ ᠨᠡᠯᠢᠶᠡᠳ ᠴᠢᠩᠭ᠎ᠠ᠂ ᠵᠤᠬᠢᠬᠤ ᠬᠡᠮᠵᠢᠶ᠎ᠠ  ᠪᠠᠷ ᠮᠠᠯ ᠪᠡᠯᠴᠢᠬᠡᠷᠯᠡᠭᠦᠯᠦᠨ ᠠᠰᠢᠭᠯᠠᠬᠤ ᠳᠤ ᠲᠤᠬᠢᠷᠠᠨ᠎ᠠ᠃ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠤᠷᠤᠨ  ᠢᠶᠠᠷ ᠢᠯᠭᠠᠨ ᠲᠤᠭᠳᠠᠭᠠᠭᠳᠠᠭᠰᠠᠨ ᠨᠤᠳᠤᠭ ᠪᠡᠯᠴᠢᠬᠡᠷ ᠲᠤ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠲᠦᠷᠢᠮ ᠢ ᠴᠢᠩᠭ᠎ᠠ ᠭᠡᠷᠡᠭᠵᠢᠭᠦᠯᠦᠨ᠎ᠡ᠃ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠤᠷᠤᠨ ᠳᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠤᠯᠠᠷᠢᠯ ᠤᠨ ᠴᠢᠨᠠᠷᠲᠠᠢ ᠰᠡᠯᠬᠦᠨ ᠮᠠᠯᠵᠢᠬᠤ ᠶᠢ ᠬᠡᠷᠡᠭᠵᠢᠭᠦᠯᠦᠨ᠎ᠡ᠃ ᠨᠤᠳᠤᠭ ᠪᠡᠯᠴᠢᠬᠡᠷ ᠢ ᠤᠷᠤᠨ ᠬᠤᠪᠢᠶᠠᠷᠢᠯᠠᠨ ᠦᠨᠵᠢᠭᠦᠯᠵᠤ ᠮᠠᠯᠯᠠᠬᠤ ᠵᠡᠷᠬᠡ ᠬᠠᠮᠠᠭᠠᠯᠠᠵᠤ ᠠᠰᠢᠭᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠤ ᠂ ᠦᠷᠭᠦᠯᠵᠢᠯᠡᠭᠰᠡᠨ ᠬᠦᠭᠵᠢᠯᠳᠡ ᠶᠢ ᠠᠭᠠᠵᠢᠮ ᠢᠶᠠᠷ ᠪᠡᠶᠡᠯᠡᠭᠦᠯᠦᠨ᠎ᠡ᠃ᠵᠢᠷᠭᠤᠭ᠎ᠠ᠂ ᠨᠦᠬᠦᠪᠦᠷᠢ ᠱᠠᠩᠨᠠᠯ ᠤᠨ ᠠᠭᠤᠯᠭ᠎ᠠ ᠵᠢᠴᠢ ᠪᠠᠷᠢᠮᠵᠢᠶ᠎ᠠ    ︵ᠨᠢᠭᠡ︶ ᠪᠡᠯᠴᠢᠬᠡᠷᠯᠡᠭᠦᠯᠬᠦ ᠶᠢ ᠬᠤᠷᠢᠭᠯᠠᠬᠤ ᠨᠦᠬᠦᠪᠦᠷᠢ᠃ ᠪᠡᠯᠴᠢᠬᠡᠷᠯᠡᠭᠦᠯᠬᠦ ᠶᠢ ᠬᠤᠷᠢᠭᠯᠠᠬᠤ ᠤᠷᠤᠨ ᠢᠶᠠᠷ ᠢᠯᠭᠠᠨ ᠲᠤᠭᠳᠠᠭᠠᠭᠳᠠᠭᠰᠠᠨ ᠨᠤᠳᠤᠭ ᠪᠡᠯᠴᠢᠬᠡᠷ ᠲᠤ ᠲᠦᠪ ᠤᠨ ᠡᠳ᠋ ᠤᠨ ᠵᠠᠰᠠᠭ ᠠᠴᠠ ᠪᠡᠯᠴᠢᠬᠡᠷᠯᠡᠭᠦᠯᠬᠦ ᠶᠢ ᠬᠤᠷᠢᠭᠯᠠᠬᠤ ᠡᠭᠦᠷᠬᠡ ᠶᠢ ᠭᠦᠢᠴᠡᠳᠬᠡᠬᠦ ᠮᠠᠯᠴᠢᠨ ᠲᠠᠷᠢᠶᠠᠴᠢᠳ ᠲᠤ ᠵᠢᠯ ᠪᠦᠷᠢ ᠮᠤ᠋ ᠪᠤᠯᠭᠠᠨ 7.5 ᠲᠦᠭᠦᠷᠢᠭ ᠤᠨ ᠬᠡᠮᠵᠢᠨ ᠪᠤᠳᠤᠭᠰᠠᠨ ᠪᠠᠷᠢᠮᠵᠢᠶ᠎ᠠ ᠶᠤᠰᠤᠭᠠᠷ ᠪᠡᠯᠴᠢᠬᠡᠷᠯᠡᠭᠦᠯᠬᠦ ᠶᠢ ᠬᠤᠷᠢᠭᠯᠠᠬᠤ ᠨᠦᠬᠦᠪᠦᠷᠢ ᠤᠯᠭᠤᠨ᠎ᠠ᠃    ︵ᠬᠤᠶᠠᠷ︶ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠱᠠᠩᠨᠠᠯ᠃ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠤᠷᠤᠨ ᠢᠶᠠᠷ ᠢᠯᠭᠠᠨ ᠲᠤᠭᠳᠠᠭᠠᠭᠳᠠᠭᠰᠠᠨ ᠨᠤᠳᠤᠭ ᠪᠡᠯᠴᠢᠬᠡᠷ᠂ ᠲᠠᠭᠠᠭᠠᠴᠨ ᠶᠢ ᠦᠨᠳᠦᠰᠦᠯᠡᠨ ᠵᠤᠬᠢᠰᠲᠠᠢ ᠪᠡᠯᠴᠢᠬᠡᠷ ᠤᠨ ᠲᠠᠭᠠᠭᠠᠴᠠ ᠶᠢ ᠬᠠᠷᠭᠤᠭᠤᠯᠤᠨ ᠲᠤᠭᠳᠠᠭᠠᠵᠤ᠂ ᠪᠡᠯᠴᠢᠬᠡᠷ ᠮᠠᠯ  ᠢ ᠲᠡᠩᠴᠡᠭᠦᠷᠢᠲᠠᠢ ᠪᠠᠶᠢᠯᠭᠠᠬᠤ ᠬᠠᠮᠢᠶᠠᠷᠤᠯᠳᠠ ᠶᠢ ᠬᠡᠷᠡᠭᠵᠢᠭᠦᠯᠵᠤ᠂ ᠲᠦᠪ ᠤᠨ ᠡᠳ᠋ ᠤᠨ ᠵᠠᠰᠠᠭ ᠠᠴᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠡᠭᠦᠷᠬᠡ ᠶᠢ ᠭᠦᠢᠴᠡᠳᠬᠡᠬᠦ ᠮᠠᠯᠴᠢᠨ ᠲᠠᠷᠢᠶᠠᠴᠢᠳ ᠲᠤ ᠵᠢᠯ ᠪᠦᠷᠢ ᠮᠤ᠋ ᠪᠤᠯᠭᠠᠨ 2.5 ᠲᠦᠭᠦᠷᠢᠭ ᠤᠨ ᠬᠡᠮᠵᠢᠨ ᠪᠤᠳᠤᠭᠰᠠᠨ ᠪᠠᠷᠢᠮᠵᠢᠶ᠎ᠠ ᠶᠤᠰᠤᠭᠠᠷ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠱᠠᠩᠨᠠᠯ ᠤᠯᠭᠤᠨ᠎ᠠ᠃    ︵ᠭᠤᠷᠪᠠ︶ ᠦᠷ᠎ᠡ ᠪᠦᠲᠦᠮᠵᠢ ᠶᠢ ᠰᠢᠯᠭᠠᠨ ᠬᠢᠨᠠᠬᠤ ᠱᠠᠩᠨᠠᠯ᠃ ᠲᠦᠪ ᠤᠨ ᠡᠳ᠋ ᠤᠨ ᠵᠠᠰᠠᠭ ᠵᠢᠯ ᠪᠦᠷᠢ ᠦᠷ᠎ᠡ ᠪᠦᠲᠦᠮᠵᠢ ᠶᠢ ᠦᠨᠡᠯᠡᠬᠦ ᠱᠠᠩᠨᠠᠯ ᠤᠨ ᠪᠡᠯᠡ ᠮᠦᠩᠭᠦ ᠲᠤᠬᠢᠷᠠᠭᠤᠯᠵᠤ᠂ ᠠᠵᠢᠯ ᠨᠢ ᠲᠤᠪᠤᠶᠢᠮ᠎ᠠ᠂ ᠦᠷ᠎ᠡ ᠪᠦᠲᠦᠮᠵᠢ ᠨᠢ ᠢᠯᠡᠳᠳᠡ ᠠᠶᠢᠮᠠᠭ ᠬᠤᠳᠠ ᠶᠢ ᠪᠡᠯᠡ ᠮᠦᠩᠭᠦ ᠪᠠᠷ ᠱᠠᠩᠨᠠᠨ᠎ᠠ᠃ ᠮᠠᠨ ᠤ ᠬᠤᠳᠠ ᠦᠪᠡᠷᠳᠡᠬᠡᠨ ᠵᠠᠰᠠᠬᠤ ᠤᠷᠤᠨ ᠤ ᠱᠠᠩᠨᠠᠯ ᠤᠨ ᠪᠡᠯᠡ ᠮᠦᠩᠭᠦ ᠶᠢ ᠦᠨᠳᠦᠰᠦᠯᠡᠨ᠂ ᠬᠤᠰᠢᠭᠤ ᠲᠤᠭᠤᠷᠢᠭ ᠤᠨ ᠪᠡᠯᠡ ᠮᠦᠩᠭᠦ  ᠶᠢ ᠤᠷᠤᠨᠵᠢᠭᠤᠯᠤᠭᠰᠠᠨ ᠪᠠᠶᠢᠳᠠᠯ᠂ ᠢᠵᠢ ᠪᠦᠷᠢᠳᠦᠭᠦᠯᠦᠭᠰᠡᠨ ᠪᠡᠯᠡ ᠮᠦᠩᠭᠦ ᠶᠢ ᠦᠭᠭᠦᠭᠰᠡᠨ ᠪᠠᠶᠢᠳᠠᠯ ᠪᠠ ᠪᠡᠯᠴᠢᠬᠡᠷᠯᠡᠭᠦᠯᠬᠦ ᠶᠢ ᠬᠤᠷᠢᠭᠯᠠᠬᠤ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠶᠢ ᠬᠡᠷᠡᠭᠵᠢᠭᠦᠯᠦᠭᠰᠡᠨ ᠪᠠᠶᠢᠳᠠᠯ᠂ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶᠡᠷᠡᠵᠤ ᠲᠠᠭᠠᠭᠠᠴᠢᠯᠠᠬᠤ ᠠᠵᠢᠯ ᠤᠨ ᠠᠬᠢᠴᠠ ᠶᠢᠨ ᠪᠠᠶᠢᠳᠠᠯ ᠵᠢᠴᠢ ᠨᠤᠳᠤᠭ ᠪᠡᠯᠴᠢᠬᠡᠷ ᠤᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠮᠡᠳᠡᠭᠡ ᠵᠠᠩᠬᠢ ᠶᠢᠨ ᠰᠢᠰᠲ᠋ᠧᠮ ᠤᠨ ᠮᠡᠳᠡᠭᠡ ᠵᠠᠩᠬᠢ ᠶᠢ ᠲᠡᠮᠳᠡᠭᠯᠡᠨ ᠤᠷᠤᠭᠤᠯᠤᠭᠰᠠᠨ ᠪᠠᠶᠢᠳᠠᠯ ᠵᠡᠷᠬᠡ ᠲᠠᠪᠤᠨ ᠶᠡᠭᠡ ᠬᠡᠰᠡᠭ ᠢ ᠤᠶᠠᠯᠳᠤᠭᠤᠯᠵᠤ ᠦᠷ᠎ᠡ ᠪᠦᠲᠦᠮᠵᠢ ᠶᠢᠨ ᠰᠢᠯᠭᠠᠨ ᠬᠢᠨᠠᠯᠳᠠ ᠶᠢ ᠱᠠᠩᠨᠠᠬᠤ ᠠᠷᠭ᠎ᠠ ᠶᠢ ᠲᠤᠭᠳᠠᠭᠠᠵᠤ᠂ ᠬᠤᠰᠢᠭᠤ ᠲᠤᠭᠤᠷᠢᠭ ᠤᠨ ᠦᠷ᠎ᠡ ᠪᠦᠲᠦᠮᠵᠢ ᠶᠢ ᠰᠢᠯᠭᠠᠨ ᠬᠢᠨᠠᠵᠤ ᠰᠢᠯᠭᠠᠷᠠᠭᠤᠯᠬᠤ ᠲᠡᠬᠡᠷ᠎ᠡ ᠬᠡᠷᠡᠭᠯᠡᠨ᠎ᠡ᠃ ᠱᠠᠩᠨᠠᠯ ᠤᠨ ᠪᠡᠯᠡ ᠮᠦᠩᠭᠦ ᠶᠢ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠪᠦᠲᠦᠬᠡᠨ ᠪᠠᠶᠢᠭᠤᠯᠤᠯᠳᠠ ᠪᠠ ᠡᠪᠡᠰᠤ ᠪᠡᠯᠴᠢᠬᠡᠷ ᠤᠨ ᠠᠵᠤ ᠠᠬᠤᠢ ᠶᠢᠨ ᠬᠦᠭᠵᠢᠯᠳᠡ ᠲᠡᠬᠡᠷ᠎ᠡ ᠭᠤᠤᠯᠳᠠᠯᠭ᠎ᠠ ᠲᠠᠢ ᠬᠡᠷᠡᠭᠯᠡᠨ᠎ᠡ᠃    ︵ᠲᠦᠷᠪᠡ︶ ᠬᠠᠮᠢᠶᠠᠷᠤᠨ ᠬᠠᠮᠠᠭᠠᠯᠠᠬᠤ ᠠᠵᠢᠯᠳᠠᠨ ᠤ ᠴᠠᠯᠢᠩ᠃ ᠦᠪᠡᠷᠳᠡᠬᠡᠨ ᠵᠠᠰᠠᠬᠤ ᠤᠷᠤᠨ ᠠᠴᠠ ᠪᠠᠭᠤᠯᠭᠠᠭᠰᠠᠨ ᠨᠤᠳᠤᠭ ᠪᠡᠯᠴᠢᠬᠡᠷ ᠤᠨ ᠬᠠᠮᠢᠶᠠᠷᠤᠨ ᠬᠠᠮᠠᠭᠠᠯᠠᠬᠤ ᠠᠵᠢᠯᠳᠠᠨ ᠤ ᠴᠠᠯᠢᠩ ᠨᠢ 249 ᠲᠦᠮᠡᠨ ᠲᠦᠭᠦᠷᠢᠭ᠂ ᠬᠤᠳᠠ ᠶᠢᠨ ᠱᠠᠳᠤᠨ ᠠᠴᠠ ᠢᠵᠢ ᠪᠦᠷᠢᠳᠦᠭᠦᠯᠬᠦ ᠪᠡᠯᠡ ᠮᠦᠩᠭᠦ ᠨᠢ 223 ᠲᠦᠮᠡᠨ ᠲᠦᠭᠦᠷᠢᠭ᠂ ᠬᠤᠰᠢᠭᠤ ᠲᠤᠭᠤᠷᠢᠭ ᠬᠤᠯᠪᠤᠭᠳᠠᠯ ᠪᠦᠬᠦᠢ ᠲᠤᠭᠳᠠᠭᠠᠯ ᠪᠠ ᠲᠡᠰ ᠲᠠᠷᠠᠭᠠᠯᠠᠯ ᠶᠤᠰᠤᠭᠠᠷ ᠲᠤᠰᠬᠠᠢ ᠲᠤᠰᠢᠶᠠᠯ ᠤᠨ ᠨᠤᠳᠤᠭ ᠪᠡᠯᠴᠢᠬᠡᠷ ᠤᠨ ᠬᠠᠮᠢᠶᠠᠷᠤᠨ ᠬᠠᠮᠠᠭᠠᠯᠠᠬᠤ ᠠᠵᠢᠯᠳᠠᠨ ᠢ ᠨᠢᠭᠡᠳᠤᠯᠲᠠᠢ ᠤᠷᠢᠨ ᠬᠡᠷᠡᠭᠯᠡᠨ᠎ᠡ᠃ᠲᠤᠯᠤᠭ᠎ᠠ᠂ ᠭᠤᠤᠯ ᠠᠵᠢᠯ ᠤᠨ ᠡᠭᠦᠷᠬᠡ    ︵ᠨᠢᠭᠡ︶ ᠡᠭᠦᠷᠬᠡ ᠶᠢᠨ ᠬᠤᠪᠢᠶᠠᠷᠢᠯᠠᠯ    ⒈ᠪᠡᠯᠴᠢᠬᠡᠷᠯᠡᠭᠦᠯᠬᠦ ᠶᠢ ᠬᠤᠷᠢᠭᠯᠠᠬᠤ ᠤᠷᠤᠨ᠄ ᠦᠪᠡᠷᠳᠡᠬᠡᠨ ᠵᠠᠰᠬᠠᠤ ᠤᠷᠤᠨ ᠠᠴᠠ ᠮᠠᠨ ᠬᠤᠳᠠ ᠳᠤ ᠪᠠᠭᠤᠯᠭᠠᠭᠰᠠᠨ ᠡᠭᠦᠷᠬᠡ ᠨᠢ 5352.2 ᠲᠦᠮᠡᠨ ᠮᠤ᠋ ᠪᠠᠶᠢᠵᠤ᠂ ᠡᠭᠦᠨ ᠳᠤ ᠳ᠋ᠦᠩᠱᠧᠩ ᠲᠤᠭᠤᠷᠢᠭ 202.52 ᠲᠦᠮᠡᠨ ᠮᠤ᠋᠂ ᠲᠠᠯᠠᠳ ᠬᠤᠰᠢᠭᠤ 597.94 ᠲᠦᠮᠡᠨ ᠮᠤ᠋᠂ ᠵᠡᠭᠦᠨᠭᠠᠷ ᠬᠤᠰᠢᠭᠤ 633.06 ᠲᠦᠮᠡᠨ ᠮᠤ᠋᠂ ᠡᠵᠡᠨ ᠬᠤᠷᠤᠭ᠎ᠠ ᠬᠤᠰᠢᠭᠤ 650.31 ᠲᠦᠮᠡᠨ ᠮᠤ᠋᠂ ᠦᠤᠰᠢᠨ ᠬᠤᠰᠢᠭᠤ 647.5 ᠲᠦᠮᠡᠨ ᠮᠤ᠋᠂ ᠬᠠᠩᠬᠢᠨ ᠬᠤᠰᠢᠭᠤ 1343.18 ᠲᠦᠮᠡᠨ ᠮᠤ᠋᠂ ᠤᠳᠤᠭ ᠬᠤᠰᠢᠭᠤ 757.47 ᠲᠦᠮᠡᠨ ᠮᠤ᠋᠂ ᠤᠳᠤᠭ ᠤᠨ ᠡᠮᠦᠨᠡᠳᠤ ᠬᠤᠰᠢᠭᠤ 490.3 ᠲᠦᠮᠡᠨ ᠮᠤ᠋᠂ ᠬᠢᠶ᠎ᠡ ᠪᠠᠭᠰᠢ ᠲᠤᠭᠤᠷᠢᠭ 29.93 ᠲᠦᠮᠡᠨ ᠮᠤ᠋ ᠪᠤᠯᠤᠨ᠎ᠠ᠃    ⒉ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠤᠷᠤᠨ᠄ ᠦᠪᠡᠷᠳᠡᠬᠡᠨ ᠵᠠᠰᠠᠬᠤ ᠤᠷᠤᠨ ᠠᠴᠠ ᠮᠠᠨ ᠤ ᠬᠤᠳᠠ ᠳᠤ ᠪᠠᠭᠤᠯᠭᠠᠭᠰᠠᠨ ᠡᠭᠦᠷᠬᠡ ᠨᠢ 4429.2 ᠲᠦᠮᠡᠨ ᠮᠤ᠋ ᠪᠠᠶᠢᠵᠤ᠂ ᠡᠭᠦᠨ ᠳᠤ ᠦᠤᠰᠢᠨ ᠬᠤᠰᠢᠭᠤ 673.52 ᠲᠦᠮᠡᠨ ᠮᠤ᠋᠂ ᠬᠠᠩᠬᠢᠨ ᠬᠤᠰᠢᠭᠤ 899.32 ᠲᠦᠮᠡᠨ ᠮᠤ᠋᠂ ᠤᠳᠤᠭ ᠬᠤᠰᠢᠭᠤ 1767.44 ᠲᠦᠮᠡᠨ ᠮᠤ᠋᠂ ᠤᠳᠤᠭ ᠤᠨ ᠡᠮᠦᠨᠡᠳᠤ ᠬᠤᠰᠢᠭᠤ 1088.92 ᠲᠦᠮᠡᠨ ᠮᠤ᠋ ᠪᠤᠯᠤᠨ᠎ᠠ᠃    ︵ᠬᠤᠶᠠᠷ︶ ᠪᠡᠯᠡ ᠮᠦᠩᠭᠦᠨ ᠤ ᠬᠤᠪᠢᠶᠠᠷᠢᠯᠠᠯ    ᠦᠪᠡᠷᠳᠡᠬᠡᠨ ᠵᠠᠰᠠᠬᠤ ᠤᠷᠤᠨ ᠨᠢ ᠠᠩᠬᠠᠳᠤᠭᠠᠷ ᠬᠤᠭᠤᠴᠠᠭᠠᠨ ᠤ ᠨᠦᠬᠦᠪᠦᠷᠢ ᠱᠠᠩᠨᠠᠯ ᠤᠨ ᠲᠠᠪᠤᠨ ᠵᠢᠯ ᠤᠨ ᠲᠤᠮᠳᠠᠴᠢ ᠡᠪᠡᠰᠤᠨ ᠤ ᠣᠨᠠᠯᠳᠠ ᠶᠢᠨ ᠬᠡᠮᠵᠢᠶ᠎ᠡ ᠪᠠᠷ ᠰᠠᠭᠤᠷᠢ ᠲᠤᠭ᠎ᠠ ᠪᠤᠯᠭᠠᠵᠤ᠂ ᠡᠯ᠎ᠡ ᠭᠠᠵᠠᠷ ᠤᠷᠤᠨ ᠤ ᠪᠠᠷᠢᠮᠵᠢᠶᠠᠳᠤ ᠮᠤ᠋ ᠶᠢᠨ ᠢᠯᠡᠳᠬᠡᠮᠵᠢ ᠵᠢᠴᠢ ᠨᠦᠬᠦᠪᠦᠷᠢ ᠶᠢᠨ ᠪᠠᠷᠢᠮᠵᠢᠶ᠎ᠠ ᠶᠢ ᠬᠡᠮᠵᠢᠨ ᠪᠤᠳᠤᠵᠤ ᠭᠠᠷᠭᠠᠨ᠎ᠠ᠃ ᠮᠠᠨ ᠤ ᠬᠤᠳᠠ ᠪᠠᠷᠢᠮᠵᠢᠶᠠᠳᠤ ᠮᠤ᠋ ᠶᠢᠨ ᠢᠯᠡᠳᠬᠡᠮᠵᠢ ᠪᠠᠷ ᠬᠡᠮᠵᠢᠨ ᠪᠤᠳᠤᠵᠤ᠂ ᠪᠡᠯᠴᠢᠬᠡᠷᠯᠡᠭᠦᠯᠬᠦ ᠶᠢ ᠬᠤᠷᠢᠭᠯᠠᠬᠤ ᠨᠦᠬᠦᠪᠦᠷᠢ ᠶᠢᠨ ᠪᠠᠷᠢᠮᠵᠢᠶ᠎ᠠ ᠨᠢ ᠵᠢᠯ ᠪᠦᠷᠢ ᠮᠤ᠋ ᠪᠤᠯᠭᠠᠨ 6.37 ᠲᠦᠭᠦᠷᠢᠭ ︵ᠲᠦᠷᠪᠡ ᠶᠢ ᠬᠠᠶᠠᠨ ᠲᠠᠪᠤ ᠶᠢ ᠲᠡᠪᠰᠢᠭᠦᠯᠵᠤ᠂ ᠬᠤᠶᠠᠷ ᠤᠷᠤᠨᠳᠤ ᠠᠷᠪᠠᠳᠤ ᠶᠢᠨ ᠪᠤᠳᠠᠷᠬᠠᠢ ᠶᠢ ᠦᠯᠡᠳᠡᠬᠡᠨ᠎ᠡ︶᠂ ᠨᠦᠬᠦᠪᠦᠷᠢ ᠪᠡᠯᠡ ᠮᠦᠩᠭᠦ ᠨᠢ ᠨᠡᠶᠢᠳᠡ 34118.46 ᠲᠦᠮᠡᠨ ᠲᠦᠭᠦᠷᠢᠭ ᠪᠤᠯᠤᠨ᠎ᠠ︔ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ  ᠱᠠᠩᠨᠠᠯ ᠤᠨ ᠪᠠᠷᠢᠮᠵᠢᠶ᠎ᠠ ᠨᠢ ᠵᠢᠯ ᠪᠦᠷᠢ ᠮᠤ᠋ ᠪᠤᠯᠭᠠᠨ 2.12 ᠲᠦᠭᠦᠷᠢᠭ ︵ᠲᠦᠷᠪᠡ ᠶᠢ ᠬᠠᠶᠠᠨ ᠲᠠᠪᠤ ᠶᠢ ᠲᠡᠪᠰᠢᠭᠦᠯᠵᠤ᠂ ᠬᠤᠶᠠᠷ ᠤᠷᠤᠨᠳᠤ ᠠᠷᠪᠠᠳᠤ ᠶᠢᠨ ᠪᠤᠳᠠᠷᠬᠠᠢ ᠶᠢ ᠦᠯᠡᠳᠡᠬᠡᠨ᠎ᠡ︶᠂ ᠨᠦᠬᠦᠪᠦᠷᠢ ᠶᠢᠨ ᠪᠡᠯᠡ ᠮᠦᠩᠭᠦ  ᠨᠢ ᠨᠡᠶᠢᠳᠡ 9411.54 ᠲᠦᠮᠡᠨ ᠲᠦᠭᠦᠷᠢᠭ ᠪᠤᠯᠤᠨ᠎ᠠ᠃ ᠲᠡᠬᠡᠷᠡᠬᠢ ᠬᠤᠶᠠᠷ ᠲᠦᠷᠦᠯ ᠤᠨ ᠨᠦᠬᠦᠪᠦᠷᠢ ᠪᠡᠯᠡ ᠮᠦᠩᠭᠦ ᠨᠢ ᠨᠡᠶᠢᠳᠡ 43530 ᠲᠦᠮᠡᠨ ᠲᠦᠭᠦᠷᠢᠭ ᠪᠤᠯᠤᠨ᠎ᠠ᠃    ︵ᠭᠤᠷᠪᠠ︶ ᠪᠤᠳᠠᠳᠠᠢ ᠱᠠᠭᠠᠷᠳᠠᠯᠭ᠎ᠠ    ⒈ ᠵᠠᠰᠠᠭ ᠢ ᠴᠤᠮᠬᠠᠳᠬᠠᠨ ᠡᠷᠬᠡ ᠶᠢ ᠴᠢᠨᠠᠭᠰᠢᠳᠠ ᠲᠠᠯᠪᠢᠵᠤ᠂ ᠬᠡᠷᠡᠭᠵᠢᠭᠦᠯᠬᠦ ᠭᠤᠤᠯ ᠴᠤᠭᠴᠠ ᠶᠢ ᠲᠤᠳᠤᠷᠬᠠᠶᠢᠯᠠᠨ᠎ᠠ᠃ ᠰᠢᠨ᠎ᠡ ᠨᠢᠭᠡᠨ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠨᠢ ᠡᠭᠦᠷᠬᠡ᠂ ᠪᠡᠯᠡ ᠮᠦᠩᠭᠦ᠂ ᠬᠠᠷᠠᠯᠳᠠ᠂ ᠬᠠᠷᠢᠭᠤᠴᠠᠯᠭ᠎ᠠ᠂ ᠠᠷᠭ᠎ᠠ ᠵᠡᠷᠭᠡ ᠲᠠᠪᠤ ᠶᠢ ᠬᠤᠰᠢᠭᠤ ᠲᠤᠭᠤᠷᠢᠭ ᠲᠤ ᠬᠦᠷᠬᠡᠬᠦ ᠵᠠᠷᠴᠢᠮ ᠢ ᠪᠠᠷᠢᠮᠳᠠᠯᠠᠵᠤ᠂ ᠬᠤᠰᠢᠭᠤ ᠲᠤᠭᠤᠷᠢᠭ ᠪᠤᠯ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠭᠤᠤᠯ ᠴᠤᠭᠴᠠ ᠪᠠ ᠬᠠᠷᠢᠭᠤᠴᠠᠯᠭ᠎ᠠ ᠶᠢᠨ ᠭᠤᠤᠯ ᠴᠤᠭᠴᠠ ᠪᠤᠯᠬᠤ ᠶᠢ ᠲᠤᠳᠤᠷᠬᠠᠶᠢᠯᠠᠨ᠎ᠠ᠃ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠨᠢ ᠦᠪᠡᠷᠳᠡᠬᠡᠨ ᠵᠠᠰᠠᠬᠤ ᠤᠷᠤᠨ ᠤ ᠬᠡᠷᠡᠭᠵᠢᠭᠦᠯᠬᠦ ᠲᠦᠰᠦᠯ ᠢ ᠦᠨᠳᠦᠰᠦᠯᠡᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠰᠢᠭᠤ ᠲᠤᠭᠤᠷᠢᠭ ᠢ ᠵᠢᠯᠤᠭᠤᠳᠤᠨ ᠰᠢᠨ᠎ᠡ ᠨᠢᠭᠡᠨ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠬᠦ ᠲᠦᠰᠦᠯ ᠢ ᠲᠤᠭᠳᠠᠭᠠᠨ᠎ᠠ᠃    ⒉ᠪᠠᠷᠢᠮᠵᠢᠶᠠᠳᠤ ᠮᠤ᠋ ᠶᠢᠨ ᠢᠯᠡᠳᠬᠡᠮᠵᠢ ᠶᠢ ᠦᠷᠭᠦᠯᠵᠢᠯᠡᠨ ᠬᠡᠷᠡᠭᠯᠡᠵᠤ᠂ ᠲᠦᠷᠦ ᠶᠢᠨ ᠪᠤᠳᠤᠯᠭ᠎ᠠ ᠶᠢᠨ ᠠᠰᠢᠭ ᠢ ᠬᠦᠷᠳᠡᠭᠰᠡᠨ ᠤᠷᠤᠨ ᠲᠤᠭᠤᠷᠢᠭ ᠤᠨ ᠲᠡᠩᠴᠡᠭᠦᠷᠢ ᠶᠢ ᠪᠡᠶᠡᠯᠡᠭᠦᠯᠦᠨ᠎ᠡ᠃ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠳᠡ ᠶᠢᠨ ᠡᠷᠬᠡ ᠲᠡᠭᠰᠢ ᠵᠦᠢ ᠵᠤᠬᠢᠰᠲᠠᠢ ᠶᠢ ᠪᠠᠳᠤᠯᠠᠵᠤ᠂ ᠠᠩᠬᠠᠳᠤᠭᠠᠷ ᠬᠤᠭᠤᠴᠠᠭᠠᠨ ᠤ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ  ᠶᠢ ᠭᠦᠢᠴᠡᠳ ᠪᠠᠳᠠᠷᠠᠭᠤᠯᠬᠤ ᠶᠢᠨ ᠲᠤᠰᠠᠳᠠ ᠦᠪᠡᠷᠳᠡᠬᠡᠨ ᠵᠠᠰᠠᠬᠤ ᠤᠷᠤᠨ ᠠᠩᠬᠠᠳᠤᠭᠠᠷ ᠬᠤᠭᠤᠴᠠᠭᠠᠨ ᠤ ᠨᠦᠬᠦᠪᠦᠷᠢ ᠱᠠᠩᠨᠠᠯ ᠤᠨ ᠲᠠᠪᠤᠨ ᠵᠢᠯ ᠤᠨ ᠲᠤᠮᠳᠠᠴᠢ ᠡᠪᠡᠰᠤᠨ ᠤ ᠤᠨᠠᠯᠳᠠ ᠶᠢᠨ ᠬᠡᠮᠵᠢᠶ᠎ᠡ ᠪᠠᠷ ᠰᠠᠭᠤᠷᠢ ᠲᠤᠭ᠎ᠠ ᠪᠤᠯᠭᠠᠨ᠂ ᠡᠯ᠎ᠡ ᠭᠠᠵᠠᠷ ᠤᠷᠤᠨ ᠤ ᠪᠠᠷᠢᠮᠵᠢᠶᠠᠳᠤ ᠮᠤ᠋ ᠶᠢᠨ ᠢᠯᠡᠳᠬᠡᠮᠵᠢ ᠵᠢᠴᠢ ᠨᠦᠬᠦᠪᠦᠷᠢ ᠱᠠᠩᠨᠠᠯ ᠤᠨ ᠪᠠᠷᠢᠮᠵᠢᠶ᠎ᠠ  ᠶᠢ ᠬᠡᠮᠵᠢᠨ ᠪᠤᠳᠤᠵᠤ ᠭᠠᠷᠭᠠᠨ᠎ᠠ᠃ ᠮᠠᠨ ᠤ ᠬᠤᠳᠠ ᠨᠢ ᠦᠪᠡᠷᠳᠡᠬᠡᠨ ᠵᠠᠰᠠᠬᠤ ᠤᠷᠤᠨ ᠤ ᠪᠠᠷᠢᠮᠵᠢᠶᠠᠳᠤ ᠮᠤ᠋ ᠶᠢᠨ ᠢᠯᠡᠳᠬᠡᠮᠵᠢ ᠶᠢ ᠦᠨᠳᠦᠰᠦᠯᠡᠨ ᠡᠯ᠎ᠡ ᠬᠤᠰᠢᠭᠤ ᠲᠤᠭᠤᠷᠢᠭ ᠤᠨ ᠡᠭᠦᠷᠬᠡ ᠪᠠ ᠪᠡᠯᠡ ᠮᠦᠩᠭᠦ ᠶᠢ ᠨᠠᠶᠢᠳᠠᠪᠦᠷᠢᠵᠢᠭᠤᠯᠤᠨ᠎ᠠ᠃    ⒊ᠲᠡᠬᠡᠷᠡᠬᠢ ᠶᠢ ᠬᠢᠵᠠᠭᠠᠷᠯᠠᠵᠤ ᠰᠠᠭᠤᠷᠢ ᠶᠢ ᠪᠠᠳᠤᠯᠠᠬᠤ ᠠᠷᠭ᠎ᠠ ᠬᠡᠮᠵᠢᠶ᠎ᠡ ᠠᠪᠴᠤ᠂ ᠮᠠᠯᠴᠢᠨ ᠲᠠᠷᠢᠶᠠᠴᠢᠳ  ᠲᠤ ᠲᠡᠩᠴᠡᠭᠦᠷᠢᠲᠠᠢ ᠪᠠᠷ ᠠᠰᠢᠭ ᠬᠦᠷᠳᠡᠭᠡᠬᠦ ᠶᠢ ᠪᠡᠶᠡᠯᠡᠭᠦᠯᠦᠨ᠎ᠡ᠃ ᠡᠯ᠎ᠡ ᠬᠤᠰᠢᠭᠤ ᠲᠤᠭᠤᠷᠢᠭ ᠲᠡᠬᠡᠷᠡᠬᠢ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠤ᠂ ᠨᠦᠬᠦᠪᠦᠷᠢ ᠶᠢᠨ ᠡᠷᠦᠬᠡ ᠳᠤ ᠬᠦᠷᠬᠦ ᠪᠡᠯᠡ ᠮᠦᠩᠭᠦ ᠬᠡᠳᠤ ᠦᠨᠳᠦᠷ ᠪᠤᠯᠬᠤ ᠠᠴᠠ ᠵᠠᠶᠢᠯᠠᠰᠬᠢᠵᠤ᠂ ᠬᠢᠵᠠᠭᠠᠷᠯᠠᠬᠤ ᠪᠠᠷᠢᠮᠵᠢᠶ᠎ᠠ ᠶᠢ ᠲᠤᠰ ᠭᠠᠵᠠᠷ ᠤᠷᠤᠨ ᠤ ᠲᠡᠬᠡᠷ᠎ᠡ ᠵᠢᠯ ᠤᠨ ᠮᠠᠯᠴᠢᠨ ᠲᠠᠷᠢᠶᠠᠴᠢᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ ᠶᠢᠨ 2 ᠲᠠᠬᠢᠨ ᠢᠶᠠᠷ ᠬᠢᠵᠠᠭᠠᠷᠯᠠᠨ᠎ᠠ︔ ᠰᠠᠭᠤᠷᠢ ᠶᠢ ᠪᠠᠳᠤᠯᠠᠬᠤ ᠠᠷᠭ᠎ᠠ ᠬᠡᠮᠵᠢᠶ᠎ᠡ ᠨᠢ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠪᠠ ᠤᠨᠢᠨ ᠲᠡᠬᠡᠷ᠎ᠡ ᠨᠢ ᠶᠠᠳᠠᠭᠤ ᠶᠢ ᠲᠡᠳᠬᠦᠬᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠳᠠᠯᠠᠵᠤ᠂ ᠮᠠᠯᠵᠢᠬᠤ ᠤᠷᠤᠨ ᠳᠤ ᠴᠣᠯᠣ ᠲᠠᠷᠢᠶᠠᠯᠠᠩ ᠮᠠᠯ ᠠᠵᠤ ᠠᠬᠤᠢ ᠶᠢᠨ ᠣᠶᠢᠯᠡᠳᠪᠦᠷᠢᠯᠡᠯ ᠡᠵᠡᠩᠨᠡᠯᠳᠡ ᠶᠢ ᠡᠷᠬᠢᠯᠡᠬᠦ ᠪᠡᠯᠴᠢᠬᠡᠷᠯᠡᠭᠦᠯᠬᠦ ᠶᠢ ᠬᠤᠷᠢᠭᠯᠠᠬᠤ ᠡᠷᠦᠬᠡ ᠳᠤ ᠬᠠᠮᠤᠭ ᠲᠤᠤᠷ᠎ᠠ ᠶᠠᠳᠠᠭᠤ ᠭᠦᠴᠢᠷᠳᠡᠯᠲᠠᠢ ᠡᠷᠦᠬᠡ ᠶᠢᠨ ᠱᠣᠭᠤᠮ ᠪᠠᠷ ᠯᠠᠪᠯᠠᠯᠳᠠ ᠪᠤᠯᠭᠠᠨ ᠰᠠᠭᠤᠷᠢ ᠶᠢ ᠪᠠᠳᠤᠯᠠᠬᠤ ᠲᠦᠷᠦ ᠶᠢᠨ ᠪᠤᠳᠤᠯᠭ᠎ᠠ ᠬᠡᠷᠡᠭᠵᠢᠭᠦᠯᠵᠤ᠂ ᠪᠤᠳᠠᠳᠠᠢ ᠰᠠᠭᠤᠷᠢ ᠶᠢ ᠪᠠᠳᠤᠯᠠᠬᠤ ᠲᠦᠰᠦᠯ ᠵᠢᠴᠢ ᠠᠷᠭ᠎ᠠ ᠶᠢ ᠬᠤᠰᠢᠭᠤ ᠲᠤᠭᠤᠷᠢᠭ ᠠᠴᠠ ᠦᠪᠡᠷᠳᠡᠬᠡᠨ ᠲᠤᠭᠳᠠᠭᠠᠵᠤ᠂ ᠪᠡᠯᠡ ᠮᠦᠩᠭᠦ ᠶᠢ ᠭᠤᠤᠯᠳᠠᠭᠤ ᠦᠯᠡᠳᠡᠪᠦᠷᠢ ᠪᠡᠯᠡ ᠮᠦᠩᠭᠦ ᠲᠤᠮᠳᠠ ᠠᠴᠠ ᠰᠢᠢᠳᠪᠦᠷᠢᠯᠡᠵᠤ᠂ ᠬᠦᠷᠦᠯᠴᠡᠬᠦ ᠦᠬᠡᠢ ᠬᠡᠰᠡᠭ ᠢ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ  ᠠᠴᠠ ᠡᠭᠦᠷᠬᠡᠯᠡᠨ᠎ᠡ᠃    ⒋ᠨᠤᠳᠤᠭ ᠪᠡᠯᠴᠢᠬᠡᠷ ᠤᠨ ᠲᠤᠰᠬᠠᠢ ᠲᠤᠰᠢᠶᠠᠯ ᠤᠨ ᠬᠠᠮᠢᠶᠠᠷᠤᠨ ᠬᠠᠮᠠᠭᠠᠯᠠᠬᠤ ᠠᠵᠢᠯᠳᠠᠨ ᠤ ᠲᠦᠷᠢᠮ ᠢ ᠬᠡᠷᠡᠭᠵᠢᠭᠦᠯᠵᠤ᠂ ᠬᠢᠨᠠᠨ ᠬᠠᠮᠢᠶᠠᠷᠬᠤ ᠭᠦᠴᠦᠯᠡᠴᠡ ᠶᠢ ᠨᠡᠮᠡᠭᠳᠡᠭᠦᠯᠦᠨ᠎ᠡ᠃ ᠬᠤᠰᠢᠭᠤ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠲᠤᠭᠳᠠᠭᠠᠯ ᠪᠠ ᠲᠡᠰ ᠲᠠᠷᠠᠭᠠᠯᠠᠯ ᠶᠤᠰᠤᠭᠠᠷ ᠲᠤᠰᠬᠠᠢ ᠲᠤᠰᠢᠶᠠᠯ ᠤᠨ ᠨᠤᠳᠤᠭ ᠪᠡᠯᠴᠢᠬᠡᠷ ᠤᠨ ᠬᠠᠮᠢᠶᠠᠷᠤᠨ ᠬᠠᠮᠠᠭᠠᠯᠠᠬᠤ ᠠᠵᠢᠯᠳᠠᠨ ᠢ ᠨᠢᠭᠡᠳᠤᠯᠲᠠᠢ ᠤᠷᠢᠨ ᠬᠡᠷᠡᠭᠯᠡᠵᠤ᠂ ᠬᠤᠰᠢᠭᠤ ᠲᠤᠭᠤᠷᠢᠭ ᠤᠨ ᠨᠤᠳᠤᠭ ᠪᠡᠯᠴᠢᠬᠡᠷ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠠᠴᠠ ᠨᠢᠭᠡᠳᠤᠯᠲᠠᠢ ᠬᠠᠮᠢᠶᠠᠷᠴᠤ᠂ ᠨᠤᠳᠤᠭ ᠪᠡᠯᠴᠢᠬᠡᠷ ᠤᠨ ᠬᠠᠤᠯᠢ ᠬᠡᠷᠡᠭᠵᠢᠭᠦᠯᠬᠦ ᠠᠵᠢᠯᠳᠠᠨ ᠢ ᠬᠠᠪᠰᠤᠷᠤᠨ ᠪᠡᠯᠴᠢᠬᠡᠷᠯᠡᠭᠦᠯᠬᠦ ᠶᠢ ᠬᠤᠷᠢᠭᠯᠠᠬᠤ᠂ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠵᠡᠷᠬᠡ ᠠᠵᠢᠯ ᠢ ᠰᠠᠶᠢᠳᠤᠷ ᠬᠢᠨ᠎ᠡ ᠃ ︵ᠲᠤᠰᠬᠠᠢ ᠲᠤᠰᠢᠶᠠᠯ ᠤᠨ ᠨᠤᠳᠤᠭ ᠪᠡᠯᠴᠢᠬᠡᠷ ᠤᠨ ᠬᠠᠮᠢᠶᠠᠷᠤᠨ ᠬᠠᠮᠠᠭᠠᠯᠠᠬᠤ ᠠᠵᠢᠯᠳᠠᠨ ᠤ ᠬᠠᠮᠢᠶᠠᠷᠤᠯᠳᠠ ᠶᠢᠨ ᠠᠷᠭ᠎ᠠ ᠶᠢ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠠᠴᠠ ᠠᠰᠳᠠᠭᠠᠨ ᠲᠤᠭᠳᠠᠭᠠᠵᠤ᠂ ᠮᠠᠨ ᠤ ᠬᠤᠳᠠ ᠯᠠᠪᠯᠠᠯᠳᠠ ᠪᠤᠯᠭᠠᠨ ᠬᠡᠷᠡᠭᠵᠢᠭᠦᠯᠦᠨ᠎ᠡ︶᠃    ⒌ᠨᠦᠬᠦᠪᠦᠷᠢ ᠪᠡᠯᠡ ᠮᠦᠩᠬᠦᠨ ᠤ ᠬᠠᠷᠢᠭᠤᠴᠠᠯᠭ᠎ᠠ ᠶᠢ ᠭᠦᠢᠴᠡᠳᠬᠡᠬᠦ ᠲᠠᠢ ᠬᠤᠯᠪᠤᠭᠳᠠᠭᠤᠯᠵᠤ᠂ ᠱᠠᠩᠨᠠᠵᠤ ᠲᠤᠷᠭᠠᠬᠤ ᠲᠦᠷᠢᠮ ᠢ ᠪᠠᠶᠢᠭᠤᠯᠤᠨ᠎ᠠ᠃ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠪᠡᠯᠡ ᠮᠦᠩᠭᠦ ᠶᠢ ᠴᠠᠭ ᠲᠤᠬᠠᠢ ᠳᠤᠨᠢ ᠡᠷᠦᠬᠡ ᠳᠤ ᠰᠤᠯᠢᠨ ᠦᠭᠴᠤ᠂ ᠪᠡᠯᠴᠢᠬᠡᠷᠯᠡᠭᠦᠯᠬᠦ ᠶᠢ ᠬᠤᠷᠢᠭᠯᠠᠬᠤ᠂ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠶᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ ᠵᠤᠬᠢᠬᠤ ᠬᠡᠮᠵᠢᠶ᠎ᠠ ᠪᠠᠷ ᠰᠠᠭᠤᠯᠭᠠᠨ ᠠᠪᠬᠤ ᠪᠤᠶᠤ ᠬᠦᠬᠢᠭᠦᠯᠵᠤ᠂ ᠪᠤᠳᠠᠳᠠᠢ ᠱᠠᠩᠨᠠᠵᠤ ᠲᠤᠷᠭᠠᠬᠤ ᠠᠷᠭ᠎ᠠ ᠶᠢ ᠦᠪᠡᠷᠳᠡᠬᠡᠨ ᠵᠠᠰᠠᠬᠤ ᠤᠷᠤᠨ ᠵᠢᠴᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢᠶᠠᠷ ᠯᠠᠪᠯᠠᠯᠳᠠ ᠪᠤᠯᠭᠠᠵᠤ᠂ ᠬᠤᠰᠢᠭᠤ ᠲᠤᠭᠤᠷᠢᠭ ᠠᠴᠠ ᠦᠪᠡᠷᠳᠡᠬᠡᠨ ᠲᠤᠭᠳᠠᠭᠠᠨ᠎ᠠ᠃    ⒍ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶᠡᠷᠡᠵᠤ ᠲᠠᠭᠠᠭᠠᠴᠢᠯᠠᠬᠤ ᠠᠵᠢᠯ ᠢ ᠦᠨᠡᠨᠬᠦ ᠠᠬᠢᠭᠤᠯᠵᠤ᠂ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶᠡᠷᠡᠵᠤ ᠲᠠᠭᠠᠭᠠᠴᠢᠯᠠᠭᠰᠠᠨ ᠦᠷ᠎ᠡ ᠪᠦᠲᠦᠬᠡᠯ ᠢ ᠠᠰᠢᠭᠯᠠᠨ᠎ᠠ᠃ ︽ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶᠡᠷᠡᠵᠤ ᠲᠠᠭᠠᠭᠠᠴᠢᠯᠠᠵᠤ ᠲᠦᠰᠦᠯ︾ ᠤᠨ ᠲᠤᠭᠳᠠᠭᠠᠯ ᠶᠤᠰᠤᠭᠠᠷ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶᠡᠷᠡᠵᠤ ᠲᠠᠭᠠᠭᠠᠴᠢᠯᠠᠬᠤ ᠠᠵᠢᠯ ᠢ ᠪᠦᠬᠦ ᠭᠦᠴᠦᠨ ᠢᠶᠠᠷ ᠰᠠᠶᠢᠳᠤᠷ ᠬᠢᠵᠤ ᠲᠤᠭ᠎ᠠ ᠴᠢᠨᠠᠷ ᠢ ᠪᠠᠳᠤᠯᠠᠨ ᠬᠤᠭᠤᠴᠠᠭ᠎ᠠ ᠶᠤᠰᠤᠭᠠᠷ ᠡᠭᠦᠷᠬᠡ ᠶᠢ ᠪᠡᠶᠡᠯᠡᠭᠦᠯᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠪᠦᠲᠦᠮᠵᠢᠲᠠᠢ ᠨᠠᠶᠢᠳᠠᠪᠦᠷᠢᠵᠢᠭᠤᠯᠬᠤ ᠳᠤ ᠰᠠᠭᠤᠷᠢ ᠶᠢ ᠪᠠᠳᠣᠳᠬᠠᠨ᠎ᠠ᠃ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶᠡᠷᠡᠵᠤ ᠲᠠᠭᠠᠭᠠᠴᠢᠯᠠᠬᠤ ᠠᠵᠢᠯ  ᠢ ᠪᠡᠶᠡᠯᠡᠭᠦᠯᠦᠭᠰᠡᠨ ᠬᠤᠰᠢᠭᠤ ᠲᠤᠭᠤᠷᠢᠭ᠂ ᠰᠢᠨ᠎ᠡ ᠨᠢᠭᠡᠨ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠬᠤ ᠳᠤ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶ᠋ᠷᠡᠵᠤ ᠲᠠᠭᠠᠭᠠᠴᠢᠯᠠᠭᠰᠠᠨ ᠤ ᠲᠠᠷᠠᠭᠠᠬᠢ ᠲᠠᠯᠠᠪᠠᠢ ᠪᠠᠷ ᠬᠡᠷᠡᠭᠵᠢᠭᠦᠯᠦᠨ᠎ᠡ ︔ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶᠡᠷᠡᠵᠤ ᠲᠠᠭᠠᠭᠠᠴᠢᠯᠠᠬᠤ ᠶᠢ ᠪᠡᠶᠡᠯᠡᠭᠦᠯᠦᠭᠰᠡᠨ ᠦᠬᠡᠢ ᠬᠤᠰᠢᠭᠤ ᠲᠤᠭᠤᠷᠢᠭ ᠲᠦᠷ ᠴᠠᠭ ᠨᠢᠭᠡᠳᠦᠬᠡᠷ ᠬᠤᠭᠤᠴᠠᠭᠠᠨ ᠤ ᠲᠠᠭᠠᠭᠠᠴᠢᠯᠠᠭᠰᠠᠨ ᠲᠠᠯᠠᠪᠠᠢ ᠪᠠᠷ ᠯᠠᠪᠯᠠᠯᠳᠠ ᠪᠤᠯᠭᠠᠨ ᠬᠡᠷᠡᠭᠵᠢᠭᠦᠯᠦᠨ᠎ᠡ᠃ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶᠡᠷᠡᠵᠤ ᠲᠠᠭᠠᠭᠠᠴᠢᠯᠠᠬᠤ ᠶᠢ ᠪᠡᠶᠡᠯᠡᠭᠦᠯᠦᠭᠰᠡᠨ ᠤ ᠲᠠᠷᠠᠭ᠎ᠠ ᠴᠠᠭ ᠲᠤᠬᠠᠢ ᠳᠤᠨᠢ ᠲᠤᠬᠢᠷᠠᠭᠤᠯᠤᠯᠳᠠ ᠬᠢᠨ᠎ᠡ᠃    ⒎ ᠬᠠᠤᠯᠢ ᠶᠤᠰᠤᠭᠠᠷ ᠡᠮᠬᠢ ᠲᠢᠭᠯᠢᠮ ᠲᠠᠢ ᠪᠠᠷ ᠡᠷᠬᠢᠯᠳᠦᠭᠦᠯᠬᠦ ᠶᠢ ᠵᠤᠷᠢᠭᠵᠢᠭᠤᠯᠵᠤ᠂ ᠠᠰᠢᠭ ᠬᠦᠷᠳᠡᠬᠦ ᠭᠤᠤᠯ ᠴᠤᠭᠴᠠ ᠶᠢ ᠲᠤᠳᠤᠷᠬᠠᠶᠢᠯᠠᠨ᠎ᠠ᠃ ᠪᠡᠯᠴᠢᠬᠡᠷᠯᠡᠭᠦᠯᠬᠦ ᠶᠢ ᠬᠤᠷᠢᠭᠯᠠᠬᠤ ᠤᠷᠤᠨ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠤᠷᠤᠨ ᠳᠤ ᠤᠷᠤᠭᠤᠯᠤᠭᠰᠠᠨ ᠡᠷᠬᠢᠯᠳᠦᠭᠦᠯᠦᠭᠰᠡᠨ ᠨᠤᠳᠤᠭ ᠪᠡᠯᠴᠢᠬᠡᠷ ᠲᠤ ᠴᠤ ᠵᠤᠬᠢᠴᠠᠯᠳᠤᠭᠰᠠᠨ ᠪᠡᠯᠴᠢᠬᠡᠷᠯᠡᠭᠦᠯᠬᠦ ᠶᠢ ᠬᠤᠷᠢᠭᠯᠠᠬᠤ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠲᠦᠷᠢᠮ ᠢ ᠴᠢᠩᠭ᠎ᠠ ᠬᠡᠷᠡᠭᠵᠢᠭᠦᠯᠵᠤ᠂ ᠪᠡᠯᠴᠢᠬᠡᠷᠯᠡᠭᠦᠯᠬᠦ ᠶᠢ ᠬᠤᠷᠢᠭᠯᠠᠬᠤ ᠨᠦᠬᠦᠪᠦᠷᠢ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠬᠦᠬᠢᠭᠦᠯᠦᠯ ᠢ ᠤᠤᠯ ᠤᠨ ᠲᠠᠭᠠᠭᠠᠴᠢᠯᠠᠭᠴᠢ ᠳᠤ ᠦᠭᠭᠦᠨ᠎ᠡ᠃ ᠬᠠᠤᠯᠢ ᠶᠤᠰᠤᠭᠠᠷ ᠰᠢᠯᠵᠢᠭᠦᠯᠦᠨ ᠦᠭᠬᠦᠭᠰᠡᠨ ᠪᠤᠯ ᠪᠡᠯᠴᠢᠬᠡᠷᠯᠡᠭᠦᠯᠬᠦ ᠶᠢ ᠬᠤᠷᠢᠭᠯᠠᠬᠤ ᠨᠦᠬᠦᠪᠦᠷᠢ ᠪᠤᠶᠤ ᠪᠡᠯᠴᠢᠬᠡᠷ ᠮᠠᠯ  ᠢ ᠲᠡᠩᠴᠡᠭᠦᠷᠢᠲᠠᠢ ᠪᠠᠶᠢᠯᠭᠠᠬᠤ ᠬᠦᠬᠢᠭᠦᠯᠦᠯ ᠢ ᠬᠤᠯᠪᠤᠭᠳᠠᠯ ᠪᠦᠬᠦᠢ ᠬᠡᠷ᠎ᠡ ᠶᠢᠨ ᠵᠤᠶᠢᠯ ᠵᠤᠷᠪᠤᠰ ᠶᠤᠰᠤᠭᠠᠷ ᠬᠡᠷᠡᠭᠵᠢᠭᠦᠯᠦᠨ᠎ᠡ᠃    ⒏ ᠤᠯᠤᠰ ᠤᠨ ᠠᠯᠪᠠᠨ ᠠᠵᠢᠯᠳᠠᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ  ᠶᠢᠨ ᠪᠤᠳᠤᠯᠭ᠎ᠠ ᠶᠢ ᠬᠠᠤᠯᠢ ᠶᠤᠰᠤᠭᠠᠷ ᠬᠦᠷᠳᠡᠬᠦ ᠶᠢ ᠡᠷᠡᠰ ᠬᠤᠷᠢᠭᠯᠠᠨ᠎ᠠ᠃ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ  ᠶᠢᠨ ᠪᠤᠳᠤᠯᠭ᠎ᠠ ᠶᠢ ᠨᠠᠶᠢᠳᠠᠪᠦᠷᠢᠵᠢᠭᠤᠯᠬᠤ ᠳᠤ ᠤᠯᠤᠰ ᠤᠨ ᠠᠯᠪᠠᠨ ᠠᠵᠢᠯᠳᠠᠨ ᠲᠤᠰᠢᠶᠠᠯ ᠡᠷᠬᠡ ᠪᠠᠨ ᠠᠰᠢᠭᠯᠠᠨ ᠨᠤᠳᠤᠭ ᠪᠡᠯᠴᠢᠬᠡᠷ ᠢ ᠬᠠᠤᠯᠢ ᠶᠤᠰᠤᠭᠠᠷ ᠡᠵᠡᠯᠡᠨ ᠬᠡᠷᠡᠭᠯᠡᠵᠤ ᠲᠡᠷᠡᠴᠢᠯᠡᠨ ᠶᠠᠮᠠᠷᠪᠠ ᠬᠡᠯᠪᠡᠷᠢ ᠪᠠᠷ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠦᠷᠳᠡᠵᠤ᠂ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠡᠵᠡᠯᠡᠬᠦ ᠶᠢ ᠡᠷᠡᠰ ᠬᠤᠷᠢᠭᠯᠠᠨ᠎ᠠ᠃    ⒐ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠡᠭᠦᠷᠬᠡ ᠶᠢ ᠦᠪᠡᠷᠳᠡᠬᠡᠨ ᠵᠠᠰᠠᠬᠤ ᠤᠷᠤᠨ ᠠᠴᠠ ᠪᠠᠭᠤᠯᠭᠠᠭᠰᠠᠨ ᠡᠭᠦᠷᠬᠡ ᠶᠤᠰᠤᠭᠠᠷ ᠬᠡᠷᠡᠭᠵᠢᠭᠦᠯᠦᠨ᠎ᠡ᠃    ︵ᠲᠦᠷᠪᠡ︶ ᠪᠡᠯᠡ ᠮᠦᠩᠭᠦ ᠶᠢ ᠰᠤᠯᠢᠨ ᠦᠭᠬᠦ ᠱᠠᠩᠨᠠᠵᠤ ᠲᠤᠷᠭᠠᠬᠤ ᠠᠷᠭ᠎ᠠ    ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠭᠠᠯᠠᠯᠳᠠ ᠶᠢᠨ ᠨᠦᠬᠦᠪᠦᠷᠢ ᠱᠠᠩᠨᠠᠯ ᠤᠨ ᠪᠡᠯᠡ ᠮᠦᠩᠭᠦ ᠶᠢ ᠰᠤᠯᠢᠵᠤ ᠦᠭᠬᠦ ᠶᠢ ᠮᠠᠯᠴᠢᠨ ᠲᠠᠷᠢᠶᠠᠴᠢᠳ ᠤᠨ ᠪᠡᠯᠴᠢᠬᠡᠷᠯᠡᠭᠦᠯᠬᠦ ᠶᠢ ᠬᠤᠷᠢᠭᠯᠠᠬᠤ᠂ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠲᠦᠷᠢᠮ ᠤᠨ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠲᠠᠢ ᠬᠤᠯᠪᠤᠭᠳᠠᠭᠤᠯᠵᠤ᠂ ᠪᠡᠯᠴᠢᠬᠡᠷᠯᠡᠭᠦᠯᠬᠦ ᠶᠢ ᠬᠤᠷᠢᠭᠯᠠᠬᠤ ᠪᠠ ᠪᠡᠯᠴᠢᠬᠡᠷ ᠮᠠᠯ ᠢ ᠲᠡᠩᠴᠡᠭᠦᠷᠢᠳᠠᠢ ᠪᠠᠶᠢᠯᠭᠠᠬᠤ ᠶᠢ ᠬᠡᠷᠡᠭᠵᠢᠭᠦᠯᠦᠭᠰᠡᠨ ᠢᠶᠠᠷ ᠰᠠᠶᠢᠨ ᠪᠢᠰᠢ ᠶᠢ ᠵᠤᠬᠢᠬᠤ ᠬᠠᠷᠢᠴᠠᠯ ᠤᠨ ᠨᠦᠬᠦᠪᠦᠷᠢ ᠱᠠᠩᠨᠠᠯ ᠤᠨ ᠪᠡᠯᠡ ᠮᠦᠩᠭᠦ ᠶᠢ ᠰᠠᠭᠤᠯᠭᠠᠨ ᠠᠪᠬᠤ ᠪᠤᠶᠤ ᠦᠭᠬᠦ ᠶᠢ ᠵᠤᠭᠰᠤᠭᠠᠨ᠎ᠠ︔ ᠪᠡᠯᠴᠢᠬᠡᠷᠯᠡᠭᠦᠯᠬᠦ ᠶᠢ ᠬᠤᠷᠢᠭᠯᠠᠬᠤ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠶᠢ ᠴᠢᠩᠭ᠎ᠠ ᠬᠡᠷᠡᠭᠵᠢᠭᠦᠯᠦᠭᠰᠡᠨ ᠢ ᠵᠤᠬᠢᠬᠤ ᠬᠠᠷᠢᠴᠠᠯ ᠤᠨ ᠱᠠᠩᠨᠠᠯ ᠤᠯᠭᠤᠨ᠎ᠠ᠃ ᠪᠤᠳᠠᠳᠠᠢ ᠱᠠᠩᠨᠠᠵᠤ ᠲᠤᠷᠭᠠᠬᠤ ᠠᠷᠭ᠎ᠠ ᠶᠢ ᠤᠯᠤᠰ ᠵᠢᠴᠢ ᠦᠪᠡᠷᠳᠡᠬᠡᠨ ᠵᠠᠰᠠᠬᠤ ᠤᠷᠤᠨ ᠤ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ ᠬᠤᠰᠢᠭᠤ ᠲᠤᠭᠤᠷᠢᠭ ᠠᠴᠠ ᠱᠠᠩᠨᠠᠵᠤ ᠲᠤᠷᠭᠠᠬᠤ ᠠᠷᠭ᠎ᠠ ᠶᠢ ᠦᠪᠡᠷᠳᠡᠬᠡᠨ ᠲᠤᠭᠳᠠᠭᠠᠨ᠎ᠠ᠃ ᠬᠤᠳᠠ ᠶᠢᠨ ᠡᠳ᠋ ᠤᠨ ᠵᠠᠰᠠᠭ ᠤᠨ ᠬᠢᠨ ᠤᠯᠤᠰ ᠤᠨ ᠪᠡᠯᠡ ᠮᠦᠩᠭᠦᠨ ᠤ ᠤᠷᠤᠨᠵᠢᠭᠰᠠᠨ ᠪᠠᠶᠢᠳᠠᠯ ᠢ ᠦᠨᠳᠦᠰᠦᠯᠡᠨ᠂ ᠵᠢᠯ ᠪᠦᠷᠢ ᠶᠢᠨ 3 ᠳ᠋ᠤᠭᠠᠷ ᠰᠠᠷ᠎ᠠ ᠳᠤ ᠨᠦᠬᠦᠪᠦᠷᠢᠯᠡᠨ ᠬᠦᠬᠢᠭᠦᠯᠬᠦ ᠪᠡᠯᠡ ᠮᠦᠩᠭᠦ  ᠶᠢ ᠰᠠᠯᠭᠠᠨ ᠦᠭᠴᠤ ᠬᠤᠰᠢᠭᠤ ᠲᠤᠭᠤᠷᠢᠭ ᠤᠨ ᠡᠳ᠋  ᠤᠨ ᠵᠠᠰᠠᠭ ᠨᠢ ᠲᠦᠷᠦᠯ ᠵᠤᠶᠢᠯ ᠤᠨ ᠡᠷᠦᠬᠡᠨ ᠤ 70%  ᠶᠢᠨ ᠨᠦᠬᠦᠪᠦᠷᠢ ᠱᠠᠩᠨᠠᠯ ᠤᠨ ᠪᠡᠯᠡ ᠮᠦᠩᠭᠦ ᠶᠢ ᠤᠷᠢᠳᠴᠢᠯᠠᠨ ᠰᠠᠯᠭᠠᠨ ᠦᠭᠭᠦᠨ᠎ᠡ︔ 11 ᠳ᠋ᠤᠬᠡᠷ ᠰᠠᠷ᠎ᠠ ᠳᠤ ᠲᠦᠷᠦᠯ ᠵᠤᠶᠢᠯ ᠢ ᠰᠢᠯᠭᠠᠨ ᠬᠤᠷᠢᠶᠠᠭᠠᠳ ᠬᠢᠷᠢ ᠲᠡᠩᠴᠡᠵᠤ᠂ ᠢᠯᠠ ᠵᠠᠷᠯᠠᠬᠤ ᠬᠤᠭᠤᠴᠠᠭ᠎ᠠ ᠳᠠᠭᠤᠰᠴᠣ ᠤᠨᠳᠤᠤ ᠰᠠᠨᠠᠯ ᠦᠬᠡᠢ ᠪᠤᠯ ᠬᠤᠰᠢᠭᠤ ᠲᠤᠭᠤᠷᠢᠭ ᠤᠨ ᠡᠳ᠋  ᠤᠨ ᠵᠠᠰᠠᠭ ᠠᠴᠠ ᠦᠯᠡᠳᠡᠭᠰᠡᠨ 30% ᠶᠢᠨ ᠨᠦᠬᠦᠪᠦᠷᠢ ᠱᠠᠩᠨᠠᠯ ᠤᠨ ᠪᠡᠯᠡ ᠮᠦᠩᠭᠦ ᠶᠢ ᠲᠠᠬᠢᠨ ᠰᠠᠯᠭᠠᠨ ᠦᠭᠭᠦᠨ᠎ᠡ    ︵ᠲᠠᠪᠤ︶ ᠪᠡᠯᠴᠢᠬᠡᠷᠯᠡᠭᠦᠯᠬᠦ ᠶᠢ ᠬᠤᠷᠢᠭᠯᠠᠬᠤ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠲᠦᠷᠢᠮ ᠤᠨ ᠬᠢᠨᠠᠨ ᠬᠠᠮᠢᠶᠠᠷᠤᠯᠳᠠ    ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠰᠢᠨ᠎ᠡ ᠨᠢᠬᠡᠨ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠭᠰᠠᠨ ᠪᠡᠯᠴᠢᠬᠡᠷᠯᠡᠭᠦᠯᠬᠦ ᠶᠢ ᠬᠤᠷᠢᠭᠯᠠᠬᠤ ᠤᠷᠤᠨ᠂ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠤᠷᠤᠨ ᠳᠤ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠶᠢ ᠴᠢᠩᠭᠠᠳᠬᠠᠵᠤ ᠲᠠᠩᠰᠠ ᠡᠪᠬᠡᠮᠡᠯ ᠪᠠᠶᠢᠭᠤᠯᠤᠨ᠎ᠠ ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠪᠡᠯᠴᠢᠬᠡᠷᠯᠡᠭᠦᠯᠬᠦ ᠶᠢ ᠬᠤᠷᠢᠭᠯᠠᠬᠤ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠠᠵᠢᠯ ᠤᠨ ᠬᠠᠷᠠᠯᠳᠠᠳᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠦᠷᠢᠵᠢᠭᠤᠯᠵᠤ᠂ ᠬᠠᠷᠢᠭᠤᠴᠠᠯᠭ᠎ᠠ ᠶᠢᠨ ᠪᠢᠴᠢᠭ ᠲᠤᠭᠳᠠᠭᠠᠵᠤ᠂ ᠭᠤᠤᠯ ᠤᠳᠤᠷᠢᠳᠤᠯᠭ᠎ᠠ ᠪᠤᠯ ᠨᠢᠭᠡᠳᠦᠬᠡᠷ ᠬᠠᠷᠢᠭᠤᠴᠠᠯᠭᠠᠳᠠᠨ᠂ ᠬᠤᠪᠢᠶᠠᠨ ᠬᠠᠮᠢᠶᠠᠷᠬᠤ ᠤᠳᠤᠷᠢᠳᠤᠯᠭ᠎ᠠ ᠪᠤᠯ ᠰᠢᠭᠤᠳ ᠬᠠᠷᠢᠭᠤᠴᠠᠯᠭᠠᠳᠠᠨ ᠪᠤᠯᠤᠨ᠎ᠠ᠃ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠮᠠᠯᠴᠢᠨ ᠲᠠᠷᠢᠶᠠᠴᠢᠳ ᠲᠠᠢ ᠪᠡᠯᠴᠢᠬᠡᠷᠯᠡᠭᠦᠯᠬᠦ ᠶᠢ ᠬᠤᠷᠢᠭᠯᠠᠬᠤ ᠬᠠᠷᠢᠭᠤᠴᠠᠯᠭ᠎ᠠ ᠶᠢᠨ ᠪᠢᠴᠢᠭ ︵ᠪᠤᠶᠤ ᠪᠡᠯᠴᠢᠬᠡᠷ ᠮᠠᠯ  ᠢ ᠲᠡᠩᠴᠡᠭᠦᠷᠢᠲᠠᠢ ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ︶ ᠲᠤᠭᠳᠠᠭᠠᠨ᠎ᠠ᠃ ᠡᠯ᠎ᠡ ᠬᠤᠰᠢᠭᠤ ᠲᠤᠭᠤᠷᠢᠭ ᠨᠢ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ᠂ ᠨᠤᠳᠤᠭ ᠪᠡᠯᠴᠢᠬᠡᠷ ᠲᠤ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠰᠠᠯᠠᠭ᠎ᠠ ᠮᠦᠴᠢᠷ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠪᠠ ᠨᠤᠳᠤᠭ ᠪᠡᠯᠴᠢᠬᠡᠷ ᠢ ᠬᠠᠮᠢᠶᠠᠷᠤᠨ ᠬᠠᠮᠠᠭᠠᠯᠠᠬᠤ ᠠᠵᠢᠯᠳᠠᠨ ᠤ ᠬᠠᠮᠢᠶᠠᠷᠤᠨ ᠬᠠᠮᠠᠭᠠᠯᠠᠬᠤ ᠤᠶᠢᠯᠡᠳᠤᠯ ᠢ ᠭᠦᠢᠴᠡᠳ ᠪᠠᠳᠠᠷᠠᠭᠤᠯᠵᠤ᠂ ᠲᠠᠯᠳᠠᠭᠤᠷ ᠪᠡᠯᠴᠢᠬᠡᠷᠯᠡᠭᠦᠯᠬᠦ᠂ ᠰᠦᠨᠢ ᠳᠤᠨᠢ ᠪᠡᠯᠴᠢᠬᠡᠷᠯᠡᠭᠦᠯᠬᠦ᠂ ᠲᠠᠭᠠᠭᠠᠴᠠ ᠠᠴᠠ ᠨᠢ ᠬᠡᠳᠦᠷᠡᠭᠦᠯᠦᠨ ᠪᠡᠯᠴᠢᠬᠡᠷᠯᠡᠭᠦᠯᠬᠦ ᠶᠢ ᠪᠠᠶᠢᠴᠠᠭᠠᠨ ᠰᠢᠢᠳᠪᠦᠷᠢᠯᠡᠬᠦ ᠭᠦᠴᠦᠯᠡᠴᠡ ᠶᠢ ᠴᠢᠨᠠᠭᠰᠢᠳᠠ ᠨᠡᠮᠡᠭᠳᠡᠭᠦᠯᠵᠤ᠂ ᠰᠢᠨ᠎ᠡ ᠨᠢᠭᠡᠨ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠤᠷᠤᠭᠰᠢᠲᠠᠢ ᠬᠡᠷᠡᠭᠵᠢᠭᠦᠯᠬᠦ ᠶᠢ ᠪᠠᠳᠤᠯᠠᠵᠤ᠂ ᠪᠦᠬᠦ ᠬᠤᠳᠠ ᠶᠢᠨ ᠠᠮᠢ ᠠᠬᠤᠢ ᠶᠢᠨ ᠪᠦᠲᠦᠬᠡᠨ ᠪᠠᠶᠢᠭᠤᠯᠤᠯᠳᠠ ᠶᠢᠨ ᠦᠷ᠎ᠡ ᠪᠦᠲᠦᠬᠡᠯ ᠢ ᠴᠢᠨᠠᠭᠰᠢᠳᠠ ᠪᠠᠳᠤᠳᠬᠠᠨ᠎ᠠ᠃    ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠪᠡᠯᠡ ᠮᠦᠩᠭᠦ ᠶᠢ ᠲᠠᠷᠬᠠᠭᠠᠬᠤ ᠶᠢ ᠮᠠᠯᠴᠢᠨ ᠲᠠᠷᠢᠶᠠᠴᠢᠨ ᠡᠷᠦᠬᠡ ᠶᠢᠨ ᠪᠡᠯᠴᠢᠬᠡᠷᠯᠡᠭᠦᠯᠬᠦ ᠶᠢ ᠬᠤᠷᠢᠭᠯᠠᠬᠤ ᠪᠤᠶᠤ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠲᠦᠷᠢᠮ ᠢ ᠭᠦᠢᠴᠡᠳᠭᠡᠭᠰᠡᠨ ᠪᠠᠶᠢᠳᠠᠯ ᠲᠠᠢ ᠬᠤᠯᠪᠤᠭᠳᠠᠭᠤᠯᠤᠨ᠎ᠠ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠪᠡᠯᠴᠢᠬᠡᠷᠯᠡᠭᠦᠯᠬᠦ ᠶᠢ ᠬᠤᠷᠢᠭᠯᠠᠬᠤ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠳᠤ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠬᠡᠷᠡᠭᠵᠢᠭᠦᠯᠬᠦ ᠨᠠᠷᠢᠨ ᠲᠦᠷᠢᠮ ᠲᠤᠭᠳᠠᠭᠠᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠪᠡᠯᠡ ᠮᠦᠩᠭᠦ ᠶᠢ ᠲᠠᠷᠬᠠᠭᠠᠬᠤ ᠶᠢ ᠪᠡᠯᠴᠢᠬᠡᠷᠯᠡᠭᠦᠯᠬᠦ ᠶᠢ ᠬᠤᠷᠢᠭᠯᠠᠬᠤ ᠪᠤᠶᠤ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠲᠦᠷᠢᠮ ᠲᠠᠢ ᠬᠤᠯᠪᠤᠭᠳᠠᠭᠤᠯᠤᠭᠰᠠᠨ ᠪᠠᠶᠢᠳᠠᠯ ᠢ ᠲᠤᠳᠤᠷᠬᠠᠶᠢᠯᠠᠨ᠎ᠠ᠃    ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠪᠡᠯᠴᠢᠬᠡᠷᠯᠡᠭᠦᠯᠬᠦ ᠶᠢ ᠬᠤᠷᠢᠭᠯᠠᠬᠤ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠶᠢ ᠢᠯᠠᠴᠢᠯᠠᠨ ᠮᠡᠳᠡᠭᠦᠯᠬᠦ ᠲᠦᠷᠢᠮ ᠢ ᠪᠠᠶᠢᠭᠤᠯᠵᠤ᠂ ᠢᠯᠡᠴᠢᠯᠡᠨ ᠮᠡᠳᠡᠭᠦᠯᠬᠦ ᠣᠳᠠᠰᠣ ᠪᠠ ᠵᠠᠬᠢᠳᠠᠯ ᠤᠨ ᠬᠠᠶᠢᠷᠴᠠᠭ ᠭᠠᠷᠭᠠᠵᠣ᠂ ᠮᠠᠯᠴᠢᠨ ᠲᠠᠷᠢᠶᠠᠴᠢᠨ ᠤᠯᠠᠨ ᠲᠦᠮᠡᠨ ᠪᠠ ᠨᠡᠶᠢᠬᠡᠮ ᠤᠨ ᠶᠠᠷᠢᠶ᠎ᠠ ᠬᠡᠯᠡᠯᠴᠡᠬᠡᠨ ᠤ ᠬᠢᠨᠠᠯᠳᠠ ᠲᠠᠯᠪᠢᠬᠤ ᠤᠶᠢᠯᠡᠳᠤᠯ ᠢ ᠭᠦᠢᠴᠡᠳ ᠪᠠᠳᠠᠷᠠᠭᠤᠯᠤᠨ᠎ᠠ᠃ ᠡᠭᠦᠨ ᠤ ᠬᠠᠮᠳᠣ ᠪᠡᠯᠴᠢᠬᠡᠷᠯᠡᠭᠦᠯᠬᠦ  ᠶᠢ ᠬᠤᠷᠢᠭᠯᠠᠬᠤ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠠᠵᠢᠯ ᠢ ᠨᠠᠶᠢᠳᠠᠪᠦᠷᠢᠵᠢᠭᠤᠯᠤᠭᠰᠠᠨ ᠪᠠᠶᠢᠳᠠᠯ ᠢ ᠢᠯᠠ ᠵᠠᠷᠯᠠᠬᠤ ᠲᠦᠷᠢᠮ ᠢ ᠪᠠᠶᠢᠭᠤᠯᠵᠤ᠂ ᠪᠡᠯᠴᠢᠬᠡᠷᠯᠡᠭᠦᠯᠬᠦ ᠶᠢ ᠬᠤᠷᠢᠭᠯᠠᠬᠤ ᠤᠷᠤᠨ᠂ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠤᠷᠤᠨ ᠢ ᠢᠯᠭᠠᠬᠤ ᠫᠠᠶᠢᠰᠠ ︵ᠵᠢᠭᠠᠬᠤ ᠫᠠᠶᠢᠰᠠ︶ ᠪᠠᠶᠢᠭᠤᠯᠤᠨ᠎ᠠ᠃    ᠨᠠᠢᠮᠠ᠂ ᠪᠠᠳᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶  ᠵᠣᠬᠢᠶᠠᠨ ᠪᠠᠶᠢᠭᠤᠯᠣᠯᠳᠠ ᠣᠳᠣᠷᠢᠳᠣᠯᠭ᠎ᠠ ᠪᠠᠨ ᠴᠢᠩᠭᠠᠳᠬᠠᠨ᠎ᠠ    ᠤᠷᠳᠤᠰ ᠬᠤᠳᠠ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ  ᠶᠢᠨ ᠪᠤᠳᠤᠯᠭ᠎ᠠ ᠶᠢᠨ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠪᠦᠷᠢᠯᠳᠦᠭᠦᠨ ᠨᠢ ᠲᠤᠤᠷ᠎ᠠ ᠮᠡᠳᠤ᠃    ᠲᠤᠭᠤᠶᠢᠯᠠᠩ ᠤᠨ ᠲᠠᠷᠤᠭ᠎ᠠ᠄      ᠭᠦᠩ ᠮᠢᠩ ᠵᠤ᠋     ᠤᠷᠤᠯᠠᠭᠴᠢ ᠬᠤᠳᠠ ᠶᠢᠨ ᠲᠠᠷᠤᠭ᠎ᠠ    ᠲᠡᠳ᠋ ᠲᠤᠭᠤᠶᠢᠯᠠᠩ ᠤᠨ ᠲᠠᠷᠤᠭ᠎ᠠ᠄ ᠱᠢ ᠶᠠᠨ ᠵᠢᠶᠧ    ᠲᠡᠳ᠋ ᠬᠤᠳᠠ ᠶᠢᠨ ᠲᠠᠷᠤᠭ᠎ᠠ    ᠪᠦᠷᠢᠯᠳᠦᠭᠦᠨ᠄                  ᠴᠧᠨ ᠰᠢᠤᠢ ᠬᠤᠢ      ᠬᠤᠳᠠ ᠶᠢᠨ ᠠᠷᠠ᠊  ᠤᠨ ᠵᠠᠰᠠᠭ ᠤᠨ ᠤᠷᠳᠤᠨ ᠤ ᠲᠡᠳ᠋ ᠨᠠᠷᠢᠨ ᠪᠢᠴᠢᠭ ᠤᠨ ᠲᠠᠷᠤᠭ᠎ᠠ                                   ᠮᠠ ᠪᠤᠤ ᠷᠦᠩ     ᠬᠤᠳᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠭᠠᠵᠠᠷ ᠤᠨ ᠲᠠᠷᠤᠭ᠎ᠠ                                   ᠯᠢᠤ ᠵᠢᠶᠠᠨ ᠰᠢᠶᠦ᠋ᠨ   ᠬᠤᠳᠠ ᠶᠢᠨ ᠡᠳ᠋ ᠤᠨ ᠵᠠᠰᠠᠭ ᠤᠨ ᠲᠤᠪᠴᠢᠶᠠᠨ ᠤ ᠲᠤᠪᠴᠢᠶᠠᠨ ᠲᠠᠷᠤᠭ᠎ᠠ                                   ᠪᠠᠢ ᠰᠢᠤᠸᠠᠢ ᠫᠢᠩ   ᠬᠤᠳᠠ ᠶᠢᠨ ᠲᠠᠷᠢᠶᠠᠯᠠᠩ ᠮᠠᠯ ᠠᠵᠤ ᠠᠬᠤᠢ  ᠶᠢᠨ ᠲᠤᠪᠴᠢᠶᠠᠨ ᠤ ᠲᠤᠪᠴᠢᠶᠠᠨ ᠲᠠᠷᠤᠭ᠎ᠠ                                   ᠸᠠᠩ ᠰᠦᠬᠡ    ᠬᠤᠳᠠ ᠶᠢᠨ ᠬᠢᠨᠠᠨ ᠪᠤᠳᠤᠬᠤ ᠲᠤᠪᠴᠢᠶᠠᠨ ᠤ ᠲᠤᠪᠴᠢᠶᠠᠨ ᠲᠠᠷᠤᠭ᠎ᠠ                                   ᠯᠢ ᠴᠦᠨ ᠶᠢᠤ   ᠬᠤᠳᠠ ᠶᠢᠨ ᠴᠠᠭ ᠠᠭᠤᠷ ᠤᠨ ᠲᠤᠪᠴᠢᠶᠠᠨ ᠤ ᠲᠤᠪᠴᠢᠶᠠᠨ ᠲᠠᠷᠤᠭ᠎ᠠ                                   ᠹᠠᠩ ᠵᠧᠨ ᠷᠦᠩ  ᠬᠤᠳᠠ ᠶᠢᠨ ᠬᠦᠭᠵᠢᠭᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠤᠨ ᠲᠡᠳ᠋ ᠡᠷᠬᠢᠯᠡᠭᠴᠢ   ᠤᠳᠤᠷᠢᠳᠬᠤ ᠲᠤᠭᠤᠶᠢᠯᠠᠩ ᠤᠨ ᠲᠤᠤᠷ᠎ᠠ ᠠᠯᠪᠠᠨ ᠬᠡᠷ ᠪᠠᠶᠢᠭᠤᠯᠵᠤ᠂ ᠠᠯᠪᠠᠨ ᠬᠡᠷ ᠢ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠳᠤ ᠪᠠᠶᠢᠭᠤᠯᠵᠤ᠂ ᠪᠦᠬᠦ ᠬᠤᠳᠠ ᠶᠢᠨ ᠰᠢᠨ᠎ᠡ ᠨᠢᠬᠡᠨ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠳᠡ ᠶᠢ ᠵᠤᠬᠢᠶᠠᠨ ᠪᠠᠶᠢᠭᠤᠯᠤᠨ ᠵᠤᠬᠢᠴᠠᠭᠤᠯᠬᠤ᠂ ᠤᠳᠤᠷᠢᠳᠬᠤ ᠲᠤᠭᠤᠶᠢᠯᠠᠩ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠦᠷᠢᠵᠢᠭᠤᠯᠬᠤ᠂ ᠬᠤᠳᠠ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠬᠦ ᠲᠦᠰᠦᠯ ᠢ ᠨᠠᠶᠢᠷᠠᠭᠤᠯᠤᠨ ᠵᠤᠬᠢᠶᠠᠬᠤ᠂ ᠤᠳᠤᠷᠢᠳᠬᠤ ᠲᠤᠭᠤᠶᠢᠯᠠᠩ ᠤᠨ ᠡᠳᠦᠷ ᠲᠤᠳᠤᠮ ᠤᠨ ᠠᠵᠢᠯ ᠢ ᠬᠢᠬᠦ ᠶᠢ ᠬᠠᠷᠢᠭᠤᠴᠠᠨ᠎ᠠ᠃ ᠠᠯᠪᠠᠨ ᠬᠡᠷ ᠤᠨ ᠡᠷᠬᠢᠯᠡᠭᠴᠢ ᠶᠢ ᠪᠠᠢ ᠰᠢᠤᠸᠠᠢ ᠫᠢᠩ ᠬᠠᠪᠰᠤᠷᠭᠠᠵᠤ᠂ ᠪᠠᠶᠢᠩᠭᠤ ᠶᠢᠨ ᠲᠡᠳ᠋ ᠡᠷᠬᠢᠯᠡᠭᠴᠢ ᠶᠢ ᠵᠠᠩ ᠢᠤᠢ ᠯᠠᠨ ︵ᠬᠤᠳᠠ ᠶᠢᠨ ᠡᠳ᠋ ᠤᠨ ᠵᠠᠰᠠᠭ  ᠤᠨ ᠲᠤᠪᠴᠢᠶᠠ᠊  ᠤ ᠲᠡᠳ᠋ ᠲᠤᠪᠴᠢᠶᠠᠨ ᠲᠠᠷᠤᠭ᠎ᠠ︶ ᠪᠠ ᠤᠶᠤᠨ ︵ᠬᠤᠳᠠ  ᠶᠢᠨ ᠲᠠᠷᠢᠶᠠᠯᠠᠩ ᠮᠠᠯ ᠠᠵᠤ ᠠᠬᠤᠢ  ᠶᠢᠨ ᠲᠤᠪᠴᠢᠶᠠᠨ ᠤ ᠲᠡᠳ᠋ ᠲᠤᠪᠴᠢᠶᠠᠨ ᠲᠠᠷᠤᠭ᠎ᠠ︶ ᠬᠠᠪᠰᠤᠷᠭᠠᠨ᠎ᠠ᠃   ︵ᠬᠤᠶᠠᠷ︶ ᠦᠷᠬᠡᠨ ᠲᠡᠯᠬᠡᠷᠡᠩᠭᠦᠢ ᠪᠠᠷ ᠤᠬᠠᠭᠤᠯᠤᠨ ᠲᠠᠶᠢᠴᠢᠯᠠᠨ᠎ᠠ᠃ ᠰᠢᠨ᠎ᠡ ᠨᠢᠭᠡᠨ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢᠯᠡᠨ ᠬᠦᠬᠢᠭᠦᠯᠬᠦ ᠲᠦᠷᠦ ᠶᠢᠨ ᠪᠤᠳᠤᠯᠭ᠎ᠠ ᠶᠢᠨ ᠤᠬᠠᠭᠤᠯᠬᠤ ᠭᠦᠴᠦᠯᠡᠴᠡ ᠶᠢ ᠨᠡᠮᠡᠭᠳᠡᠭᠦᠯᠵᠤ᠂ ᠷᠠᠳᠢᠤ᠋ ᠲᠧᠯᠸᠢᠰ᠂ ᠰᠤᠨᠢᠨ ᠰᠡᠳᠬᠦᠯ᠂ ᠭᠠᠷ ᠤᠳᠠᠰᠤᠨ ᠤ ᠰᠦᠯᠵᠢᠶ᠎ᠡ᠂ ᠵᠢᠷᠬᠢᠷ᠎ᠡ ᠪᠢᠴᠢᠯ ᠪᠦᠷᠬᠡ ᠵᠡᠷᠬᠡ ᠵᠠᠭᠤᠴᠢᠯᠠᠭᠤᠷ ᠢ ᠭᠦᠢᠴᠡᠳ ᠠᠰᠢᠭᠯᠠᠨ ᠲᠤᠰᠬᠤᠨ ᠳᠤ ᠬᠦᠷᠦᠨ ᠡᠷᠦᠬᠡ ᠳᠤ ᠬᠦᠨᠵᠡᠶᠢᠬᠡᠷᠡᠨ ᠲᠦᠷᠦ ᠶᠢᠨ ᠪᠤᠳᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠤᠨ ᠲᠠᠶᠢᠯᠪᠦᠷᠢᠯᠠᠬᠤ ᠪᠤᠯᠪᠠᠰᠤᠷᠠᠯ ᠦᠷᠨᠢᠭᠦᠯᠬᠦ ᠵᠡᠷᠬᠡ ᠤᠯᠠᠨ ᠵᠤᠶᠢᠯ ᠤᠨ ᠬᠡᠯᠪᠡᠷᠢ ᠪᠠᠷ ᠲᠠᠮᠵᠢᠨ ᠰᠢᠨ᠎ᠡ ᠨᠢᠭᠡᠨ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠴᠢᠬᠤᠯᠠ ᠠᠴᠢ ᠬᠤᠯᠪᠤᠭᠳᠠᠯ ᠢ ᠬᠦᠨᠵᠡᠬᠡᠢ ᠤᠬᠠᠭᠤᠯᠵᠤ᠂ ᠰᠢᠨ᠎ᠡ ᠨᠢᠭᠡᠨ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠭᠤᠯᠭ᠎ᠠ ᠶᠢ ᠦᠨᠡᠨᠬᠦ ᠡᠷᠦᠬᠡ ᠪᠤᠯᠭᠠᠨ ᠬᠦᠮᠦᠨ ᠪᠦᠬᠦᠨ ᠳᠤ ᠮᠡᠳᠡᠭᠦᠯᠵᠤ᠂ ᠰᠠᠶᠢᠨ ᠰᠠᠶᠢᠬᠠᠨ ᠨᠡᠶᠢᠬᠡᠮ ᠤᠨ ᠤᠷᠴᠢᠨ ᠠᠬᠤᠢ ᠶᠢ ᠴᠢᠷᠮᠠᠶᠢᠨ ᠪᠤᠢ ᠪᠤᠯᠭᠠᠨ᠎ᠠ᠃ ᠵᠠᠰᠠᠭ ᠤᠨ ᠤᠷᠳᠤᠨ ᠤ ᠤᠶᠢᠯᠡᠳᠤᠯ ᠴᠢᠳᠠᠪᠬᠢ ᠶᠢ ᠴᠢᠩᠭᠠᠳᠬᠠᠵᠤ᠂ ᠮᠠᠯᠴᠢᠨ ᠲᠠᠷᠢᠶᠠᠴᠢᠳ ᠤᠨ ᠭᠤᠤᠯ ᠴᠤᠭᠴᠠ ᠶᠢᠨ ᠣᠶᠢᠯᠡᠳᠤᠯ ᠢ ᠲᠤᠪᠤᠶᠢᠯᠭᠠᠵᠤ᠂ ᠮᠠᠯᠴᠢᠨ ᠲᠠᠷᠢᠶᠠᠴᠢᠳ ᠤᠨ ᠨᠤᠳᠤᠭ ᠪᠡᠯᠴᠢᠬᠡᠷ ᠤᠨ ᠠᠮᠢ ᠠᠬᠤᠢ ᠶᠢ ᠬᠠᠮᠠᠭᠠᠯᠠᠬᠤ ᠢᠳᠡᠪᠬᠢ ᠴᠢᠨᠠᠷ ᠪᠠ ᠬᠠᠷᠢᠭᠤᠴᠠᠯᠭᠠᠳᠤ ᠪᠤᠳᠤᠯ ᠢ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠳ ᠤᠨ ᠲᠦᠷᠦ ᠶᠢᠨ ᠪᠤᠳᠤᠯᠭ᠎ᠠ ᠳᠤ ᠤᠷᠤᠯᠴᠠᠬᠤ ᠬᠡᠮᠵᠢᠶ᠎ᠡ ᠶᠢ ᠲᠡᠭᠡᠭᠰᠢᠯᠡᠭᠦᠯᠵᠤ᠂ ᠮᠠᠯᠴᠢᠨ ᠲᠠᠷᠢᠶᠠᠴᠢᠳ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠲᠤᠮᠳᠠᠬᠢ ᠦᠬᠡ ᠬᠡᠯᠡᠨ ᠤ ᠡᠷᠬᠡ ᠶᠢ ᠨᠡᠮᠡᠭᠳᠡᠭᠦᠯᠵᠤ᠂ ᠲᠦᠷᠦ ᠶᠢᠨ ᠪᠤᠳᠤᠯᠭ᠎ᠠ ᠶᠢᠨ ᠯᠠᠪᠳᠠᠭᠤᠨ ᠰᠢᠯᠵᠢᠯᠳᠡ ᠶᠢ ᠪᠠᠳᠤᠯᠠᠵᠤ᠂ ᠪᠦᠬᠦ ᠲᠠᠯ᠎ᠠ ᠪᠠᠷ ᠪᠤᠳᠠᠳᠤ ᠭᠠᠵᠠᠷ ᠲᠤᠨᠢ ᠨᠠᠶᠢᠳᠠᠪᠦᠷᠢᠵᠢᠭᠤᠯᠤᠨ᠎ᠠ᠃   ︵ᠭᠤᠷᠪᠠ︶ ᠰᠠᠭᠤᠷᠢ ᠠᠵᠢᠯ ᠢ ᠪᠠᠳᠤᠳᠬᠠᠨ᠎ᠠ᠃ ᠦᠪᠡᠷᠳᠡᠬᠡᠨ ᠵᠠᠰᠠᠬᠤ ᠤᠷᠤᠨ ᠤ ᠬᠡᠷᠡᠭᠵᠢᠭᠦᠯᠬᠦ ᠲᠦᠰᠦᠯ ᠢ ᠦᠨᠳᠦᠰᠦᠯᠡᠨ ᠲᠤᠰ ᠭᠠᠵᠠᠷ ᠤᠷᠤᠨ ᠤ ᠪᠡᠯᠴᠢᠬᠡᠷ ᠤᠨ ᠲᠦᠷᠦᠯ ᠵᠤᠶᠢᠯ᠂ ᠤᠷᠭᠤᠮᠠᠯ ᠤᠨ ᠪᠦᠷᠬᠦᠯᠳᠡ ᠶᠢᠨ ᠪᠠᠶᠢᠳᠠᠯ ᠪᠠ ᠣᠶᠢᠯᠡᠳᠪᠦᠷᠢᠯᠡᠯ ᠤᠨ ᠤᠨᠴᠠᠯᠢᠭ ᠲᠠᠢ ᠤᠶᠠᠯᠳᠤᠭᠤᠯᠤᠨ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠨᠢ ᠬᠤᠰᠢᠭᠤ ᠲᠤᠭᠤᠷᠢᠭ ᠢ ᠵᠢᠯᠤᠭᠤᠳᠤᠨ ᠰᠢᠨ᠎ᠡ ᠨᠢᠬᠡᠨ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠬᠦ ᠲᠦᠷᠦᠯ ᠢ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠤᠬᠢᠷᠠᠭᠤᠯᠤᠨ ᠨᠠᠶᠢᠷᠠᠭᠤᠯᠤᠨ ᠵᠤᠬᠢᠶᠠᠬᠤ ᠶᠢ ᠬᠠᠷᠢᠭᠤᠴᠠᠵᠤ᠂ ᠪᠡᠯᠴᠢᠬᠡᠷᠯᠡᠭᠦᠯᠬᠦ ᠶᠢ ᠬᠤᠷᠢᠭᠯᠠᠬᠤ ᠤᠷᠤᠨ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠤᠷᠤᠨ ᠢ ᠰᠢᠨᠵᠢᠯᠡᠬᠦ ᠤᠬᠠᠭᠠᠨᠴᠢ ᠪᠠᠷ ᠢᠯᠭᠠᠨ ᠲᠤᠭᠳᠠᠭᠠᠵᠤ᠂ ᠪᠡᠯᠴᠢᠬᠡᠷᠯᠡᠭᠦᠯᠬᠦ ᠶᠢ ᠬᠤᠷᠢᠭᠯᠠᠬᠤ ᠨᠦᠬᠦᠪᠦᠷᠢ᠂ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠬᠦᠬᠢᠭᠦᠯᠦᠯ ᠤᠨ ᠪᠤᠳᠠᠳᠠᠢ ᠲᠠᠷᠬᠠᠭᠠᠬᠤ ᠪᠠᠷᠢᠮᠵᠢᠶ᠎ᠠ ᠵᠢᠴᠢ ᠲᠡᠬᠡᠷᠡᠬᠢ ᠶᠢ ᠬᠢᠵᠠᠭᠠᠷᠯᠠᠬᠤ ᠪᠠᠷᠢᠮᠵᠢᠶ᠎ᠠ ᠶᠢ ᠲᠤᠭᠳᠠᠭᠠᠵᠤ᠂ ᠨᠦᠬᠦᠪᠦᠷᠢᠯᠡᠬᠦ ᠲᠤᠭ᠎ᠠ ᠬᠡᠮᠵᠢᠶ᠎ᠡ ᠬᠡᠳᠤ ᠦᠨᠳᠦᠷ ᠠᠴᠠ ᠪᠤᠯᠵᠤ ︽ᠪᠠᠶᠠᠨ ᠡᠷᠦᠬᠡ ᠪᠣᠯᠬᠤ︾ ᠪᠠᠶᠢᠳᠠᠯ ᠢᠯᠡᠷᠡᠬᠦ  ᠠᠴᠠ ᠵᠠᠶᠢᠯᠠᠰᠬᠢᠨ᠎ᠠ᠃ ᠡᠭᠦᠷᠬᠡ ᠶᠢᠨ ᠨᠠᠶᠢᠳᠠᠪᠦᠷᠢᠵᠢᠭᠤᠯᠳᠠ᠂ ᠨᠦᠬᠦᠪᠦᠷᠢ ᠶᠢᠨ ᠲᠠᠷᠬᠠᠭᠠᠯᠳᠠ᠂ ᠣᠶᠢᠯᠡᠴᠢᠯᠡᠭᠡ ᠵᠢᠯᠤᠭᠤᠳᠤᠯᠭ᠎ᠠ᠂ ᠬᠢᠨᠠᠨ ᠬᠠᠮᠢᠶᠠᠷᠤᠯᠳᠠ᠂ ᠲᠠᠩᠰᠠ ᠡᠪᠬᠡᠮᠡᠯ ᠺᠡᠷᠲ ᠪᠠᠶᠢᠭᠤᠯᠬᠤ ᠶᠢ ᠡᠷᠦᠬᠡ ᠳᠤ ᠬᠦᠷᠬᠡᠬᠦ ︽ᠲᠠᠪᠤ ᠶᠢ ᠡᠷᠦᠬᠡ ᠳᠤ ᠬᠦᠷᠬᠡᠬᠦ︾ ᠵᠠᠷᠴᠢᠮ ᠢ ᠴᠢᠨᠠᠭᠰᠢᠳᠠ ᠲᠤᠤᠱᠯᠠᠭᠤᠯᠵᠤ᠂ ᠨᠤᠳᠤᠭ ᠪᠡᠯᠴᠢᠬᠡᠷ ᠤᠨ ᠨᠦᠬᠦᠪᠦᠷᠢ ᠱᠠᠩᠨᠠᠯ ᠤᠨ ᠮᠡᠳᠡᠭᠡ ᠵᠠᠩᠬᠢ ᠶᠢᠨ ᠰᠢᠰᠲ᠋ᠧᠮ ᠤᠨ ᠠᠵᠢᠯ ᠤᠨ ᠬᠠᠮᠢᠶᠠᠷᠤᠯᠳᠠ ᠶᠢᠨ ᠲᠤᠭᠳᠠᠴᠠ ᠶᠢ ᠵᠢᠷᠤᠮᠵᠢᠭᠤᠯᠵᠤ᠂ ᠨᠤᠳᠤᠭ ᠪᠡᠯᠴᠢᠬᠡᠷ ᠤᠨ ᠨᠦᠬᠦᠪᠦᠷᠢ ᠱᠠᠩᠨᠠᠯ ᠤᠨ ᠮᠡᠳᠡᠭᠡ ᠵᠠᠩᠬᠢ ᠶᠢᠨ ᠰᠢᠰᠲ᠋ᠧᠮ  ᠳᠤ ᠲᠡᠮᠳᠡᠭᠯᠡᠨ ᠤᠷᠤᠭᠤᠯᠬᠤ ᠶᠢ ᠯᠠᠪᠳᠠᠭᠤᠨ ᠢᠶᠠᠷ ᠰᠠᠶᠢᠳᠤᠷ ᠬᠢᠵᠤ᠂ ᠨᠤᠳᠤᠭ ᠪᠡᠯᠴᠢᠬᠡᠷ ᠤᠨ ᠨᠦᠬᠦᠪᠦᠷᠢᠯᠡᠨ ᠬᠦᠬᠢᠭᠦᠯᠬᠦ ᠲᠦᠷᠦ ᠶᠢᠨ ᠪᠣᠳᠤᠯᠭ᠎ᠠ ᠶᠢᠨ ᠠᠰᠢᠭ ᠬᠦᠷᠳᠡᠭᠰᠡᠳ ᠤᠨ ᠡᠯᠧᠺᠲᠷᠤᠨᠳᠤ ᠲᠠᠩᠰᠠ ᠡᠪᠬᠡᠮᠡᠯ ᠤᠨ ᠬᠠᠮᠢᠶᠠᠷᠤᠯᠳᠠ ᠶᠢᠨ ᠠᠵᠢᠯ ᠢ ᠨᠠᠷᠢᠯᠢᠭᠵᠢᠭᠤᠯᠤᠨ᠎ᠠ᠃ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶᠡᠷᠡᠵᠤ ᠲᠠᠭᠠᠭᠠᠴᠢᠯᠠᠬᠤ ᠶᠢ ᠲᠤᠭᠳᠠᠪᠦᠷᠢᠵᠢᠭᠤᠯᠬᠤ ᠪᠠ ᠲᠡᠭᠦᠯᠳᠡᠷᠵᠢᠭᠦᠯᠵᠤ᠂ ᠦᠨᠳᠦᠰᠦᠨ ᠨᠤᠳᠤᠭ ᠪᠡᠯᠴᠢᠬᠡᠷ ᠢ ᠬᠠᠤᠯᠢ ᠶᠤᠰᠤᠭᠠᠷ ᠬᠠᠮᠠᠭᠠᠯᠠᠵᠤ ᠨᠤᠳᠤᠭ ᠪᠡᠯᠴᠢᠬᠡᠷ  ᠤᠨ ᠠᠮᠢ ᠠᠬᠤᠢ  ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃   ︵ᠲᠦᠷᠪᠡ︶ ᠪᠡᠯᠡ ᠮᠦᠩᠭᠦᠨ ᠤ ᠬᠠᠮᠢᠶᠠᠷᠤᠯᠳᠠ ᠶᠢ ᠴᠢᠩᠭᠠᠳᠬᠠᠨ᠎ᠠ᠃ ᠦᠪᠡᠷᠳᠡᠬᠡᠨ ᠵᠠᠰᠠᠬᠤ ᠤᠷᠤᠨ ᠤ ᠱᠠᠭᠠᠷᠳᠠᠯᠭ᠎ᠠ ᠶᠤᠰᠤᠭᠠᠷ ᠨᠦᠬᠦᠪᠦᠷᠢ ᠱᠠᠩᠨᠠᠯ ᠤᠨ ᠪᠡᠯᠡ ᠮᠦᠩᠭᠦᠨ  ᠤ ᠬᠠᠮᠢᠶᠠᠷᠤᠯᠳᠠ ᠶᠢᠨ ᠲᠦᠷᠢᠮ ᠢ ᠲᠡᠭᠦᠯᠳᠡᠷᠵᠢᠭᠦᠯᠵᠤ᠂ ᠪᠡᠯᠡ ᠮᠦᠩᠭᠦᠨ ᠤ ᠬᠡᠷᠡᠭᠯᠡᠯᠳᠡ ᠪᠠ ᠬᠠᠮᠢᠶᠠᠷᠤᠯᠳᠠ ᠶᠢ ᠵᠢᠷᠤᠮᠵᠢᠭᠤᠯᠤᠨ᠎ᠠ᠃ ᠬᠤᠳᠠ᠂ ᠬᠤᠰᠢᠭᠤ ᠲᠤᠭᠤᠷᠢᠭ ᠤᠨ ᠡᠳ᠋  ᠤᠨ ᠵᠠᠰᠠᠭ ᠤᠨ ᠰᠠᠯᠠᠭ᠎ᠠ ᠮᠦᠴᠢᠷ ᠤᠨ ᠬᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠲᠠᠢ ᠬᠠᠮᠳᠤᠷᠠᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠪᠡᠯᠡ ᠮᠦᠩᠭᠦ ᠶᠢ ᠬᠤᠪᠢᠶᠠᠷᠢᠯᠠᠭᠰᠠᠨ ᠪᠠᠶᠢᠳᠠᠯ ᠢ ᠦᠨᠳᠦᠰᠦᠯᠡᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠪᠡᠯᠡ ᠮᠦᠩᠭᠦᠨ ᠤ ᠲᠤᠰᠬᠠᠢ ᠲᠠᠩᠰᠠ ᠲᠤᠰᠬᠠᠢ ᠡᠷᠦᠬᠡ ᠪᠠᠶᠢᠭᠤᠯᠵᠤ᠂ ᠲᠡᠷᠡᠴᠢᠯᠡᠨ ᠡᠯ᠎ᠡ ᠲᠦᠷᠦᠯ ᠤᠨ ᠪᠡᠯᠡ ᠮᠦᠩᠭᠦᠨ ᠤ ᠨᠠᠷᠢᠨ ᠲᠤᠳᠤ ᠲᠠᠩᠰᠠᠨ ᠡᠷᠦᠬᠡ ᠭᠠᠷᠭᠠᠵᠣ᠂ ᠲᠤᠰᠠᠭᠠᠷ ᠲᠤᠭᠠᠴᠠᠭ᠎ᠠ ᠬᠢᠵᠤ᠂ ᠲᠤᠰᠬᠠᠢ ᠵᠤᠭᠤᠰ ᠢ ᠲᠤᠰᠬᠠᠢ ᠬᠡᠷᠡᠭᠯᠡᠨ᠎ᠡ᠃ ᠨᠦᠬᠦᠪᠦᠷᠢᠯᠡᠨ ᠬᠦᠬᠢᠭᠦᠯᠬᠦ ᠪᠡᠯᠡ ᠮᠦᠩᠭᠦ ᠶᠢ ᠲᠠᠷᠬᠠᠭᠠᠬᠤ ᠳᠤ ᠵᠠᠷᠴᠢᠮ ᠲᠡᠬᠡᠷ᠎ᠡ ᠪᠠᠨ ᠦᠯᠡᠳᠡᠪᠦᠷᠢ ᠪᠠᠶᠢᠯᠭᠠᠵᠤ ᠪᠤᠯᠬᠤ ᠦᠬᠡᠢ᠂ ᠬᠡᠷᠪᠡ ᠤᠨᠴᠠᠭᠠᠢ ᠰᠢᠯᠳᠠᠭᠠᠨ ᠠᠴᠠ ᠪᠤᠯᠵᠤ ᠦᠯᠡᠳᠡᠪᠦᠷᠢ ᠲᠠᠢ ᠪᠤᠯᠤᠭᠰᠠᠨ ᠪᠤᠯ ᠲᠡᠬᠡᠳᠤ ᠱᠠᠳᠤᠨ ᠤ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠲᠤ ᠪᠡᠯᠡ ᠮᠦᠩᠭᠦᠨ ᠤ ᠦᠯᠡᠳᠡᠪᠦᠷᠢ  ᠶᠢᠨ ᠪᠠᠶᠢᠳᠠᠯ ᠢ ᠴᠠᠭ ᠲᠤᠬᠠᠢ ᠳᠤᠨᠢ ᠲᠡᠭᠡᠭᠰᠢ ᠮᠡᠳᠡᠭᠦᠯᠵᠤ᠂ ᠲᠤᠷ᠎ᠠ ᠪᠠᠷ ᠢᠶᠠᠨ ᠲᠤᠬᠢᠷᠠᠭᠤᠯᠬᠤ ᠪᠤᠶᠤ ᠨᠡᠭᠦᠯᠬᠡᠨ ᠬᠡᠷᠡᠭᠯᠡᠵᠤ ᠪᠤᠯᠬᠤ ᠦᠬᠡᠢ ᠶᠤᠮ᠃ ᠲᠦᠷᠦ ᠶᠢᠨ ᠪᠤᠳᠤᠯᠭ᠎ᠠ ᠶᠢᠨ ᠨᠠᠶᠢᠳᠠᠪᠣᠷᠢᠵᠢᠭᠤᠯᠣᠯᠳᠠ ᠶᠢ ᠤᠯᠠᠷᠢᠯ ᠢᠶᠠᠷ ᠮᠡᠳᠡᠭᠦᠯᠬᠦ ᠲᠦᠷᠢᠮ ᠢ ᠬᠡᠷᠡᠭᠵᠢᠭᠦᠯᠵᠤ᠂ ᠡᠯ᠎ᠡ ᠱᠠᠳᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠡᠭᠦᠷᠬᠡ ᠶᠢ ᠨᠠᠶᠢᠳᠠᠪᠦᠷᠢᠵᠢᠭᠤᠯᠤᠭᠰᠠᠨ ᠪᠠᠶᠢᠳᠠᠯ ᠢ ᠪᠦᠷᠢᠳᠬᠡᠨ ᠬᠤᠷᠢᠶᠠᠩᠭᠤᠶᠢᠯᠠᠵᠤ ᠲᠡᠭᠡᠭᠰᠢ ᠮᠡᠳᠡᠭᠦᠯᠬᠦ ᠶᠢ ᠬᠠᠷᠢᠭᠤᠴᠠᠵᠤ᠂ ᠡᠳ᠋ ᠤᠨ ᠵᠠᠰᠠᠭ ᠤᠨ ᠰᠠᠯᠠᠭ᠎ᠠ ᠮᠦᠴᠢᠷ ︽ᠪᠦᠬᠦᠨ ᠳᠤ ᠨᠡᠪᠲᠡᠷᠡᠬᠦ ᠺᠡᠷᠲ︾ ᠶᠢᠨ ᠰᠢᠰᠲ᠋ᠧᠮ ᠢᠶᠠᠷ ᠲᠠᠮᠵᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠭᠠᠯᠠᠯᠳᠠ ᠶᠢᠨ ᠨᠦᠬᠦᠪᠦᠷᠢᠯᠡᠨ ᠬᠦᠬᠢᠭᠦᠯᠬᠦ ᠪᠡᠯᠡ ᠮᠦᠩᠭᠦ ᠶᠢ ᠡᠷᠦᠬᠡ ᠳᠤ ᠭᠦᠷᠦᠨ ᠰᠤᠯᠢᠵᠤ ᠦᠭᠭᠦᠭᠰᠡᠨ ᠪᠠᠶᠢᠳᠠᠯ ᠢ ᠳᠣᠬᠠᠢ ᠶᠢᠨ ᠴᠠᠭ ᠲᠤᠨᠢ ᠬᠢᠨᠠᠨ ᠡᠵᠡᠮᠰᠢᠵᠤ᠂ ᠲᠡᠷᠡᠴᠢᠯᠡᠨ ᠤᠯᠠᠷᠢᠯ ᠪᠤᠯᠭᠠᠨ ᠲᠤᠰᠬᠠᠢ ᠮᠡᠳᠡᠭᠦᠯᠦᠯᠳᠡ ᠪᠦᠷᠢᠯᠳᠦᠭᠦᠯᠦᠨ᠎ᠡ᠃ ᠬᠤᠳᠠ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢᠯᠡᠨ ᠬᠦᠬᠢᠭᠦᠯᠬᠦ ᠲᠦᠷᠦ ᠶᠢᠨ ᠪᠤᠳᠤᠯᠭ᠎ᠠ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠨᠢ ᠦᠪᠡᠷᠳᠡᠬᠡᠨ ᠵᠠᠰᠬᠠᠤ ᠤᠷᠤᠨ ᠤ ︽ᠤᠯᠠᠷᠢᠯ ᠤᠨ ᠮᠡᠳᠡᠭᠦᠯᠦᠯᠳᠡ︾ ︽ᠲᠤᠰᠬᠠᠢ ᠮᠡᠳᠡᠭᠦᠯᠦᠯᠳᠡ︾ ᠪᠠ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ ᠪᠦᠬᠦ ᠬᠤᠳᠠ ᠶᠢᠨ ᠬᠦᠷᠢᠶ᠎ᠡ ᠬᠡᠪᠴᠢᠶᠡᠨ ᠲᠤᠳᠤᠷ᠎ᠠ ᠪᠠᠶᠢᠳᠠᠯ ᠢ ᠨᠡᠶᠢᠳᠡᠯᠡᠨ᠎ᠡ᠃ ᠢᠵᠢ ᠪᠦᠷᠢᠳᠦᠭᠦᠯᠬᠦ ᠪᠡᠯᠡ ᠮᠦᠩᠭᠦ ᠶᠢ ᠤᠯᠠᠨ ᠲᠠᠯ᠎ᠠ ᠪᠠᠷ ᠴᠤᠭᠯᠠᠭᠤᠯᠵᠤ᠂ ᠬᠤᠳᠠ᠂ ᠬᠤᠰᠢᠭᠤ ᠲᠤᠭᠤᠷᠢᠭ ᠤᠨ ᠤᠳᠤ ᠪᠠᠶᠢᠭ᠎ᠠ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠪᠦᠲᠦᠬᠡᠨ ᠪᠠᠶᠢᠭᠤᠯᠤᠯᠳᠠ ᠶᠢᠨ ᠲᠦᠰᠦᠪ  ᠤᠨ ᠲᠤᠳᠤᠷᠠᠬᠢ ᠪᠡᠯᠡ ᠮᠦᠩᠭᠦ ᠶᠢ ᠦᠷᠭᠦᠯᠵᠢᠯᠡᠨ ᠦᠯᠡᠳᠡᠬᠡᠨ ᠬᠡᠷᠡᠭᠯᠡᠵᠤ᠂ ᠲᠡᠷᠡᠴᠢᠯᠡᠨ ᠤᠷᠤᠭᠤᠯᠤᠯᠳᠠ ᠶᠢ ᠵᠢᠯ ᠲᠠᠷᠠᠭᠠᠯᠠᠨ ᠨᠡᠮᠡᠭᠳᠡᠭᠦᠯᠵᠤ᠂ ᠲᠦᠪ ᠪᠠ ᠦᠪᠡᠷᠳᠡᠬᠡᠨ ᠵᠠᠰᠠᠬᠤ ᠤᠷᠤᠨ ᠤ ᠪᠡᠯᠡ ᠮᠦᠩᠭᠦ ᠲᠠᠢ ᠲᠦᠷᠦ ᠶᠢᠨ ᠪᠤᠳᠤᠯᠭ᠎ᠠ ᠶᠢᠨ ᠨᠡᠶᠢᠯᠡᠮᠡᠯ ᠭᠦᠴᠦᠨ ᠢ ᠪᠦᠷᠢᠯᠳᠦᠭᠦᠯᠵᠤ ᠡᠭᠦᠨ  ᠤ ᠵᠡᠷᠬᠡᠪᠡᠷ ᠡᠯ᠎ᠡ ᠱᠠᠳᠤᠨ ᠤ ᠡᠳ᠋ ᠤᠨ ᠵᠠᠰᠠᠭ ᠤᠨ ᠬᠢᠨ ᠵᠤᠬᠢᠬᠤ ᠬᠡᠮᠵᠢᠶᠡᠨ ᠤ ᠠᠵᠢᠯ ᠤᠨ ᠵᠠᠷᠤᠳᠠᠯ ᠲᠤᠬᠢᠷᠠᠭᠤᠯᠵᠤ ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ  ᠶᠢ ᠤᠷᠤᠭᠰᠢᠲᠠᠢ ᠬᠡᠷᠡᠭᠵᠢᠭᠦᠯᠬᠦ ᠶᠢ ᠪᠠᠳᠤᠯᠠᠨ᠎ᠠ᠃ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠯ ᠪᠦᠷᠢ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠲᠦᠷᠦ ᠶᠢᠨ ᠪᠤᠳᠤᠯᠭ᠎ᠠ ᠶᠢᠨ ᠡᠭᠦᠷᠬᠡ ᠪᠠ ᠪᠡᠯᠡ ᠮᠦᠩᠭᠦ ᠶᠢ ᠨᠠᠶᠢᠳᠠᠪᠦᠷᠢᠵᠢᠭᠤᠯᠤᠭᠰᠠᠨ ᠪᠠᠶᠢᠳᠠᠯ ᠳᠤ ᠬᠢᠨᠠᠯᠳᠠ ᠲᠠᠯᠪᠢᠨ ᠪᠠᠶᠢᠴᠠᠭᠠᠯᠳᠠ ᠬᠢᠨ᠎ᠡ᠃    ︵ᠲᠠᠪᠤ︶ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠨ᠎ᠠ᠃ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ ᠬᠤᠯᠪᠤᠭᠳᠠᠯ ᠪᠦᠬᠦᠢ ᠮᠡᠷᠭᠡᠵᠢᠯᠳᠡᠳ ᠢ ᠵᠤᠬᠢᠶᠠᠨ ᠪᠠᠶᠢᠭᠤᠯᠵᠤ᠂ ᠮᠡᠷᠭᠡᠵᠢᠯ ᠤᠨ ᠤᠶᠢᠯᠡᠴᠢᠯᠡᠬᠡᠨ ᠤ ᠪᠦᠯᠭᠦᠮ ᠪᠠᠶᠢᠭᠤᠯᠵᠤ᠂ ᠦᠪᠡᠷᠳᠡᠬᠡᠨ ᠵᠠᠰᠬᠠᠤ ᠤᠷᠤᠨ ᠤ ᠮᠡᠷᠭᠡᠵᠢᠯᠳᠡᠳ ᠲᠠᠢ ᠬᠠᠮᠵᠢᠯᠴᠠᠨ ᠪᠦᠬᠦ ᠬᠤᠳᠠ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠭᠰᠠᠨ ᠪᠠᠶᠢᠳᠠᠯ ᠢ ᠪᠦᠬᠦ ᠶᠠᠪᠤᠴᠠ ᠪᠠᠷ ᠬᠢᠨᠠᠨ ᠬᠡᠮᠵᠢᠨ ᠦᠨᠡᠯᠡᠵᠤ᠂ ᠪᠠᠶᠢᠴᠠᠭᠠᠨ ᠰᠤᠳᠤᠯᠬᠤ ᠪᠠ ᠮᠡᠷᠭᠡᠵᠢᠯ ᠤᠨ ᠵᠢᠯᠤᠭᠤᠳᠤᠯᠭ᠎ᠠ ᠬᠢᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠤ᠂ ᠰᠢᠢᠳᠪᠦᠷᠢᠯᠡᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠨ ᠤᠷᠤᠨᠵᠢᠭᠤᠯᠵᠤ᠂ ᠪᠤᠳᠠᠳᠤ ᠪᠦᠲᠦᠮᠵᠢ ᠤᠯᠬᠤ ᠶᠢ ᠪᠠᠳᠤᠯᠠᠨ᠎ᠠ᠃    ᠬᠤᠳᠠ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠳᠤ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠲᠤᠪᠴᠢᠶ᠎ᠠ ᠠᠴᠠ ᠲᠦᠷᠦᠭᠦᠯᠡᠵᠤ᠂ ᠡᠯ᠎ᠡ ᠬᠤᠰᠢᠭᠤ ᠲᠤᠭᠤᠷᠢᠭ ᠤᠨ ᠨᠤᠳᠤᠭ ᠪᠡᠯᠴᠢᠬᠡᠷ ᠲᠤ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠪᠠᠶᠢᠭᠤᠯᠤᠮᠵᠢ ᠲᠠᠢ ᠬᠠᠮᠳᠤᠷᠠᠨ ᠪᠡᠯᠴᠢᠬᠡᠷᠯᠡᠭᠦᠯᠬᠦ ᠶᠢ ᠬᠤᠷᠢᠭᠯᠠᠬᠤ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠲᠦᠷᠢᠮ ᠤᠨ ᠨᠠᠶᠢᠳᠠᠪᠣᠷᠢᠵᠢᠭᠤᠯᠣᠯᠳᠠ᠂ ᠨᠤᠳᠤᠭ ᠪᠡᠯᠴᠢᠬᠡᠷ ᠤᠨ ᠲᠤᠰᠬᠠᠢ ᠲᠤᠰᠢᠶᠠᠯ ᠤᠨ ᠬᠠᠮᠢᠶᠠᠷᠤᠨ ᠬᠠᠮᠠᠭᠠᠯᠠᠬᠤ ᠠᠵᠢᠯᠳᠠᠨ ᠤ ᠬᠠᠮᠢᠶᠠᠷᠤᠯᠳᠠ ᠶᠢ ᠪᠤᠳᠠᠳᠠᠢ ᠬᠠᠷᠢᠭᠤᠴᠠᠵᠤ᠂ ᠲᠤᠭᠳᠠᠭᠰᠠᠨ ᠴᠡᠭ ᠤᠨ ᠬᠢᠨᠠᠨ ᠬᠡᠮᠵᠢᠯᠳᠡ ᠪᠠ ᠡᠷᠦᠬᠡ ᠳᠤ ᠤᠷᠤᠨ ᠪᠠᠶᠢᠴᠠᠭᠠᠯᠳᠠ ᠬᠢᠬᠦ ᠶᠢ ᠲᠤᠭᠳᠠᠮᠠᠯ ᠬᠤᠭᠤᠴᠠᠭ᠎ᠠ ᠲᠠᠢ ᠪᠠᠷ ᠦᠷᠨᠢᠭᠦᠯᠵᠤ᠂ ᠲᠡᠷᠡᠴᠢᠯᠡᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠤᠨ ᠵᠢᠯ ᠬᠤᠪᠢᠶᠠᠨ ᠦᠨᠡᠯᠡᠵᠤ᠂ ᠡᠭᠦᠨ ᠤ ᠵᠡᠷᠬᠡᠪᠡᠷ ᠬᠤᠰᠢᠭᠤ ᠲᠤᠭᠤᠷᠢᠭ ᠤᠨ ᠨᠤᠳᠤᠭ ᠪᠡᠯᠴᠢᠬᠡᠷ ᠲᠤ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠠᠵᠢᠯ ᠳᠤ ᠦᠷ᠎ᠡ ᠪᠦᠲᠦᠮᠵᠢ ᠶᠢᠨ ᠰᠢᠯᠭᠠᠨ ᠬᠢᠨᠠᠯᠳᠠ ᠬᠢᠨ᠎ᠡ᠃    ᠨᠤᠳᠤᠭ ᠪᠡᠯᠴᠢᠬᠡᠷ ᠤᠨ ᠪᠦᠲᠦᠬᠡᠨ ᠪᠠᠶᠢᠭᠤᠯᠤᠯᠳᠠ ᠬᠠᠮᠠᠭᠠᠯᠠᠯᠳᠠ ᠶᠢᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠬᠤᠳᠠ ᠶᠢᠨ ᠨᠤᠳᠤᠭ ᠪᠡᠯᠴᠢᠬᠡᠷ ᠤᠨ ᠠᠵᠢᠯ ᠤᠨ ᠦᠷᠳᠡᠭᠡ ᠠᠴᠠ ᠲᠦᠷᠦᠭᠦᠯᠡᠵᠤ᠂ ᠡᠯ᠎ᠡ ᠱᠠᠳᠤᠨ ᠤ ᠨᠤᠳᠤᠭ ᠪᠡᠯᠴᠢᠬᠡᠷ ᠤᠨ ᠮᠡᠷᠭᠡᠵᠢᠯ ᠢ ᠲᠡᠯᠬᠡᠷᠡᠭᠦᠯᠬᠦ ᠰᠠᠯᠠᠭ᠎ᠠ ᠮᠦᠴᠢᠷ ᠲᠠᠢ ᠬᠠᠮᠳᠤᠷᠠᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠪᠦᠲᠦᠬᠡᠨ ᠪᠠᠶᠢᠭᠤᠯᠣᠯᠳᠠ ᠶᠢᠨ ᠬᠤᠯᠪᠤᠭᠳᠠᠯ ᠪᠦᠬᠦᠢ ᠮᠡᠷᠭᠡᠵᠢᠯ ᠢ ᠲᠡᠯᠬᠡᠷᠡᠭᠦᠯᠦᠨ᠎ᠡ᠃    ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠵᠤ ᠠᠬᠤᠢ ᠶᠢᠨ ᠬᠢᠨᠠᠨ ᠬᠡᠮᠵᠢᠯᠳᠡ ᠶᠢᠨ ᠠᠵᠢᠯ ᠢ ᠬᠤᠳᠠ ᠶᠢᠨ ᠲᠠᠷᠢᠶᠠᠯᠠᠩ ᠮᠠᠯ ᠠᠵᠤ ᠠᠬᠤᠢ  ᠶᠢᠨ ᠡᠵᠡᠩᠨᠡᠯᠳᠡ ᠬᠠᠮᠢᠶᠠᠷᠤᠯᠳᠠ ᠶᠢᠨ ᠦᠷᠳᠡᠭᠡ ᠠᠴᠠ ᠲᠦᠷᠦᠭᠦᠯᠡᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ  ᠲᠠᠢ ᠬᠠᠮᠳᠤᠷᠠᠨ᠂ ᠪᠦᠬᠦ ᠬᠤᠳᠠ ᠶᠢᠨ ᠨᠦᠬᠦᠪᠦᠷᠢᠯᠡᠨ ᠬᠦᠬᠢᠭᠦᠯᠬᠦ ᠤᠷᠤᠨ ᠤ ᠮᠠᠯᠴᠢᠨ ᠲᠠᠷᠢᠶᠠᠴᠢᠳ ᠤᠨ ᠤᠶᠢᠯᠡᠳᠪᠦᠷᠢᠯᠡᠯ ᠠᠮᠢᠳᠤᠷᠠᠯ ᠳᠤ ᠭᠠᠷᠤᠭᠰᠠᠨ ᠬᠤᠪᠢᠷᠠᠯᠳᠠ ᠶᠢᠨ ᠪᠠᠶᠢᠳᠠᠯ ᠢ ᠬᠦᠳᠡᠯᠦᠩᠭᠦᠢ ᠪᠠᠷ ᠬᠢᠨᠠᠨ ᠬᠡᠮᠵᠢᠨ᠎ᠡ᠃    ︵ᠵᠢᠷᠭᠤᠭ᠎ᠠ︶ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠶᠢ ᠴᠢᠩᠭᠠᠳᠬᠠᠨ᠎ᠠ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠢᠨ ᠨᠤᠳᠤᠭ ᠪᠡᠯᠴᠢᠬᠡᠷ ᠲᠤ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠲᠤᠭᠳᠠᠯᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠲᠤᠰᠬᠠᠢ ᠲᠤᠰᠢᠶᠠᠯ ᠤᠨ ᠨᠤᠳᠤᠭ ᠪᠡᠯᠴᠢᠬᠡᠷ ᠤᠨ ᠬᠠᠤᠯᠢ ᠬᠡᠷᠡᠭᠵᠢᠭᠦᠯᠬᠦ ᠠᠵᠢᠯᠳᠠᠨ ᠲᠤᠬᠢᠷᠠᠭᠤᠯᠵᠤ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢ ᠴᠢᠩᠭᠠᠳᠬᠠᠨ᠎ᠠ᠃ ᠲᠤᠰᠬᠠᠢ ᠲᠤᠰᠢᠶᠠᠯ ᠤᠨ ᠨᠤᠳᠤᠭ ᠪᠡᠯᠴᠢᠬᠡᠷ ᠤᠨ ᠬᠠᠮᠢᠶᠠᠷᠤᠨ ᠬᠠᠮᠠᠭᠠᠯᠠᠬᠤ ᠠᠵᠢᠯᠳᠠᠨ ᠤ ᠴᠠᠯᠢᠩ ᠤᠨ ᠨᠦᠬᠦᠪᠦᠷᠢ᠂ ᠬᠢᠨᠠᠨ ᠬᠠᠮᠢᠶᠠᠷᠬᠤ ᠠᠵᠢᠯ ᠤᠨ ᠵᠠᠷᠤᠳᠠᠯ ᠵᠢᠴᠢ ᠰᠠᠭᠤᠷᠢ ᠲᠦᠭᠦᠭᠡᠷᠤᠮᠵᠢ ᠶᠢᠨ ᠪᠦᠲᠦᠬᠡᠨ ᠪᠠᠶᠢᠭᠤᠯᠤᠯᠳᠠ ᠶᠢᠨ ᠪᠡᠯᠡ ᠮᠦᠩᠭᠦᠨ ᠤ ᠤᠷᠤᠭᠤᠯᠤᠯᠳᠠ ᠶᠢ ᠪᠠᠳᠤᠯᠠᠨ᠎ᠠ᠃ ᠡᠯ᠎ᠡ ᠱᠠᠳᠤᠨ ᠤ ᠨᠤᠳᠤᠭ ᠪᠡᠯᠴᠢᠬᠡᠷ ᠲᠤ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠪᠠᠶᠢᠭᠤᠯᠤᠮᠵᠢ ᠨᠢ ᠡᠷᠬᠡ ᠲᠤᠰᠢᠶᠠᠯ ᠤᠨ ᠤᠶᠢᠯᠡᠳᠤᠯ ᠢ ᠭᠦᠢᠴᠡᠳ ᠪᠠᠳᠠᠷᠠᠭᠤᠯᠵᠤ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ ᠪᠡᠯᠴᠢᠬᠡᠷ ᠤᠨ ᠬᠠᠤᠯᠢ︾ ︽ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠠᠷᠭ᠎ᠠ︾ ︵ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠠᠷᠢᠶᠠᠯᠠᠩ ᠤᠨ ᠶᠠᠮᠤᠨ ᠤ ᠵᠠᠷᠯᠢᠭ 48 ᠳ᠋ᠤᠭᠠᠷ ᠲᠤᠭᠠᠳᠤ︶᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠤᠳᠤᠭ ᠪᠡᠯᠴᠢᠬᠡᠷ ᠤᠨ ᠬᠠᠮᠢᠶᠠᠷᠤᠯᠳᠠ ᠶᠢᠨ ᠲᠦᠷᠢᠮ︾ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠤᠳᠤᠭ ᠪᠡᠯᠴᠢᠬᠡᠷ ᠤᠨ ᠬᠠᠮᠢᠶᠠᠷᠤᠯᠳᠠ ᠶᠢᠨ ᠲᠦᠷᠢᠮ ᠤᠨ ᠬᠡᠷᠡᠭᠵᠢᠭᠦᠯᠬᠦ ᠨᠠᠷᠢᠨ ᠲᠦᠷᠢᠮ︾ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠡᠯᠴᠢᠬᠡᠷᠯᠡᠭᠦᠯᠬᠦ ᠶᠢ ᠬᠤᠷᠢᠭᠯᠠᠬᠤ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠳᠤ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠠᠷᠭ᠎ᠠ︾ ︽ᠤᠷᠳᠤᠰ ᠬᠤᠳᠠ ᠶᠢᠨ ᠪᠡᠯᠴᠢᠬᠡᠷᠯᠡᠭᠦᠯᠬᠦ ᠶᠢ ᠬᠤᠷᠢᠭᠯᠠᠬᠤ ᠪᠠ ᠪᠡᠯᠴᠢᠬᠡᠷ ᠮᠠᠯ ᠢ ᠲᠡᠩᠴᠡᠭᠦᠷᠢᠲᠠᠢ ᠪᠠᠶᠢᠯᠭᠠᠬᠤ ᠳᠤ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠠᠷᠭ᠎ᠠ︾ ᠵᠡᠷᠬᠡ ᠬᠠᠤᠯᠢ ᠴᠠᠭᠠᠵᠠ ᠬᠠᠤᠯᠢ ᠲᠤᠭᠳᠠᠭᠠᠯ ᠢ ᠴᠢᠩᠭ᠎ᠠ ᠬᠡᠷᠡᠭᠵᠢᠭᠦᠯᠵᠤ᠂ ᠬᠠᠤᠯᠢ ᠵᠦᠷᠢᠴᠡᠭᠰᠡᠨ ᠤᠶᠢᠯᠠ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃ ᠲᠤᠰᠬᠠᠢ ᠲᠤᠰᠢᠶᠠᠯ ᠤᠨ ᠨᠤᠳᠤᠭ ᠪᠡᠯᠴᠢᠬᠡᠷ ᠤᠨ ᠬᠠᠮᠢᠶᠠᠷᠤᠨ ᠬᠠᠮᠠᠭᠠᠯᠠᠬᠤ ᠠᠵᠢᠯᠳᠠᠨ ᠤ ᠤᠶᠢᠯᠡᠳᠤᠯ ᠢ ᠭᠦᠢᠴᠡᠳ ᠪᠠᠳᠠᠷᠠᠭᠤᠯᠵᠤ᠂ ᠨᠢᠭᠡᠳᠤᠯᠲᠠᠢ ᠵᠤᠬᠢᠶᠠᠨ ᠪᠠᠶᠢᠭᠤᠯᠵᠤ᠂ ᠴᠢᠩᠭ᠎ᠠ ᠬᠠᠮᠢᠶᠠᠷᠴᠤ ᠂ ᠲᠤᠭᠳᠠᠮᠠᠯ ᠬᠤᠭᠤᠴᠠᠭ᠎ᠠ ᠲᠠᠢ ᠪᠠᠷ ᠲᠤᠭᠤᠷᠢᠨ ᠬᠠᠮᠠᠭᠠᠯᠠᠵᠤ᠂ ᠬᠢᠨᠠᠨ ᠬᠠᠮᠢᠶᠠᠷᠬᠤ ᠠᠵᠢᠯ ᠢ ᠪᠤᠳᠠᠳᠤ ᠭᠠᠵᠠᠷ ᠲᠤᠨᠢ ᠨᠠᠶᠢᠳᠠᠪᠦᠷᠢᠵᠢᠭᠤᠯᠬᠤ ᠶᠢ ᠪᠠᠳᠤᠯᠠᠨ᠎ᠠ᠃    ︵ᠲᠤᠯᠤᠭ᠎ᠠ︶ ᠦᠷ᠎ᠡ ᠪᠦᠲᠦᠮᠵᠢ ᠶᠢᠨ ᠰᠢᠯᠭᠠᠨ ᠬᠢᠨᠠᠯᠳᠠ ᠶᠢ ᠴᠢᠩᠭᠠᠳᠬᠠᠨ᠎ᠠ᠃ ᠦᠪᠡᠷᠳᠡᠬᠡᠨ ᠵᠠᠰᠠᠬᠤ ᠤᠷᠤᠨ ᠢ ᠢᠳᠡᠪᠬᠢᠲᠠᠢ ᠬᠠᠮᠵᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠬᠢᠨᠠᠨ ᠬᠡᠮᠵᠢᠵᠤ ᠦᠨᠡᠯᠡᠬᠦ ᠲᠦᠷᠢᠮ ᠢ ᠨᠠᠶᠢᠳᠠᠪᠦᠷᠢᠵᠢᠭᠤᠯᠵᠤ᠂ ᠦᠪᠡᠷᠳᠡᠬᠡᠨ ᠵᠠᠰᠠᠬᠤ ᠤᠷᠤᠨ ᠤ ᠦᠨᠡᠯᠡᠭᠰᠡᠨ ᠦᠷ᠎ᠡ ᠪᠦᠲᠦᠬᠡᠯ ᠢᠶᠠᠷ ᠲᠤᠯᠢ ᠪᠤᠯᠭᠠᠵᠤ᠂ ᠪᠦᠬᠦ ᠬᠤᠳᠠ ᠶᠢᠨ ᠡᠯ᠎ᠡ ᠬᠤᠰᠢᠭᠤ ᠲᠤᠭᠤᠷᠢᠭ ᠤᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠭᠰᠠᠨ ᠦᠷ᠎ᠡ ᠪᠦᠲᠦᠮᠵᠢ ᠳᠤ ᠰᠢᠯᠭᠠᠨ ᠬᠢᠨᠠᠯᠳᠠ ᠬᠢᠨ᠎ᠡ᠃ ᠦᠪᠡᠷᠳᠡᠬᠡᠨ ᠵᠠᠰᠠᠬᠤ ᠤᠷᠤᠨ ᠤ ᠪᠡᠯᠡ ᠮᠦᠩᠭᠦ ᠶᠢ ᠰᠤᠯᠢᠵᠤ ᠦᠭᠬᠦ᠂ ᠠᠮᠢ ᠠᠬᠤᠢ ᠶᠢ ᠰᠡᠷᠭᠦᠬᠡᠬᠦ ᠵᠢᠴᠢ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠭᠤᠷᠪᠠᠨ ᠲᠦᠷᠦᠯ ᠤᠨ ᠭᠦᠢᠴᠡᠳᠬᠡᠯ ᠲᠤᠭ᠎ᠠ ᠪᠠᠷ ᠭᠤᠤᠯᠳᠠᠯᠭ᠎ᠠ ᠲᠠᠢ ᠯᠠᠪᠯᠠᠯᠳᠠ ᠪᠤᠯᠭᠠᠵᠤ᠂ ᠡᠭᠦᠨ ᠤ ᠵᠡᠷᠬᠡᠪᠡᠷ ᠪᠦᠬᠦ ᠬᠤᠳᠠ ᠶᠢᠨ ᠪᠤᠳᠠᠳᠤ ᠨᠡᠮᠡᠭᠳᠡᠭᠦᠯᠦᠭᠰᠡᠨ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶᠡᠷᠡᠨ ᠲᠠᠭᠠᠭᠠᠴᠢᠯᠠᠬᠤ ᠠᠵᠢᠯ ᠢ ᠠᠬᠢᠭᠤᠯᠤᠭᠰᠠᠨ ᠪᠠᠶᠢᠳᠠᠯ ᠢ ᠰᠢᠯᠭᠠᠨ ᠬᠢᠨᠠᠵᠤ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠵᠦᠪᠰᠢᠶᠡᠷᠡᠨ ᠲᠠᠭᠠᠭᠠᠴᠢᠯᠠᠬᠤ ᠠᠵᠢᠯ ᠢ ᠠᠬᠢᠭᠤᠯᠤᠭᠰᠠᠨ ᠨᠢ ᠰᠠᠶᠢᠨ ᠪᠢᠰᠢ ᠬᠤᠰᠢᠭᠤ ᠲᠤᠭᠤᠷᠢᠭ ᠢ ᠱᠠᠩᠨᠠᠨ ᠬᠦᠬᠢᠭᠦᠯᠬᠦ ᠦᠬᠡᠢ᠃ 2017 ᠤᠨ ᠠᠴᠠ ᠡᠬᠢᠯᠡᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠶᠢ ᠰᠢᠯᠭᠠᠨ ᠬᠢᠨᠠᠭᠰᠠᠨ ᠬᠢᠷᠢ ᠪᠦᠲᠦᠮᠵᠢ  ᠶᠢ ᠬᠤᠳᠠ  ᠠᠴᠠ ᠬᠤᠰᠢᠭᠤ ᠲᠤᠭᠤᠷᠢᠭ  ᠤᠨ ᠤᠳᠤᠷᠢᠳᠬᠤ ᠪᠠᠭ ᠤᠨ ᠵᠢᠯ ᠤᠨ ᠪᠤᠳᠠᠳᠤ ᠦᠷ᠎ᠡ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠲᠤᠭᠳᠠᠯᠴᠠᠭ᠎ᠠ ᠳᠤ ᠤᠷᠤᠭᠤᠯᠵᠤ᠂ ᠨᠤᠳᠤᠭ ᠪᠡᠯᠴᠢᠬᠡᠷ ᠤᠨ ᠡᠬᠢ ᠪᠠᠶᠠᠯᠢᠭ ᠡᠳ᠋ ᠬᠦᠷᠦᠩᠬᠡ ᠶᠢ ᠲᠣᠰᠢᠶᠠᠯ ᠠᠴᠠ ᠪᠠᠨ ᠰᠠᠯᠬᠤ ᠳᠤ ᠬᠢᠨᠠᠨ ᠪᠤᠳᠤᠬᠤ ᠪᠠ ᠨᠤᠳᠤᠭ ᠪᠡᠯᠴᠢᠬᠡᠷ ᠤᠨ ᠡᠬᠢ ᠪᠠᠶᠠᠯᠢᠭ ᠡᠳ᠋ ᠬᠦᠷᠦᠩᠬᠡ ᠶᠢᠨ ᠦᠷᠢᠳᠦᠭᠰᠡᠨ ᠬᠦᠰᠦᠨᠦᠭ ᠢ ᠨᠠᠶᠢᠷᠠᠭᠤᠯᠤᠨ ᠵᠤᠬᠢᠶᠠᠬᠤ ᠴᠢᠬᠤᠯᠠ ᠦᠨᠳᠦᠰᠦᠯᠡᠯ ᠪᠤᠯᠭᠠᠨ᠎ᠠ ︵ᠪᠤᠳᠠᠳᠠᠢ ᠰᠢᠯᠭᠠᠨ ᠬᠢᠨᠠᠬᠤ ᠠᠷᠭ᠎ᠠ ᠶᠢ ᠠᠰ ᠲᠤᠨᠢ ᠲᠤᠭᠳᠠᠭᠠᠨ᠎ᠠ︶᠃                      ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ                    2017ᠤᠨ ᠤ 4 ᠰᠠᠷ᠎ᠠ ᠶᠢᠨ 5 ᠤ ᠡᠳᠦᠷ ᠳᠠᠷᠣᠮᠠᠯᠯᠠᠨ ᠳᠠᠷᠬᠠᠭᠠᠪᠠ                
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号