ᠪᠠᠶᠢᠩᠭᠤ ᠶᠢᠨ ᠬᠡᠰᠢᠬᠦᠨ᠄ ᠰᠤ᠋ ᠰᠢᠨ ᠹᠠ
ᠨᠡᠶᠢᠲᠡᠯᠡᠭᠰᠡᠨ ᠴᠠᠭ᠄
2018-04-13
     ᠲᠤᠰᠢᠶᠠᠯ᠄ ᠦᠤᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ      ᠠᠵᠢᠯ ᠤᠨ ᠬᠤᠪᠢᠶᠠᠷᠢᠯᠠᠯ᠄ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠵᠣᠬᠢᠶᠠᠨ ᠪᠠᠶᠢᠭᠤᠯᠬᠤ᠂ ᠺᠠᠳ᠋ᠷ᠂ ᠣᠷᠣᠨ ᠲᠤᠭ᠎ᠠ᠂ ᠴᠢᠳᠠᠪᠤᠷᠢᠲᠠᠨ ᠤ ᠠᠵᠢᠯ ᠢ ᠬᠠᠷᠢᠭᠤᠴᠠᠨ᠎ᠡ᠃ ᠬᠤᠰᠢᠭᠤ ᠨᠠᠮ ᠤᠨ ᠬᠤᠷᠢᠶᠠᠨ ᠤ ᠪᠠᠶᠢᠭᠤᠯᠤᠮᠵᠢ ᠤᠷᠤᠨ ᠲᠤᠭᠠᠨ ᠤ ᠵᠥᠪᠯᠡᠯ ᠤᠨ ᠠᠯᠪᠠᠨ ᠭᠡᠷ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠠᠯᠪᠠᠲᠠᠨ ᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠠᠯᠪᠠᠨ ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ ᠶᠢ ᠬᠤᠪᠢᠶᠠᠷᠢᠯᠠᠨ ᠬᠠᠮᠢᠶᠠᠷᠤᠨ᠎ᠠ᠃      ᠲᠣᠪᠴᠢ ᠨᠠᠮᠲᠠᠷ᠄ ᠰᠤ᠋ ᠰᠢᠨ ᠹᠠ᠂ ᠡᠷᠡᠭᠲᠡᠶ᠂ ᠬᠢᠲᠠᠳ ᠦᠨᠳᠦᠰᠦᠲᠡᠨ᠂ 1974 ᠣᠨ ᠤ 10 ᠰᠠᠷ᠎ᠠ ᠳᠤ ᠲᠦᠷᠦᠵᠡᠢ᠃ ᠥᠪᠥᠷ ᠮᠣᠩᠭᠤᠯ ᠤᠨ ᠬᠠᠩᠭᠢᠨ ᠬᠤᠰᠢᠭᠤᠨ ᠤ ᠬᠥᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1999 ᠣᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1994 ᠣᠨ ᠤ 7 ᠰᠠᠷ᠎ᠠ ᠳᠤ ᠡᠬᠢᠯᠡᠨ ᠠᠵᠢᠯᠯᠠᠪᠠ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃       1990.09 — 1994.07 ᠥᠪᠥᠷ ᠮᠣᠩᠭᠤᠯ ᠤᠨ ᠡᠯᠧᠺᠲᠷᠤᠨ ᠴᠢᠮᠡᠭᠡ ᠵᠠᠩᠭᠢ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠯᠪᠠᠨ ᠭᠡᠷ ᠤᠨ ᠠᠦ᠋ᠲ᠋ᠣᠴᠢᠯᠠᠯᠲᠠ ᠶᠢᠨ ᠲᠤᠰᠬᠠᠶ ᠮᠡᠷᠭᠡᠵᠢᠯ ᠢ ᠰᠤᠷᠤᠯᠴᠠᠪᠠ  ︔     1994.07 — 2005.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠨᠠᠮ ᠤᠨ ᠬᠤᠷᠢᠶᠠᠨ ᠤ ᠨᠢᠭᠤᠴᠠ ᠮᠠᠲ᠋ᠧᠷᠢᠶᠠᠯ ᠤᠨ ᠲᠣᠪᠴᠢᠶ᠎ᠠ ᠳᠤ ᠠᠵᠢᠯᠯᠠᠵᠤ᠂ 1998.01 ᠳᠤ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ 2002.06 ᠳᠤ ᠴᠢᠮᠡᠭᠡ ᠬᠤᠯᠪᠣᠭᠠᠨ ᠤ ᠵᠢᠵᠢᠭᠦᠷ ᠤᠨ ᠲᠠᠰᠤᠭ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠤ ᠪᠠᠶᠢᠪᠠ ︵ᠡᠨᠡ ᠬᠤᠭᠤᠴᠠᠭᠠᠨ ᠳᠤ᠄ 1994.09 — 1996.07 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠺᠣᠮᠫᠢᠦ᠋ᠲ᠋ᠧᠷ ᠤᠨ ᠬᠡᠷᠡᠭᠯᠡᠭᠡᠨ ᠤ ᠲᠤᠰᠬᠠᠶ ᠮᠡᠷᠭᠡᠵᠢᠯ  ᠢ ᠰᠤᠷᠤᠯᠴᠠᠵᠤ᠂ 1997.08 — 1999.12 ᠲᠥᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠲᠡᠭᠡᠲᠦ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠢ ᠰᠤᠷᠤᠯᠴᠠᠪᠠ︶  ︔     2005.11 — 2011.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠳᠤ ᠠᠵᠢᠯᠯᠠᠵᠤ᠂ 2005.11 ᠮᠡᠳᠡᠭᠡ ᠵᠠᠩᠭᠢ ᠪᠠᠶᠢᠴᠠᠭᠠᠨ ᠰᠤᠳᠤᠯᠬᠤ ᠭᠠᠵᠠᠷ ᠤᠨ ᠳᠡᠳ᠋ ᠳᠠᠷᠤᠭ᠎ᠠ ︵ᠵᠢᠩᠬᠢᠨᠢ ᠰᠠᠯᠠᠭᠠᠨ ᠤ ᠳᠡᠰ︶ ᠪᠣᠯᠵᠤ᠂ 2008.06  ᠱᠠᠭᠠᠷᠳᠠᠨ ᠪᠠᠶᠢᠴᠠᠭᠠᠬᠤ ᠲᠠᠰᠤᠭ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠤ ᠪᠠᠶᠢᠪᠠ︔     2011.10 — 2012.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠳᠡᠳ᠋ ᠪᠠᠶᠢᠴᠠᠭᠠᠨ ᠰᠤᠳᠤᠯᠤᠭᠴᠢ᠂ ᠱᠠᠭᠠᠷᠳᠠᠨ ᠪᠠᠶᠢᠴᠠᠭᠠᠬᠤ ᠲᠠᠰᠤᠭ ᠤᠨ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠵᠤ ᠪᠠᠶᠢᠪᠠ︔     2012.12 — 2019.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠳᠡᠳ᠋ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠢ ᠡᠬᠦᠷᠭᠡᠯᠡᠵᠤ ᠪᠠᠶᠢᠪᠠ ︵ᠡᠨᠡ ᠬᠤᠭᠤᠴᠠᠭᠠᠨ ᠳᠤ᠄ 2011.09 — 2014.07 ᠲᠥᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠬᠦᠷᠢᠶᠡᠯᠡᠩ ᠤᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠳᠤ ᠰᠤᠷᠤᠯᠴᠠᠵᠤ᠂ 2016.04 — 2016.12 ᠥᠪᠥᠷ ᠮᠣᠩᠭᠤᠯ ᠤᠨ ᠳᠠᠯᠠᠳ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠤ ᠪᠠᠶᠢᠪᠠ︶᠃      2019.01 — ᠣᠳᠣ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠤᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠬᠦᠷᠬᠡᠯᠡᠵᠤ ᠪᠤᠢ︔
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号