ᠳᠡᠳ᠋ ᠡᠷᠬᠢᠯᠡᠭᠴᠢ᠄ ᠯᠢ ᠰᠢᠦ ᠹᠧᠩ
ᠨᠡᠶᠢᠲᠡᠯᠡᠭᠰᠡᠨ ᠴᠠᠭ᠄
2018-04-13
     ᠳᠣᠰᠢᠶᠠᠯ᠄ ᠦᠦᠰᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠎ ᠶᠢᠨ ᠬᠤᠷᠢᠶᠠᠨ ᠤ ᠨᠠᠮ ᠤᠨ ᠣᠳᠣᠷᠢᠳᠬᠤ ᠳᠣᠭᠤᠶᠢᠯᠠᠩ ᠤᠨ ᠬᠡᠰᠢᠬᠦᠨ᠂ ᠳᠡᠳ᠋ ᠡᠷᠬᠢᠯᠡᠭᠴᠢ      ᠠᠵᠢᠯ ᠤᠨ ᠬᠤᠪᠢᠶᠠᠷᠢᠯᠠᠯ᠄ ᠡᠷᠬᠢᠯᠡᠭᠴᠢ ᠶᠢ ᠬᠠᠪᠰᠤᠷᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠠᠯᠪᠠᠨ ᠭᠡᠷ᠂ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠦᠪᠯᠡᠯ ᠤᠨ ᠠᠵᠢᠯ ᠢ ᠬᠤᠪᠢᠶᠠᠷᠢᠯᠠᠨ ᠬᠠᠷᠢᠭᠤᠴᠠᠨ᠎ᠠ᠃ ᠭᠠᠯᠠᠭᠤᠳᠣ ᠪᠠᠯᠭᠠᠰᠣᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠬᠦᠭᠵᠢᠬᠦᠯᠦᠯᠳᠡ ᠪᠠ ᠥᠭᠡᠷᠡᠴᠢᠯᠡᠯᠳᠡ᠂ ᠠᠵᠤ ᠠᠬᠤᠢ ᠬᠤᠳᠠᠯᠳᠣᠭᠠᠨ ᠤ ᠶᠠᠪᠤᠳᠠᠯ ᠪᠠ ᠴᠢᠮᠡᠭᠡ ᠵᠠᠩᠬᠢᠴᠢᠯᠠᠯᠳᠠ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠮᠥᠩᠬᠦᠨ ᠬᠦᠢᠯᠭᠡᠭᠡ᠂ ᠠᠮᠤᠷ ᠲᠥᠪᠰᠢᠨ ᠢ ᠬᠢᠨᠠᠨ ᠪᠠᠶᠢᠴᠠᠭᠠᠬᠤ᠂ ᠬᠢᠨᠠᠨ ᠪᠤᠳᠤᠯᠳᠠ᠂ ᠲᠤᠭ᠎ᠠ ᠪᠦᠷᠢᠳᠬᠡᠯ᠂ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ᠂ ᠬᠤᠳᠠ ᠶᠢᠨ ᠬᠠᠮᠢᠶᠠᠷᠤᠯᠳᠠ᠂ ᠰᠢᠦᠳᠠᠨ᠂ ᠴᠢᠮᠡᠭᠡ ᠬᠤᠯᠪᠤᠭ᠎ᠠ ᠵᠡᠷᠭᠡ ᠠᠵᠢᠯ ᠢ ᠬᠠᠷᠢᠯᠴᠠᠨ᠎ᠠ᠃ᠳᠣᠪᠴᠢ ᠨᠠᠮᠳᠠᠷ᠄      ᠨᠢᠬᠡ᠂ ᠦᠨᠳᠦᠰᠦᠨ ᠪᠠᠶᠢᠳᠠᠯ      ᠯᠢ ᠰᠢᠦ ᠹᠧᠩ᠂ ᠡᠷᠡᠭᠳᠡᠢ᠂ ᠬᠢᠳᠠᠳ ᠦᠨᠳᠦᠰᠦᠳᠡᠨ᠂ 1965 ᠤᠨ ᠤ 10 ᠰᠠᠷ᠎ᠠ ᠳᠤ  ᠲᠥᠷᠥᠪᠡ᠃ ᠤᠭ ᠨᠤᠳᠤᠭ ᠨᠢ ᠡᠵᠡᠨ ᠬᠤᠷᠤᠭ᠎ᠠ ᠬᠤᠰᠢᠭᠤ᠂ ᠶᠡᠭᠡ ᠰᠣᠷᠭᠠᠭᠤᠯᠢ ᠶᠢᠨ ᠰᠣᠷᠣᠯᠭ᠎ᠠ ᠶᠢᠨ ᠨᠠᠮᠳᠠᠷ ᠲᠠᠢ᠂ 1985 ᠤᠨ ᠤ 8 ᠰᠠᠷ᠎ᠠ ᠠᠴᠠ ᠡᠬᠢᠯᠡᠨ ᠠᠵᠢᠯᠯᠠᠵᠤ᠂ 1987 ᠤᠨ ᠤ 3 ᠰᠠᠷ᠎ᠠ ᠳᠤ ᠨᠠᠮ ᠳᠤ ᠤᠷᠤᠵᠤ᠂ ᠡᠳᠦᠭᠡ ᠦᠦᠰᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠎ ᠤᠨ ᠣᠳᠣᠷᠢᠳᠬᠤ ᠳᠣᠭᠤᠶᠢᠯᠠᠩ ᠤᠨ ᠬᠡᠰᠢᠬᠦᠨ᠂ ᠦᠦᠰᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠳᠣᠰᠢᠶᠠᠯ ᠢ ᠡᠬᠦᠷᠭᠡᠯᠡᠵᠦ ᠪᠤᠢ᠃      ᠬᠤᠶᠠᠷ᠂ ᠠᠵᠢᠯ ᠤᠨ ᠳᠣᠪᠴᠢ ᠨᠠᠮᠳᠠᠷ      1985.8 — 1986.9 ᠦᠦᠰᠢᠨ ᠬᠤᠰᠢᠭᠤᠨ ᠤ ᠡᠪᠯᠡᠯ ᠤᠨ ᠬᠤᠷᠢᠶᠠᠨ ᠤ ᠠᠵᠢᠯᠯᠠᠭᠴᠢ ᠶᠢᠨ ᠳᠤᠰᠢᠶᠠᠯ ᠢ ᠡᠬᠦᠷᠬᠡᠯᠡᠵᠦ᠂ ᠬᠤᠰᠢᠭᠤ ᠬᠠᠷᠢᠶ᠎ᠠ ᠪᠠᠶᠢᠭᠤᠯᠭ᠎ᠠ ᠶᠢᠨ ᠡᠪᠯᠡᠯ ᠤᠨ ᠬᠤᠷᠢᠶᠠᠨ ᠤ ᠱᠦᠵᠢ ᠶᠢᠨ ᠳᠣᠰᠢᠶᠠᠯ ᠎ ᠢ ᠬᠠᠪᠰᠣᠷᠭᠠᠨ ᠡᠬᠦᠷᠭᠡᠯᠡᠵᠦ ᠪᠠᠶᠢᠪᠠ︔      1986.9 — 1987.3 ᠦᠦᠰᠢᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠲᠤ ᠠᠵᠢᠯᠯᠠᠵᠤ ᠪᠠᠶᠢᠪᠠ︔      1987.4 — 1995.12 ᠦᠦᠰᠢᠨ ᠬᠤᠰᠢᠭᠤᠨ ᠤ ᠡᠪᠯᠡᠯ ᠤᠨ ᠬᠤᠷᠢᠶᠠᠨ ᠤ ᠳᠡᠳ᠋ ᠱᠦᠵᠢ ᠶᠢᠨ ᠳᠣᠰᠢᠶᠠᠯ ᠢ ᠡᠬᠦᠷᠬᠡᠯᠡᠵᠦ ᠪᠠᠶᠢᠪᠠ ︵ᠳᠣᠰ ᠬᠤᠭᠤᠴᠠᠭᠠᠨ ᠳᠤ 1992 ᠤᠨ ᠤ 2 ᠰᠠᠷ᠎ᠠ — 1994 ᠤᠨ ᠤ 2 ᠰᠠᠷ᠎ᠠ ᠪᠤᠯᠳᠠᠯ᠎ᠠ ᠦᠦᠰᠢᠨ ᠬᠤᠰᠢᠭᠤᠨ ᠤ ᠬᠤᠸᠠᠩᠳᠣᠯᠣᠭᠠᠢ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠎ ᠶᠢᠨ ᠳᠣᠰᠢᠶᠠᠯ ᠢ ᠲᠦᠷ ᠡᠬᠦᠷᠭᠡᠯᠡᠵᠦ ᠪᠠᠶᠢᠪᠠ︶︔      1996.1 — 1998.5 ᠦᠦᠰᠢᠨ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ ᠶᠢᠨ ᠳᠣᠰᠢᠶᠠᠯ ᠢ ᠡᠬᠦᠷᠭᠡᠯᠡᠵᠦ ᠪᠠᠶᠢᠪᠠ︔      1998.6 — 2002.6 ᠦᠦᠰᠢᠨ ᠬᠤᠰᠢᠭᠤᠨ ᠤ ᠬᠤᠵᠢᠷᠳᠣ ᠰᠢᠶᠠᠩ ᠤᠨ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠳᠡᠷᠢᠬᠦᠯᠡᠭᠴᠢ ᠶᠢᠨ ᠳᠣᠰᠢᠶᠠᠯ ᠢ ᠡᠬᠦᠷᠭᠡᠯᠡᠵᠦ ᠪᠠᠶᠢᠪᠠ︔      2002.7 — 2010.11 ᠦᠦᠰᠢᠨ ᠬᠤᠰᠢᠭᠤᠨ ᠤ ᠤᠷᠴᠢᠨ ᠳᠣᠭᠤᠷᠢᠨ ᠤ ᠬᠠᠮᠠᠭᠠᠯᠠᠯᠳᠠ ᠶᠢᠨ ᠳᠣᠪᠴᠢᠶᠠᠨ ᠤ ᠳᠣᠪᠴᠢᠶᠠᠨ ᠳᠠᠷᠤᠭ᠎ᠠ ᠶᠢᠨ ᠳᠣᠰᠢᠶᠠᠯ ᠢ ᠡᠬᠦᠷᠭᠡᠯᠡᠵᠦ ᠪᠠᠶᠢᠪᠠ ︵ᠳᠣᠰ ᠬᠤᠭᠤᠴᠠᠭᠠᠨ ᠳᠤ 2008 ᠤᠨ ᠤ 5 ᠰᠠᠷ᠎ᠠ — 11 ᠰᠠᠷ᠎ᠠ ᠪᠤᠯᠳᠠᠯ᠎ᠠ ᠣᠷᠳᠣᠰ ᠬᠤᠳᠠ ᠶᠢᠨ ᠤᠷᠴᠢᠨ ᠳᠣᠭᠤᠷᠢᠨ ᠤ ᠬᠠᠮᠠᠭᠠᠯᠠᠯᠳᠠ ᠶᠢᠨ ᠳᠣᠪᠴᠢᠶᠠᠨ ᠤ ᠳᠣᠪᠴᠢᠶᠠᠨ ᠳᠠᠷᠤᠭ᠎ᠠ ᠶᠢᠨ ᠳᠣᠰᠠᠯᠠᠭᠴᠢ ᠶᠢᠨ ᠳᠣᠰᠢᠶᠠᠯ ᠢ ᠲᠦᠷ ᠡᠬᠦᠷᠭᠡᠯᠡᠵᠦ ᠪᠠᠶᠢᠪᠠ︶︔      2010.12 — 2012.11 ᠦᠦᠰᠢᠨ ᠬᠤᠰᠢᠭᠤᠨ ᠤ ᠣᠷᠣᠨ ᠰᠠᠭᠤᠴᠠ ᠪᠠ ᠬᠤᠳᠠ ᠬᠦᠳᠡᠭᠡ ᠶᠢᠨ ᠲᠥᠯᠥᠪᠵᠢᠬᠦᠯᠭᠡ ᠪᠦᠳᠦᠭᠡᠨ ᠪᠠᠶᠢᠭᠤᠯᠤᠯᠳᠠ ᠶᠢᠨ ᠳᠣᠪᠴᠢᠶ᠎ᠠ ᠶᠢᠨ ᠳᠣᠪᠴᠢᠶᠠᠨ ᠳᠠᠷᠤᠭ᠎ᠠ ᠶᠢᠨ ᠳᠣᠰᠢᠶᠠᠯ ᠢ ᠡᠬᠦᠷᠭᠡᠯᠡᠵᠦ ᠪᠠᠶᠢᠪᠠ︔      2012.11 — ᠤᠳᠤ ᠪᠤᠯᠳᠠᠯ᠎ᠠ ᠦᠦᠰᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠣᠳᠣᠷᠢᠳᠬᠤ ᠳᠣᠭᠤᠶᠢᠯᠠᠩ ᠤᠨ ᠬᠡᠰᠢᠬᠦᠨ᠂ ᠳᠡᠳ᠋ ᠡᠷᠬᠢᠯᠡᠭᠴᠢ ᠎ ᠶᠢᠨ ᠳᠣᠰᠢᠶᠠᠯ ᠢ ᠡᠬᠦᠷᠭᠡᠯᠡᠵᠦ ᠪᠤᠢ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号