ᠬᠤᠷᠢᠨ ᠳᠣᠯᠣᠭᠠᠨ ᠦᠨᠡᠮᠯᠡᠯ ᠢ ᠨᠢᠬᠡᠳᠬᠡᠵᠣ ᠨᠢᠬᠡ ᠦᠨᠡᠮᠯᠡᠯ ᠨᠢᠬᠡ ᠺᠣᠳ᠋ ᠲᠠᠢ ᠪᠣᠯᠭᠠᠵᠣ ᠳᠠᠩᠰᠠᠯᠠᠬᠤ ᠠᠵᠢᠯ ᠤᠨ ᠲᠦᠷᠢᠮ ᠤᠨ ᠦᠬᠡᠷᠡᠴᠢᠯᠡᠯᠳᠡ ᠶᠢ ᠬᠡᠷᠡᠭᠵᠢᠬᠦᠯᠬᠦ ᠲᠣᠬᠠᠢ ᠦᠦᠰᠢᠨ ᠬᠤᠰᠢᠭᠤᠨ ᠤ ᠠᠷᠠᠳ  ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018-04-10
ᠡᠯ᠎ᠡ ᠠᠵᠣ ᠠᠬᠤᠢ ᠶᠢᠨ ᠨᠡᠬᠡᠬᠡᠯᠳᠡ ᠶᠢᠨ ᠲᠣᠭᠤᠷᠢᠭ ︵ᠬᠦᠷᠢᠶᠠᠯᠠᠩ︶ ᠤᠨ ᠬᠠᠮᠢᠶᠠᠷᠣᠯᠲᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ  ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠨᠢᠬᠡᠴᠡ᠂ ᠠᠵᠢᠯ ᠣᠶᠢᠯᠡᠰ ᠤᠨ ᠨᠢᠬᠡᠴᠡ ᠵᠢᠴᠢ ᠡᠯ᠎ᠡ ᠠᠷᠠᠳ ᠤᠨ ᠪᠦᠯᠬᠦᠮ  ᠄    ︽ᠣᠯᠠᠨ ᠦᠨᠡᠮᠯᠠᠯ ᠢ ᠨᠢᠬᠡᠳᠬᠡᠬᠦ ᠦᠬᠡᠷᠡᠴᠢᠯᠡᠯᠳᠡ ᠶᠢ ᠲᠦᠷᠬᠡᠳᠬᠡᠬᠦ ᠳᠣᠬᠠᠢ ᠲᠦᠷᠦ ᠶᠢᠨ ᠶᠠᠪᠣᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠦᠷᠦ ᠠᠯᠪᠠᠨ ᠳᠠᠷᠬᠠᠭᠠᠭᠰᠠᠨ〔2017〕41 ᠳ᠋ᠣᠬᠡᠷ ᠲᠤᠭᠠᠳᠦ︶ ᠪᠠ ᠲᠦᠷᠦ ᠶᠢᠨ ᠶᠠᠪᠣᠳᠠᠯ ᠤᠨ ᠬᠤᠷᠢᠶ᠎ᠠ᠂ ᠦᠪᠡᠷᠳᠡᠬᠡᠨ ᠵᠠᠰᠠᠬᠤ ᠣᠷᠣᠨ ᠤ ︽ᠣᠯᠠᠨ ᠦᠨᠡᠮᠯᠡᠯ ᠢ ᠨᠢᠬᠡᠳᠬᠡᠬᠦ︾ ᠦᠬᠡᠷᠡᠴᠢᠯᠡᠯᠳᠡ ᠶᠢ ᠪᠦᠬᠦ ᠳᠠᠯ᠎ᠠ ᠪᠠᠷ ᠠᠬᠢᠭᠤᠯᠬᠤ ᠠᠵᠢᠯ ᠤᠨ ᠲᠧᠯᠸᠢᠰ ᠣᠳᠠᠰᠣᠨ ᠤ ᠬᠤᠷᠠᠯ ᠵᠢᠴᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠣᠰᠣᠯᠡᠨ ᠬᠤᠰᠢᠭᠤ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠰᠠᠨᠠᠯ ᠢ ᠬᠤᠷᠢᠶᠠᠭᠠᠳ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠠᠵᠣ ᠠᠬᠤᠶᠢᠯᠡᠯ ᠪᠠ ᠮᠠᠯᠴᠢᠨ ᠳᠠᠷᠢᠶᠠᠴᠢᠨ ᠤ ᠳᠣᠰᠬᠠᠢ ᠬᠤᠷᠰᠢᠶᠠᠵᠢᠯ ᠤᠨ ᠣᠶᠢᠯᠡᠳᠪᠣᠷᠢ ᠬᠤᠳᠠᠯᠳᠣᠭᠠᠨ ᠤ ᠡᠵᠡᠩᠨᠡᠯᠳᠡ ᠶᠢᠨ ᠦᠨᠡᠮᠯᠡᠯ᠂ ᠵᠣᠬᠢᠶᠠᠨ ᠪᠠᠶᠢᠭᠤᠯᠣᠯᠳᠠ ᠪᠠᠶᠢᠭᠤᠯᠣᠮᠵᠢ ᠶᠢᠨ ᠨᠣᠮᠧᠷ ᠤᠨ ᠦᠨᠡᠮᠯᠠᠯ᠂ ᠭᠠᠶᠢᠯᠢ ᠶᠢᠨ ᠳᠠᠩᠰᠠᠯᠠᠯᠳᠠ ᠶᠢᠨ ᠦᠨᠡᠮᠯᠡᠯ᠂ ᠳᠤᠭ᠎ᠠ ᠪᠦᠷᠢᠳᠬᠡᠯ ᠤᠨ ᠳᠠᠩᠰᠠᠯᠠᠯᠳᠠ ᠶᠢᠨ ᠦᠨᠡᠮᠯᠡᠯ ᠤᠨ ︽ᠳᠠᠪᠣᠨ ᠦᠨᠡᠮᠯᠡᠯ ᠢ ᠨᠢᠬᠡᠳᠬᠡᠵᠣ ᠨᠢᠬᠡ ᠦᠨᠡᠮᠯᠡᠯ ᠨᠢᠬᠡ ᠺᠦ᠋ᠳ᠋ ᠲᠠᠢ ᠪᠣᠯᠭᠠᠬᠤ︾ ᠳᠠᠩᠰᠠᠯᠠᠯᠳᠠ  ᠶᠢᠨ ᠲᠦᠷᠢᠮ ᠤᠨ ᠦᠬᠡᠷᠡᠴᠢᠯᠡᠯᠳᠡ ᠪᠠ ᠬᠤᠪᠢ ᠶᠢᠨ ᠬᠤᠳᠠᠯᠳᠣᠭᠠᠨ ᠤ ᠡᠷᠦᠬᠡ ᠶᠢᠨ  ᠣᠶᠢᠯᠡᠳᠪᠣᠷᠢ ᠬᠤᠳᠠᠯᠳᠣᠭᠠᠨ ᠤ ᠡᠵᠡᠩᠨᠡᠯᠳᠡ ᠶᠢᠨ ᠦᠨᠡᠮᠯᠡᠯ᠂ ᠭᠠᠶᠢᠯᠢ ᠶᠢᠨ ᠳᠠᠩᠰᠠᠯᠠᠯᠳᠠ ᠶᠢᠨ ᠦᠨᠡᠮᠯᠡᠯ ᠤᠨ ︽ᠬᠤᠶᠡᠷ ᠦᠨᠡᠮᠯᠡᠯ ᠢ ᠨᠢᠬᠡᠳᠬᠡᠬᠦ︾ ᠨᠢᠬᠡ ᠦᠨᠡᠮᠯᠡᠯ ᠨᠢᠬᠡ ᠺᠣᠳ᠋ ᠲᠠᠢ ᠪᠣᠯᠭᠠᠬᠤ︾ ᠶᠢ ᠬᠡᠷᠡᠭᠵᠢᠬᠦᠯᠥᠨ ᠵᠣᠬᠢᠶᠠᠨ ᠣᠶᠢᠯᠡᠳᠬᠦ ᠠᠵᠣ ᠠᠬᠤᠶᠢᠯᠡᠯ ᠤᠨ ᠲᠦᠷᠢᠮ ᠤᠨ ᠴᠢᠨᠡᠷᠳᠡᠢ ᠠᠷᠠᠯᠵᠢᠶᠠᠨ ᠤ ᠦᠷᠳᠡᠭ ᠢ ᠦᠨᠡᠨᠬᠦ ᠪᠠᠳᠠᠷᠠᠭᠤᠯᠵᠣ ᠰᠠᠶᠢᠨ ᠰᠠᠶᠢᠬᠠᠨ ᠵᠠᠬ᠎ᠠ ᠳᠡᠯᠬᠡᠬᠦᠷ ᠤᠨ ᠡᠵᠡᠩᠨᠡᠯᠳᠡ ᠶᠢᠨ ᠣᠷᠴᠢᠨ ᠢ ᠪᠣᠢ ᠪᠣᠯᠭᠠᠨ᠎ᠠ᠃    ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠣᠯᠣᠰ᠂ ᠦᠪᠡᠷᠳᠡᠬᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠪᠠᠶᠢᠷᠢᠰᠢᠯᠠᠭᠤᠯᠣᠯᠳᠠ ᠪᠠ ᠮᠠᠨ ᠤ ᠬᠤᠰᠢᠭᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠣᠰᠣᠯᠡᠨ ᠨᠢᠬᠡᠳᠬᠡᠵᠣ ᠪᠣᠯᠬᠤ ᠶᠢ ᠨᠢ ᠨᠢᠬᠡᠳᠬᠡᠨ ᠲᠦᠬᠦᠮᠴᠢᠯᠡᠵᠣ ᠪᠣᠯᠬᠤ ᠶᠢ ᠨᠢ ᠲᠦᠬᠦᠮᠴᠢᠯᠡᠨ ᠬᠠᠰᠣᠵᠣ ᠪᠣᠯᠬᠤ ᠶᠢ ᠨᠢ ᠬᠠᠰᠣᠬᠤ ᠵᠠᠷᠴᠢᠮ ᠢ ᠦᠨᠳᠣᠰᠣᠯᠡᠨ ᠠᠵᠣ ᠣᠶᠢᠯᠡᠰ ᠤᠨ ᠦᠨᠡᠮᠯᠡᠯ ᠤᠨ ᠵᠣᠶᠢᠯᠡᠰ ᠢ ᠪᠦᠬᠦ ᠳᠠᠯ᠎ᠠ  ᠪᠠᠷ ᠡᠮᠬᠢᠳᠬᠡᠨ ᠲᠦᠷᠥᠯ ᠵᠣᠶᠢᠯ ᠬᠤᠪᠢᠶᠠᠨ ᠰᠢᠢᠳᠪᠣᠷᠢᠯᠡᠵᠣ ᠴᠢᠬᠤᠯᠠ ᠪᠣᠰᠣ ᠬᠢᠨᠡᠨ ᠵᠦᠪᠰᠢᠶᠠᠷᠠᠯ ᠤᠨ ᠦᠨᠡᠮᠯᠡᠯ ᠢ ᠬᠠᠰᠣᠭᠳᠠᠭᠤᠯᠵᠣ ᠦᠷ᠎ᠡ ᠪᠦᠳᠣᠮᠵᠢ ᠶᠢ ᠨᠡᠮᠡᠭᠳᠡᠬᠦᠯᠬᠦ ᠶᠢ ᠲᠦᠷᠬᠡᠳᠬᠡᠨ ᠠᠬᠢᠭᠤᠯᠣᠨ᠎ᠠ︔ ᠰᠠᠯᠠᠭ᠎ᠠ ᠮᠦᠴᠢᠷ ᠤᠨ ᠴᠢᠮᠡᠭᠡ ᠵᠠᠩᠬᠢ ᠶᠢ ᠬᠠᠮᠳᠣᠪᠠᠷ ᠡᠳ᠋ᠯᠡᠬᠦ ᠪᠠ ᠳᠣᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠬᠦᠨᠵᠡᠶᠢᠬᠡᠷᠡᠬᠦᠯᠵᠣ ᠬᠤᠪᠢ ᠬᠤᠪᠢᠨ ᠤ ᠪᠠᠨ ᠬᠤᠯᠪᠣᠭᠳᠠᠯ ᠪᠦᠬᠦᠢ ᠴᠢᠮᠡᠭᠡ ᠵᠠᠩᠬᠢ ᠶᠢᠨ ᠰᠢᠰᠲ᠋ᠧᠮ ᠢ ᠲᠦᠷᠬᠡᠳᠬᠡᠨ ᠳᠡᠬᠦᠯᠳᠡᠷᠵᠢᠬᠦᠯᠵᠣ ᠰᠠᠯᠠᠭ᠎ᠠ ᠮᠦᠴᠢᠷ ᠤᠨ ᠬᠤᠭᠤᠷᠣᠨᠳᠣᠬᠢ ︽ᠬᠤᠣᠰ ᠴᠢᠭᠯᠡᠯ ᠢᠶᠠᠷ ᠮᠡᠳᠡᠭᠳᠡᠬᠦ︾ ᠶᠢ ᠴᠢᠩᠭᠠᠳᠬᠠᠵᠣ ᠠᠵᠣ ᠠᠬᠤᠶᠢᠯᠡᠯ ᠪᠠ ᠣᠯᠠᠨ ᠲᠦᠮᠡᠨ ᠠᠬᠢᠨ ᠳᠠᠬᠢᠨ ᠮᠠᠲ᠋ᠧᠷᠢᠶᠠᠯ ᠳᠣᠰᠢᠶᠠᠬᠤ ᠶᠢ ᠦᠨᠡᠨᠬᠦ ᠪᠠᠭᠠᠰᠬᠠᠵᠣ᠂ ︽ᠨᠢᠬᠡ ᠦᠨᠡᠮᠯᠡᠯ ᠨᠢᠬᠡ ᠺᠤᠳ᠋ ᠲᠠᠢ︾ ᠡᠵᠡᠩᠨᠡᠯᠳᠡ ᠶᠢᠨ ᠦᠨᠡᠮᠯᠡᠯ ᠤᠨ ᠬᠡᠷᠡᠭᠯᠡᠯᠳᠡ ᠶᠢ ᠠᠬᠢᠭᠤᠯᠵᠣ ᠠᠵᠣ ᠠᠬᠤᠶᠢᠯᠡᠯ ᠢ ︽ᠨᠢᠬᠡ ᠦᠨᠠᠮᠯᠠᠯ ᠨᠢᠬᠡ ᠺᠣᠳ᠋︾ ᠲᠠᠢ ᠪᠣᠯᠭᠠᠨ᠎ᠠ︔ ᠳᠠᠯᠪᠢᠵᠣ ᠬᠠᠮᠢᠶᠠᠷᠬᠤ ᠶᠢ ᠣᠶᠠᠯᠳᠣᠭᠤᠯᠬᠤ ᠶᠢ ᠬᠠᠮᠳᠣ ᠴᠢᠬᠤᠯᠠᠴᠢᠯᠠᠨ ︽ᠬᠡᠨ ᠬᠢᠨᠡᠨ ᠵᠦᠪᠰᠢᠶᠠᠷᠠᠪᠠᠯ ᠬᠡᠨ ᠬᠠᠷᠢᠭᠤᠴᠠᠬᠤ︾ ᠵᠠᠷᠴᠢᠮ ᠢ ᠦᠨᠳᠣᠰᠣᠯᠡᠨ ᠬᠡᠷᠡᠭ ᠣᠴᠢᠷ ᠤᠨ ᠡᠮᠣᠨᠡᠬᠢ ᠬᠤᠶᠢᠨᠠᠬᠢ ᠬᠠᠮᠢᠶᠠᠷᠣᠯᠳᠠ ᠶᠢ ᠪᠦᠬᠦ ᠳᠠᠯ᠎ᠠ ᠪᠠᠷ ᠴᠢᠩᠭᠠᠳᠬᠠᠨ ︽ᠬᠤᠣᠰ ᠰᠣᠭᠤᠴᠢᠵᠣ ᠨᠢᠬᠡ ᠶᠢ ᠢᠯᠡ ᠪᠣᠯᠭᠠᠬᠤ︾ ᠬᠢᠨᠡᠨ ᠬᠠᠮᠢᠶᠠᠷᠣᠯᠳᠠ ᠶᠢᠨ ᠪᠠᠶᠢᠭᠤᠯᠣᠮᠵᠢ ᠶᠢ ᠠᠬᠢᠭᠤᠯᠵᠣ ᠰᠠᠶᠢᠳᠣᠷ ᠬᠢᠨᠡᠨ ᠬᠠᠮᠢᠶᠠᠷᠣᠨ᠎ᠠ︔ ᠳᠡᠩᠰᠠᠯᠠᠵᠣ ᠳᠡᠮᠳᠡᠭᠯᠡᠬᠦ ᠠᠵᠢᠯ ᠤᠨ ᠪᠦᠬᠦ ᠶᠠᠪᠣᠴᠠ ᠶᠢ ᠡᠯᠧᠺᠲᠷᠣᠨᠴᠢᠯᠡᠬᠦ ᠶᠢ ᠲᠦᠷᠬᠡᠳᠬᠡᠵᠣ ᠠᠵᠣ ᠠᠬᠤᠶᠢᠯᠡᠯ ᠤᠨ ᠨᠠᠷᠠᠶᠢᠳᠣᠯ ᠢ ᠳᠠᠩᠰᠠᠯᠠᠨ ᠬᠠᠮᠢᠶᠠᠷᠬᠤ ᠶᠢ ᠠᠬᠢᠭᠤᠯᠵᠣ ᠳᠠᠩᠰᠠᠯᠠᠬᠤ ᠶᠠᠪᠣᠴᠠ ᠶᠢ ᠲᠦᠬᠦᠮᠴᠢᠯᠡᠵᠣ ︽ᠢᠨᠲ᠋ᠧᠷ ᠰᠦᠯᠵᠢᠶ᠎ᠠ+ ᠵᠠᠰᠠᠭ ᠤᠨ ᠶᠠᠪᠣᠳᠠᠯ ᠤᠨ ᠣᠶᠢᠯᠡᠴᠢᠯᠡᠭᠡ︾ ᠶᠢ ᠳᠡᠯᠬᠡᠷᠡᠬᠦᠯᠵᠣ ︽ᠬᠤᠣᠰ ᠡᠬᠦᠳᠣᠯᠳᠡ︾ ᠪᠠ ᠪᠢᠴᠢᠯ ᠪᠠᠭ᠎ᠠ ᠠᠵᠣ ᠠᠬᠤᠶᠢᠯᠡᠯ ᠤᠨ ᠬᠦᠭᠵᠢᠯᠳᠡ ᠶᠢ ᠢᠳᠡᠪᠬᠢᠳᠡᠢ ᠠᠬᠢᠭᠤᠯᠵᠣ ᠬᠤᠳᠠᠯᠳᠣᠭᠠᠨ ᠤ ᠠᠵᠢᠯ ᠤᠨ ᠲᠦᠷᠢᠮ ᠤᠨ ᠦᠬᠡᠷᠡᠴᠢᠯᠡᠯᠳᠡ ᠶᠢᠨ ᠦᠷ᠎ᠡ ᠪᠦᠳᠣᠮᠵᠢ ᠶᠢ ᠠᠬᠢᠭᠤᠯᠣᠨ᠎ᠠ︔ ᠣᠬᠠᠭᠤᠯᠭ᠎ᠠ ᠶᠢᠨ ᠪᠣᠯᠪᠠᠰᠣᠷᠠᠯ ᠤᠨ ᠬᠦᠴᠦᠯᠡᠴᠡ ᠶᠢ ᠶᠡᠬᠡᠰᠬᠡᠨ ᠡᠯ᠎ᠡ ᠲᠦᠷᠥᠯ ᠤᠨ ᠰᠣᠨᠢᠨ ᠮᠡᠳᠡᠭᠡ ᠵᠠᠭᠤᠴᠢᠯᠠᠭᠤᠷ᠂ ᠹᠥᠷᠲ᠋ᠢᠯ ᠰᠦᠯᠵᠢᠶ᠎ᠠ᠂ ᠬᠡᠷᠡᠭ ᠬᠦᠢᠴᠡᠳᠬᠡᠬᠦ ᠣᠶᠢᠯᠡᠴᠢᠯᠡᠬᠡᠨ ᠤ ᠲᠢᠩᠬᠢᠮ ᠪᠠ ᠯᠠᠪᠯᠠᠯᠭ᠎ᠠ ᠶᠢᠨ ᠣᠳᠠᠰᠣ ᠵᠡᠷᠬᠡ ᠠᠷᠭ᠎ᠠ ᠵᠠᠮ ᠢᠶᠠᠷ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠦᠷᠬᠡᠨ ᠳᠡᠯᠬᠡᠷ ᠣᠬᠠᠭᠤᠯᠣᠨ ᠳᠠᠶᠢᠯᠪᠣᠷᠢᠯᠠᠬᠤ ᠶᠢᠨ ᠬᠠᠮᠳᠣ ᠲᠥᠯᠥᠪᠯᠡᠭᠡ ᠲᠠᠢ ᠬᠠᠨᠳᠣᠯᠭᠠᠳᠣ ᠴᠢᠨᠡᠷᠳᠡᠢ ᠪᠠᠷ ᠳᠣᠬᠠᠶᠢᠯᠠᠭᠰᠠᠨ ᠠᠵᠢᠯᠳᠠᠨ ᠤ ᠪᠣᠯᠪᠠᠰᠣᠷᠠᠯ ᠢ ᠡᠷᠬᠢᠯᠡᠵᠣ ︽ᠬᠤᠷᠢᠨ ᠳᠣᠯᠣᠭᠠᠨ ᠦᠨᠡᠮᠯᠡᠯ ᠢ ᠨᠢᠬᠡᠳᠬᠡᠵᠣ ᠨᠢᠬᠡ ᠦᠨᠡᠮᠯᠡᠯ ᠨᠢᠬᠡ ᠺᠣᠳ᠋ ᠲᠠᠢ ᠪᠣᠯᠭᠠᠬᠤ︾ ᠦᠬᠡᠷᠡᠴᠢᠯᠡᠯᠳᠡ ᠶᠢᠨ ᠰᠠᠶᠢᠨ ᠰᠠᠶᠢᠬᠠᠨ ᠨᠦᠬᠦᠴᠡᠯ ᠢ ᠠᠬᠢᠭᠤᠯᠣᠨ᠎ᠠ᠃    ᠳᠠᠭᠠᠯᠳᠣᠭᠤᠯᠣᠯ᠄ ︽ᠬᠤᠷᠢᠨ ᠳᠣᠯᠣᠭᠠᠨ ᠦᠨᠡᠮᠯᠡᠯ ᠢ ᠨᠢᠬᠡᠳᠬᠡᠬᠦ︾ ᠦᠬᠡᠷᠡᠴᠢᠯᠡᠯᠳᠡ ᠶᠢᠨ ᠵᠣᠶᠢᠯᠡᠰ ᠤᠨ ᠨᠠᠷᠢᠨ ᠳᠠᠩᠰᠠ                 ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                 2017 ᠣᠨ ᠤ 8 ᠰᠠᠷ᠎ᠠ ᠶᠢᠨ 25 ᠤ ᠡᠳᠦᠷ    ᠳᠠᠭᠠᠯᠳᠣᠭᠤᠯᠣᠯ᠄    ︽ᠬᠤᠷᠢᠨ ᠳᠣᠯᠣᠭᠠᠨ ᠦᠨᠡᠮᠯᠡᠯ ᠢ ᠨᠢᠬᠡᠳᠬᠡᠬᠦ︾ ᠦᠬᠡᠷᠡᠴᠢᠯᠡᠯᠳᠡ ᠶᠢᠨ ᠵᠣᠶᠢᠯᠡᠰ ᠤᠨ ᠨᠠᠷᠢᠨ ᠳᠠᠩᠰᠠ
   
   
                                                             
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号