ᠪᠠᠶᠢᠩᠭᠤ ᠶᠢᠨ ᠬᠡᠰᠢᠬᠦᠨ᠄ ᠯᠠᠨ ᠲᠢᠶᠠᠨ
ᠨᠡᠶᠢᠲᠡᠯᠡᠭᠰᠡᠨ ᠴᠠᠭ᠄
2018-04-13
   ᠲᠤᠰᠢᠶᠠᠯ᠄ ᠦᠤᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ    ᠠᠵᠢᠯ ᠤᠨ ᠬᠤᠪᠢᠶᠠᠷᠢᠯᠠᠯ᠄ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠢ ᠬᠠᠷᠢᠭᠤᠴᠠᠵᠤ ᠪᠤᠢ᠃ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠪᠢᠶᠠᠷᠢᠯᠠᠨ ᠬᠠᠮᠢᠶᠠᠷᠤᠨ᠎ᠠ᠃    ᠲᠣᠪᠴᠢ ᠨᠠᠮᠲᠠᠷ᠄ ᠯᠠᠨ ᠲᠢᠶᠠᠨ᠂ ᠡᠷᠡᠭᠲᠡᠶ᠂ ᠮᠣᠩᠭᠤᠯ ᠦᠨᠳᠦᠰᠦᠲᠡᠨ᠂ 1976 ᠤᠨ ᠤ 5 ᠰᠠᠷ᠎ᠠ ᠳᠤ ᠲᠥᠷᠥᠵᠡᠢ᠂ 2000 ᠤᠨ ᠤ 7 ᠰᠠᠷ᠎ᠠ ᠠᠴᠠ ᠡᠬᠢᠯᠡᠨ ᠠᠵᠢᠯᠯᠠᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃     ᠠᠵᠢᠯ ᠤᠨ ᠳᠣᠪᠴᠢ ᠨᠠᠮᠳᠠᠷ᠄    2000.7.15— 2000.7.30 ᠥᠪᠥᠷ ᠮᠣᠩᠭᠤᠯ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠰᠤᠷᠭᠠᠭᠤᠯᠢ ᠶᠢᠨ 2000 ᠤᠨ ᠤ ᠰᠣᠩᠭᠤᠨ ᠲᠤᠮᠢᠯᠠᠭᠳᠠᠭᠰᠠᠳ ᠢ ᠪᠣᠯᠪᠠᠰᠤᠷᠠᠭᠤᠯᠬᠤ ᠠᠩᠭᠢ ᠳᠤ ᠰᠤᠷᠤᠯᠴᠠᠪᠠ︔    2000.9 — 2001.7 ᠵᠡᠭᠦᠨᠭᠠᠷ ᠬᠤᠰᠢᠭᠤᠨ ᠤ ᠨᠠᠭᠤᠷ ᠤᠨ ᠲᠠᠯ᠎ᠠ ᠪᠠᠯᠭᠠᠰᠤᠨ ᠳᠤ ᠠᠵᠢᠯᠯᠠᠵᠤ᠂ ᠨᠠᠷᠢᠨ ᠪᠢᠴᠢᠭᠡᠴᠢ ᠶᠢᠨ ᠲᠤᠰᠢᠶᠠᠯ ᠢ ᠡᠭᠦᠷᠭᠡᠯᠡᠵᠤ ᠪᠠᠶᠢᠪᠠ︔    2001.7 — 2004.4 ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠲᠤ ᠠᠵᠢᠯᠯᠠᠨ᠂ ᠨᠠᠷᠢᠨ ᠪᠢᠴᠢᠭᠡᠴᠢ ᠶᠢᠨ ᠲᠤᠰᠢᠶᠠᠯ ᠢ ᠬᠠᠷᠢᠭᠤᠴᠠᠵᠤ᠂ 2004.2 ᠳᠤ ᠳᠡᠳ᠋ ᠰᠠᠯᠠᠭᠠᠨ ᠲᠡᠰ ᠤᠨ ᠨᠠᠷᠢᠨ ᠪᠢᠴᠢᠭᠡᠴᠢ ᠶᠢᠨ ᠲᠤᠰᠢᠶᠠᠯ ᠢ ᠡᠭᠦᠷᠭᠡᠯᠡᠵᠦ᠂ ᠡᠨᠡ ᠬᠤᠭᠤᠴᠠᠭᠠᠨ ᠤ 2003.9 — 2003.12 ᠳᠤ ᠣᠷᠳᠣᠰ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠤᠷᠪᠠᠳᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷ ᠤᠨ ᠪᠣᠯᠪᠠᠰᠤᠷᠠᠯ ᠤᠨ ᠠᠩᠭᠢ ᠳᠤ ᠰᠤᠷᠤᠯᠴᠠᠵᠤ ᠪᠠᠶᠢᠪᠠ︔    2004.4 — 2009.8 ᠣᠷᠳᠣᠰ ᠬᠤᠲᠠ ᠶᠢᠨ ᠡᠮᠡᠭᠲᠠᠶᠢᠴᠤᠳ ᠤᠨ ᠬᠤᠯᠪᠣᠭᠠᠲᠤ ᠬᠤᠷᠠᠯ ᠳᠤ ᠨᠠᠷᠢᠨ ᠪᠢᠴᠢᠭᠡᠴᠢ ᠶᠢᠨ ᠠᠵᠢᠯ ᠬᠢᠵᠦ᠂ ᠡᠨᠡ ᠬᠤᠭᠤᠴᠠᠭᠠᠨ ᠤ 2006.1 ᠳᠤ ᠡᠷᠬᠡ ᠠᠰᠢᠭ ᠢ ᠬᠠᠮᠠᠭᠠᠯᠠᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ 2008.10.8 — 23 ᠤ ᠡᠳᠦᠷ ᠴᠢᠩᠬᠤᠸᠠ ᠶᠡᠭᠡ ᠰᠤᠷᠭᠠᠭᠤᠯᠢ ᠶᠢᠨ ᠣᠷᠳᠣᠰ ᠬᠤᠲᠠ ᠶᠢᠨ ᠤᠳᠤᠷᠢᠳᠬᠤ ᠺᠠᠳ᠋ᠷ ᠤᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠲᠡᠭᠡᠲᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ︵ᠨᠢᠭᠡᠳᠦᠭᠡᠷ ᠬᠤᠭᠤᠴᠠᠭ᠎ᠠ︶ ᠳᠤ ᠰᠤᠷᠤᠯᠴᠠᠵᠤ ᠪᠠᠶᠢᠪᠠ︔    2009.8 — 2014.12 ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠠᠵᠢᠯᠯᠠᠵᠤ᠂ ᠡᠨᠡ ᠬᠤᠭᠤᠴᠠᠭᠠᠨ ᠤ 2011.09 — 2014.12 ᠳᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠤ ᠲᠤᠰᠢᠶᠠᠯ ᠢ ᠬᠠᠷᠢᠭᠤᠴᠠᠵᠤ᠂ 2012.03 — 2012.04 ᠳᠤ ᠥᠪᠥᠷ ᠮᠣᠩᠭᠤᠯ ᠤᠨ ᠵᠠᠰᠠᠭ ᠵᠠᠬᠢᠷᠭᠠᠨ ᠤ ᠲᠡᠭᠡᠲᠦ ᠰᠤᠷᠭᠠᠭᠤᠯᠢ ᠶᠢᠨ ᠬᠤᠷᠢᠨ ᠵᠢᠷᠭᠤᠳᠤᠭᠠᠷ ᠬᠤᠭᠤᠴᠠᠭᠠᠨ ᠤ ᠠᠶᠢᠮᠠᠭ ᠬᠤᠲᠠ ᠶᠢᠨ ᠭᠠᠵᠠᠷ ᠤᠨ ᠲᠡᠰ ᠤᠨ ᠠᠯᠪᠠᠲᠠᠨ  ᠤ ᠲᠤᠰᠢᠶᠠᠯ ᠡᠭᠦᠷᠭᠡᠯᠡᠬᠦ ᠵᠢᠴᠢ ᠮᠡᠳᠡᠯᠭᠡ ᠰᠢᠨᠡᠳᠬᠡᠬᠦ ᠪᠣᠯᠪᠠᠰᠤᠷᠠᠯ ᠤᠨ ᠠᠩᠭᠢ ᠳᠤ ᠰᠤᠷᠤᠯᠴᠠᠪᠠ︔    2012.09 — 2015.07 ᠣᠷᠳᠣᠰ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠠᠩᠭᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠢ ᠰᠤᠷᠤᠯᠴᠠᠵᠤ ᠡᠨᠡ ᠬᠤᠭᠤᠴᠠᠭᠠᠨ ᠤ 2015.06 - 2015.07 ᠳᠤ ᠣᠷᠳᠣᠰ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠣᠷᠳᠣᠰ ᠬᠤᠲᠠ ᠶᠢᠨ 2015 ᠤᠨ ᠤ ᠰᠢᠶᠠᠨ ᠭᠠᠵᠠᠷ ᠤᠨ ᠲᠡᠰ ᠤᠨ ᠤᠳᠤᠷᠢᠳᠬᠤ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠳᠤ ᠰᠤᠷᠤᠯᠴᠠᠪᠠ︔    2014.12 — 2017.12 ᠳᠤᠮᠳᠠᠳᠤ ᠤᠯᠤᠰ ᠤᠨ ᠡᠪ ᠬᠠᠮᠲᠤ ᠨᠠᠮ ᠤᠨ ᠦᠤᠰᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠠᠵᠢᠯᠯᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠢᠴᠠᠭᠠᠬᠤ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃    2017.12 ᠠᠴᠠ ᠤᠳᠤ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠤᠰᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠦᠤᠰᠢᠨ ᠬᠤᠰᠢᠭᠤᠨ ᠤ ᠬᠢᠨᠠᠨ ᠪᠠᠶᠢᠴᠠᠭᠠᠬᠤ ᠵᠦᠪᠯᠡᠯ ᠳᠤ ᠠᠵᠢᠯᠯᠠᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠤᠢ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号