ᠳᠡᠳ᠋ ᠡᠷᠬᠢᠯᠡᠭᠴᠢ᠄ ᠾᠧ ᠤᠯᠠᠭᠠᠨ
ᠨᠡᠶᠢᠲᠡᠯᠡᠭᠰᠡᠨ ᠴᠠᠭ᠄
2018-04-13
     ᠳᠣᠰᠢᠶᠠᠯ᠄ ᠦᠦᠰᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ      ᠠᠵᠢᠯ ᠤᠨ ᠬᠤᠪᠢᠶᠠᠷᠢᠯᠠᠯ᠄ ᠡᠷᠬᠢᠯᠡᠭᠴᠢ ᠶᠢ ᠬᠠᠪᠰᠤᠷᠤᠨ ᠰᠣᠷᠭᠠᠨ ᠬᠦᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠬᠦᠯ ᠬᠠᠮᠠᠭᠠᠯᠠᠯ ᠤᠨ ᠠᠵᠢᠯ ᠤᠨ ᠵᠦᠪᠯᠡᠯ ᠪᠠ ᠳᠣᠰᠬᠠᠢ ᠳᠣᠰᠢᠶᠠᠯᠳᠣ ᠭᠡᠰᠢᠬᠦᠳ ᠢ ᠬᠤᠪᠢᠶᠠᠷᠢᠯᠠᠨ ᠬᠠᠷᠢᠭᠤᠴᠠᠨ᠎ᠠ᠃ ᠳᠤᠭ ᠪᠠᠯᠭᠠᠰᠣᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠦᠦᠰᠢᠨᠵᠤᠤ ᠪᠠᠯᠭᠠᠰᠣᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠠᠵᠢᠯᠳᠠᠨ ᠤ ᠶᠠᠪᠤᠳᠠᠯ ᠬᠦᠳᠡᠯᠮᠦᠷᠢ ᠬᠦᠴᠦ᠂ ᠰᠣᠷᠭᠠᠨ ᠬᠦᠮᠦᠵᠢᠯ᠂ ᠪᠡᠶ᠎ᠡ ᠲᠠᠮᠢᠷ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠢᠭᠤᠯᠴᠢᠯᠠᠯ᠂ ᠡᠷᠡᠬᠦᠯ ᠬᠠᠮᠠᠭᠠᠯᠠᠯ ᠪᠠ ᠲᠥᠯᠥᠪᠯᠡᠭᠡᠳᠦ ᠬᠦᠩᠭᠡᠵᠢᠯ᠂ ᠵᠠᠬ᠎ᠠ ᠳᠡᠯᠭᠡᠬᠦᠷ ᠤᠨ ᠬᠢᠨᠠᠨ ᠬᠠᠮᠢᠶᠠᠷᠤᠯᠳᠠ᠂ ᠴᠢᠯᠠᠭᠤᠨ ᠳᠣᠰᠣ᠂ ᠳᠠᠮᠠᠬᠢ᠂ ᠳᠠᠪᠤᠰᠤᠨ ᠶᠠᠪᠤᠳᠠᠯ ᠵᠡᠷᠭᠡ ᠠᠵᠢᠯ ᠢ ᠬᠠᠷᠢᠯᠴᠠᠨ᠎ᠠ᠃      ᠳᠣᠪᠴᠢ ᠨᠠᠮᠳᠠᠷ᠄      ᠨᠢᠬᠡ᠂ ᠦᠨᠳᠦᠰᠦᠨ ᠪᠠᠶᠢᠳᠠᠯ      ᠾᠧ ᠣᠯᠠᠭᠠᠨ᠄ ᠡᠮᠡᠭᠳᠡᠢ᠂ ᠮᠤᠩᠭᠤᠯ ᠦᠨᠳᠦᠰᠦᠳᠡᠨ᠂ 1974 ᠤᠨ ᠤ 5 ᠰᠠᠷ᠎ᠠ ᠳᠤ ᠦᠦᠰᠢᠨ ᠬᠤᠰᠢᠭᠤᠨ ᠳᠤ ᠲᠥᠷᠥᠪᠡ᠃ ᠠᠰᠫᠢᠷᠠᠨᠲ ᠤᠨ ᠰᠣᠷᠣᠯᠭ᠎ᠠ ᠶᠢᠨ ᠨᠠᠮᠳᠠᠷ ᠲᠠᠢ᠂ 1995 ᠣᠨ ᠤ 7 ᠰᠠᠷ᠎ᠠ ᠳᠤ ᠠᠵᠢᠯᠯᠠᠵᠤ᠂ ᠡᠳᠦᠭᠡ ᠦᠦᠰᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠳᠣᠰᠢᠶᠠᠯ ᠢ ᠡᠬᠦᠷᠭᠡᠯᠡᠵᠦ ᠪᠤᠢ︔      ᠬᠤᠶᠠᠷ᠂ ᠳᠣᠪᠴᠢ ᠨᠠᠮᠳᠠᠷ      1995.07 — 2002.09 ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠦᠰᠢᠨ ᠬᠤᠰᠢᠭᠤᠨ ᠤ ᠬᠤᠵᠢᠷ ᠤᠨ ᠨᠠᠭᠤᠷ ᠤᠨ ᠳᠣᠷᠰᠢᠯᠳᠠ ᠶᠢᠨ ᠦᠷᠳᠡᠭᠡᠨ ᠤ ᠠᠵᠢᠯᠯᠠᠭᠴᠢ︔      2002.09 — 2003.10 ᠵᠤᠬᠢᠶᠠᠨ ᠪᠠᠶᠢᠭᠤᠯᠤᠯᠳᠠ ᠶᠢᠨ ᠳᠣᠬᠢᠷᠠᠭᠤᠯᠤᠯᠳᠠ ᠶᠢ ᠬᠦᠯᠢᠶᠡᠵᠦ ᠪᠠᠶᠢᠪᠠ︔      2003.10 — 2006.12 ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠦᠰᠢᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠵᠢᠯᠯᠠᠭᠴᠢ︔      2006.12 —2012.09 ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠦᠰᠢᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠭ᠎ᠠ ᠶᠢᠨ ᠶᠠᠪᠤᠳᠠᠯ ᠤᠨ ᠲᠥᠪ ᠤᠨ ᠳᠡᠳ᠋ ᠡᠷᠬᠢᠯᠡᠭᠴᠢ ︵ᠳᠡᠳ᠋ ᠰᠠᠯᠠᠭᠠᠨ ᠳᠡᠰ︶︔      2012.09 — 2015.08 ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠦᠰᠢᠨ ᠬᠤᠰᠢᠭᠤᠨ ᠤ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠣᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ  ᠳᠤ ᠬᠢᠨᠠᠯᠳᠠ ᠳᠠᠯᠪᠢᠬᠤ ᠠᠯᠪᠠᠨ ᠭᠡᠷ ᠤᠨ ᠡᠷᠬᠢᠯᠡᠭᠴᠢ ︵ᠵᠢᠩᠬᠢᠨᠢ ᠰᠠᠯᠠᠭᠠᠨ ᠳᠡᠰ︶︔      2015.08 — 2016.04 ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠦᠰᠢᠨ ᠬᠤᠰᠢᠭᠤᠨ ᠤ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠭᠡᠷᠡᠭ ᠢ ᠬᠢᠨᠠᠵᠤ ᠬᠠᠮᠢᠶᠠᠷᠬᠤ ᠳᠠᠰᠤᠭ ᠤᠨ ᠡᠷᠬᠢᠯᠡᠭᠴᠢ ︵ᠵᠢᠩᠬᠢᠨᠢ ᠰᠠᠯᠠᠭᠠᠨ ᠳᠡᠰ︶︔      2016.04 — 2017.10 ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠦᠰᠢᠨ ᠬᠤᠰᠢᠭᠤᠨ ᠤ ᠦᠢᠯᠡᠳᠪᠦᠷᠢ ᠬᠤᠳᠠᠯᠳᠣᠭᠠᠨ ᠤ ᠬᠤᠯᠪᠤᠭ᠎ᠠ ᠶᠢᠨ ᠳᠡᠷᠢᠬᠦᠯᠡᠭᠴᠢ︔      2017.10 — 2017.12 ᠦᠦᠰᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠡᠪᠰᠢᠬᠦᠯᠥᠭᠳᠡᠪᠠ︔      2017.12 — ᠤᠳᠤ ᠪᠤᠯᠳᠠᠯ᠎ᠠ ᠦᠦᠰᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠳᠣᠰᠢᠶᠠᠯ ᠢ ᠡᠬᠦᠷᠭᠡᠯᠡᠵᠦ  ᠪᠤᠢ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号