ᠪᠠᠶᠢᠩᠭᠤ ᠶᠢᠨ ᠬᠡᠰᠢᠬᠦᠨ᠄ ᠹᠧᠩ ᡁᠢ ᠮᠢᠩ
ᠨᠡᠶᠢᠲᠡᠯᠡᠭᠰᠡᠨ ᠴᠠᠭ᠄
2018-04-13
   ᠲᠤᠰᠢᠶᠠᠯ᠄ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ    ᠠᠵᠢᠯ ᠤᠨ ᠬᠤᠪᠢᠶᠠᠷᠢᠯᠠᠯ᠄ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ ᠤᠬᠠᠭᠤᠯᠭ᠎ᠠ᠂ ᠦᠵᠡᠯ ᠰᠠᠨᠠᠭ᠎ᠠ᠂ ᠰᠣᠨᠢᠨ ᠮᠡᠳᠡᠭᠡ ᠬᠡᠪᠯᠡᠯ᠂ ᠷᠠᠳᠢᠣ᠋ ᠺᠢᠨᠣ᠋ ᠲᠧᠯᠸᠢᠰ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠣᠶᠤᠨ ᠤ ᠪᠣᠯᠪᠠᠰᠤᠨ ᠤ ᠠᠯᠪᠠᠨ ᠭᠡᠷ᠂ ᠯᠧᠺᠲ᠋ᠣᠷ ᠤᠨ ᠪᠦᠯᠬᠦᠮ᠂ ᠬᠠᠮ ᠵᠠᠭᠤᠴᠢᠯᠠᠭᠤᠷ ᠤᠨ ᠲᠥᠪ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠣᠶᠣᠯ ᠤᠨ ᠪᠦᠲᠦᠭᠡᠯᠴᠢ ᠵᠢᠷᠤᠭ ᠲᠦᠯᠦᠪᠯᠡᠭᠡ ᠶᠢᠨ ᠠᠯᠪᠠᠨ ᠭᠡᠷ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ ᠤᠨ ᠠᠯᠪᠠᠨ ᠭᠡᠷ ᠢ ᠬᠤᠪᠢᠶᠠᠷᠢᠯᠠᠨ ᠬᠠᠮᠢᠶᠠᠷᠤᠨ᠎ᠠ᠃ ᠶᠠᠨ ᠠᠨ ᠤ ᠵᠣᠷᠢᠭ ᠰᠠᠨᠠᠭᠠᠨ ᠤ ᠰᠤᠳᠤᠯᠭᠠᠨ ᠤ ᠨᠡᠶᠢᠭᠡᠮᠯᠢᠭ᠂ ᠰᠢᠷᠬᠤᠰᠤ ᠲᠠᠯ᠎ᠠ ᠨᠤᠲᠤᠭ ᠤᠨ ᠰᠣᠶᠣᠯ ᠢ ᠠᠬᠢᠭᠤᠯᠬᠤ ᠨᠡᠶᠢᠭᠡᠮᠯᠢᠭ ᠲᠠᠢ ᠬᠠᠷᠢᠯᠴᠠᠨ᠎ᠠ᠃    ᠲᠣᠪᠴᠢ ᠨᠠᠮᠲᠠᠷ᠄ ᠹᠧᠩ ᡁᠢ ᠮᠢᠩ ᠡᠷᠡᠭᠲᠡᠶ᠂ ᠬᠢᠲᠠᠳ ᠦᠨᠳᠦᠰᠦᠲᠡᠨ᠂ 1969 ᠤᠨ ᠤ 10 ᠰᠠᠷ᠎ᠠ ᠳᠤ ᠲᠥᠷᠥᠵᠡᠢ᠂ 1993 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ 1988 ᠤᠨ ᠤ 7 ᠰᠠᠷ᠎ᠠ ᠠᠴᠠ ᠡᠬᠢᠯᠡᠨ ᠠᠵᠢᠯᠯᠠᠵᠤ᠂ ᠤᠳᠤ ᠦᠤᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠠᠶᠢᠨ᠎ᠠ᠃    1988 ᠤᠨ ᠤ 7 ᠰᠠᠷ᠎ᠠ ᠠᠴᠠ 1993 ᠤᠨ ᠤ 8 ᠰᠠᠷ᠎ᠠ ᠪᠣᠯᠲᠠᠯ᠎ᠠ ᠦᠤᠰᠢᠨ ᠬᠤᠰᠢᠭᠤᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠪᠠᠭᠰᠢᠯᠠᠵᠤ ᠪᠠᠶᠢᠵᠠᠢ᠃    1993 ᠤᠨ ᠤ 8 ᠰᠠᠷ᠎ᠠ ᠠᠴᠠ 1995 ᠤᠨ ᠤ 11 ᠰᠠᠷ᠎ᠠ ᠪᠣᠯᠲᠠᠯ᠎ᠠ ᠬᠤᠰᠢᠭᠤ ᠠᠵᠤ ᠠᠬᠤᠶ ᠠᠷᠠᠯᠵᠢᠶᠠᠨ ᠤ ᠲᠥᠯᠥᠪᠯᠡᠬᠡᠨ ᠤ ᠵᠥᠪᠯᠡᠯ ᠳᠤ ᠠᠵᠢᠯᠯᠠᠵᠤ ᠪᠠᠶᠢᠪᠠ᠃   1995 ᠤᠨ ᠤ 11 ᠰᠠᠷ᠎ᠠ ᠠᠴᠠ 2005 ᠤᠨ ᠤ 2 ᠰᠠᠷ᠎ᠠ ᠪᠣᠯᠲᠠᠯ᠎ᠠ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠲᠤ ᠠᠵᠢᠯᠯᠠᠵᠤ᠂ ᠨᠠᠷᠢᠨ ᠪᠢᠴᠢᠭᠡᠴᠢ᠂ ᠳᠡᠳ᠋ ᠰᠠᠯᠠᠭᠠᠨ ᠲᠡᠰ ᠤᠨ ᠨᠠᠷᠢᠨ ᠪᠢᠴᠢᠭᠡᠴᠢ᠂ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠵᠤ ᠪᠠᠶᠢᠪᠠ᠃ ᠡᠨᠡ ᠬᠤᠭᠤᠴᠠᠭᠠᠨ ᠤ 2004 ᠤᠨ ᠤ 8 ᠰᠠᠷ᠎ᠠ ᠠᠴᠠ 2005 ᠤᠨ ᠤ 2 ᠰᠠᠷ᠎ᠠ ᠪᠤᠯᠲᠠᠯ᠎ᠠ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠠᠵᠢᠯ ᠢ ᠡᠷᠬᠢᠯᠡᠵᠤ ᠪᠠᠶᠢᠪᠠ᠃    2005 ᠤᠨ ᠤ 2 ᠰᠠᠷ᠎ᠠ ᠠᠴᠠ 2005 ᠤᠨ ᠤ 11 ᠰᠠᠷ᠎ᠠ ᠪᠣᠯᠲᠠᠯ᠎ᠠ ᠬᠤᠵᠢᠷᠲᠤ ᠰᠢᠶᠠᠩ ᠤᠨ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ︔    2005 ᠤᠨ ᠤ 11 ᠰᠠᠷ᠎ᠠ ᠠᠴᠠ 2009 ᠤᠨ ᠤ 4 ᠰᠠᠷ᠎ᠠ ᠪᠣᠯᠲᠠᠯ᠎ᠠ ᠤᠯᠠᠭᠠᠨᠲᠤᠯᠤᠭᠠᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠦᠭᠡᠳ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠤᠨ ᠲᠡᠳ᠋ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠤ ᠪᠠᠶᠢᠪᠠ︔    2009 ᠤᠨ ᠤ 4 ᠰᠠᠷ᠎ᠠ ᠠᠴᠠ 2010 ᠤᠨ ᠤ 12 ᠰᠠᠷ᠎ᠠ ᠪᠣᠯᠲᠠᠯ᠎ᠠ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠤ ᠪᠠᠶᠢᠪᠠ︔    2010 ᠤᠨ ᠤ 12 ᠰᠠᠷ᠎ᠠ ᠠᠴᠠ 2012 ᠤᠨ ᠤ 9 ᠰᠠᠷ᠎ᠠ ᠪᠣᠯᠲᠠᠯ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠤ ᠪᠠᠶᠢᠪᠠ᠃    2012 ᠤᠨ ᠤ 9 ᠰᠠᠷ᠎ᠠ ᠠᠴᠠ 2012 ᠤᠨ ᠤ 11 ᠰᠠᠷ᠎ᠠ ᠪᠣᠯᠲᠠᠯ᠎ᠠ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠤ ᠪᠠᠶᠢᠪᠠ︔    2012 ᠤᠨ ᠤ 11 ᠰᠠᠷ᠎ᠠ ᠠᠴᠠ 2016 ᠤᠨ ᠤ 6 ᠰᠠᠷ᠎ᠠ ᠪᠣᠯᠲᠠᠯ᠎ᠠ ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠤ ᠪᠠᠶᠢᠪᠠ︔    2016 ᠤᠨ ᠤ 6 ᠰᠠᠷ᠎ᠠ ᠠᠴᠠ 2017 ᠤᠨ ᠤ 10 ᠰᠠᠷ᠎ᠠ ᠪᠣᠯᠲᠠᠯ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠤ ᠪᠠᠶᠢᠪᠠ︔    2017 ᠤᠨ ᠤ 10 ᠰᠠᠷ᠎ᠠ ᠠᠴᠠ ᠤᠳᠤ ᠪᠤᠯᠲᠠᠯ᠎ᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠤᠢ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号