ᠳᠡᠳ᠋ ᠡᠷᠬᠢᠯᠡᠭᠴᠢ᠄ ᠸᠠᠩ ᠵᠢᠷᠭᠠᠯ
ᠨᠡᠶᠢᠲᠡᠯᠡᠭᠰᠡᠨ ᠴᠠᠭ᠄
2018-04-13
     ᠳᠣᠰᠢᠶᠠᠯ᠄ ᠦᠦᠰᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠣᠳᠣᠷᠢᠳᠬᠤ ᠳᠣᠭᠤᠶᠢᠯᠠᠩ ᠤᠨ ᠬᠡᠰᠢᠬᠦᠨ᠂ ᠳᠡᠳ᠋ ᠡᠷᠬᠢᠯᠡᠭᠴᠢ      ᠠᠵᠢᠯ ᠤᠨ ᠬᠤᠪᠢᠶᠠᠷᠢᠯᠠᠯ᠄ ᠡᠷᠬᠢᠯᠡᠭᠴᠢ ᠶᠢ ᠬᠠᠪᠰᠣᠷᠤᠨ ᠰᠣᠩᠭᠤᠭᠤᠯᠢ ᠳᠤ ᠳᠣᠮᠢᠯᠠᠵᠤ ᠪᠠᠭᠤᠯᠭᠠᠬᠤ ᠶᠢ ᠬᠠᠷᠢᠯᠴᠠᠬᠤ ᠠᠵᠢᠯ ᠤᠨ ᠵᠦᠪᠯᠡᠯ᠂ ᠦᠨᠳᠦᠰᠦᠳᠡᠨ ᠤ ᠬᠠᠤᠯᠢ ᠲᠦᠷᠢᠮ ᠤᠨ ᠠᠵᠢᠯ ᠤᠨ ᠵᠦᠪᠯᠡᠯ ᠢ ᠬᠤᠪᠢᠶᠠᠷᠢᠯᠠᠨ ᠬᠠᠷᠢᠭᠤᠴᠠᠨ᠎ᠠ᠃ ᠰᠦᠯᠳᠡ ᠰᠣᠮᠣᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ  ᠂ ᠤᠯᠠᠭᠠᠨᠳᠣᠯᠣᠭᠠᠢ ᠪᠠᠯᠭᠠᠰᠣᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠨᠠᠮ ‍ᠤᠨ‌ᠤᠯᠠᠨ ᠲᠦᠮᠡᠨᠴᠢ ᠪᠦᠯᠬᠦᠮ᠂ ᠬᠢᠨᠠᠨ ᠪᠠᠶᠢᠴᠠᠭᠠᠬᠤ᠂ ᠳᠣᠳᠣᠭᠠᠳᠣ ᠶᠢ ᠬᠠᠮᠠᠭᠠᠯᠠᠬᠤ᠂ ᠪᠠᠶᠢᠴᠠᠭᠠᠬᠤ᠂ ᠰᠢᠬᠦᠬᠦ᠂ ᠬᠠᠣᠯᠢ ᠴᠠᠭᠠᠵᠠ᠂ ᠵᠠᠬᠢᠳᠠᠯ ᠰᠣᠷᠪᠤᠯᠵᠢᠯᠠᠭ᠎ᠠ᠂ ᠦᠨᠳᠦᠰᠦᠳᠡᠨ ᠱᠠᠰᠢᠨ ᠰᠣᠷᠳᠠᠬᠤᠨ᠂ ᠵᠠᠮ ᠬᠠᠷᠢᠯᠴᠠᠭ᠎ᠠ ᠵᠡᠷᠭᠡ ᠠᠵᠢᠯ ᠢ ᠬᠠᠷᠢᠯᠴᠠᠨ᠎ᠠ᠃      ᠳᠣᠪᠴᠢ ᠨᠠᠮᠳᠠᠷ᠄      ᠨᠢᠬᠡ᠂ ᠦᠨᠳᠦᠰᠦᠨ ᠪᠠᠶᠢᠳᠠᠯ      ᠸᠠᠩ ᠵᠢᠷᠭᠠᠯ᠂ ᠡᠷᠡᠭᠳᠡᠢ᠂ ᠮᠤᠩᠭᠤᠯ ᠦᠨᠳᠦᠰᠦᠳᠡᠨ᠂ 1963 ᠤᠨ ᠤ 10 ᠰᠠᠷ᠎ᠠ ᠳᠤ ᠦᠦᠰᠢᠨ ᠬᠤᠰᠢᠭᠤᠨ ᠳᠤ ᠲᠥᠷᠥᠪᠡ᠃ ᠶᠡᠭᠡ ᠰᠣᠷᠭᠠᠭᠤᠯᠢ ᠶᠢᠨ ᠰᠣᠷᠤᠯᠭ᠎ᠠ ᠶᠢᠨ ᠨᠠᠮᠳᠠᠷ ᠲᠠᠢ᠂ 1984 ᠤᠨ ᠤ 8 ᠰᠠᠷ᠎ᠠ  ᠠᠴᠠ ᠡᠬᠢᠯᠡᠨ ᠠᠵᠢᠯᠯᠠᠵᠤ᠂ 1987 ᠤᠨ ᠤ 3 ᠰᠠᠷ᠎ᠠ ᠳᠤ ᠳᠣᠮᠳᠠᠳᠣ ᠤᠯᠤᠰ ᠤᠨ ᠡᠪ ᠬᠠᠮᠳᠣ ᠨᠠᠮ ᠳᠤ ᠤᠷᠤᠵᠤ᠂ ᠡᠳᠦᠬᠡ ᠦᠦᠰᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠳᠣᠰᠢᠶᠠᠯ ᠢ ᠡᠬᠦᠷᠭᠡᠯᠡᠵᠦ ᠪᠤᠢ᠃      ᠬᠤᠶᠠᠷ᠂ ᠳᠣᠪᠴᠢ ᠨᠠᠮᠳᠠᠷ      1980.09 — 1984.07 ᠥᠪᠥᠷ ᠮᠤᠩᠭᠤᠯ ᠤᠨ ᠤᠢ ᠰᠢᠭᠤᠢ ᠶᠢᠨ ᠳᠡᠭᠡᠳᠦ ᠰᠣᠷᠭᠭᠤᠯᠢ ᠶᠢᠨ ᠡᠯᠡᠰᠦ ᠮᠠᠩᠬᠠᠨ ᠤ ᠵᠠᠰᠠᠯᠳᠠ ᠶᠢᠨ ᠠᠵᠢᠯ ᠤᠨ ᠮᠡᠷᠭᠡᠵᠢᠯ ᠳᠤ ᠰᠣᠷᠤᠯᠴᠠᠵᠤ ᠪᠠᠶᠢᠪᠠ︔      1984.08 — 2005.02 ᠦᠦᠰᠢᠨ ᠬᠤᠰᠢᠭᠤᠨ ᠤ ᠤᠢ ᠰᠢᠭᠤᠢ ᠶᠢᠨ ᠳᠣᠪᠴᠢᠶᠠᠨ ᠳᠤ ᠠᠵᠢᠯᠯᠠᠵᠤ ᠪᠠᠶᠢᠪᠠ︔      1994.04 — 1998.03 ᠳᠠᠪᠴᠠᠭ ᠪᠠᠯᠭᠠᠰᠣᠨ ᠤ ᠰᠣᠶᠤᠭ᠎ᠠ ᠮᠤᠳᠤᠨ ᠤ ᠬᠦᠷᠢᠶ᠋ᠯᠡᠩ ᠤᠨ ᠡᠷᠬᠢᠯᠡᠭᠴᠢ ᠶᠢᠨ ᠳᠣᠰᠢᠶᠠᠯ ᠢ ᠡᠬᠦᠷᠭᠡᠯᠡᠵᠦ ᠪᠠᠶᠢᠪᠠ︔      1998.03 — 2002.06 ᠦᠦᠰᠢᠨ ᠬᠤᠰᠢᠭᠤᠨ ᠤ ᠮᠤᠤᠣ᠋ᠰᠣ ᠡᠯᠡᠰᠦᠷᠭᠡᠭ ᠭᠠᠵᠠᠷ ᠤᠨ ᠨᠡᠭᠡᠭᠡᠨ ᠰᠣᠳᠣᠯᠣᠯᠳᠠ ᠶᠢᠨ ᠲᠥᠪ ᠤᠨ ᠡᠷᠬᠢᠯᠡᠭᠴᠢ ᠶᠢᠨ ᠳᠣᠰᠢᠶᠠᠯ ᠢ ᠡᠬᠦᠷᠭᠡᠯᠡᠵᠦ ᠪᠠᠶᠢᠪᠠ︔      2002.06 — 2005.02 ᠦᠦᠰᠢᠨ ᠬᠤᠰᠢᠭᠤᠨ ᠤ ᠤᠢ ᠰᠢᠭᠤᠢ ᠶᠢᠨ ᠳᠣᠪᠴᠢᠶᠠᠨ ᠤ ᠳᠡᠳ᠋ ᠳᠣᠪᠴᠢᠶᠠᠨ ᠳᠠᠷᠤᠭ᠎ᠠ ᠶᠢᠨ ᠳᠣᠰᠢᠶᠠᠯ ᠢ ᠡᠬᠦᠷᠭᠡᠯᠡᠵᠦ ᠪᠠᠶᠢᠪᠠ︔      2005.02 —2005.10 ᠤᠤᠯ ᠤᠨ ᠳᠠᠪᠴᠠᠭ ᠪᠠᠯᠭᠠᠰᠣᠨ ᠳᠤ ᠠᠵᠢᠯᠯᠠᠵᠤ᠂ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠣᠨ ᠤ ᠪᠠᠯᠭᠠᠰᠣᠨ ᠳᠠᠷᠤᠭ᠎ᠠ ᠶᠢᠨ ᠳᠣᠰᠢᠶᠠᠯ ᠢ ᠡᠬᠦᠷᠭᠡᠯᠡᠵᠦ ᠪᠠᠶᠢᠪᠠ︔      2005.10 — 2009.04 ᠤᠯᠠᠭᠠᠨᠳᠣᠯᠣᠭᠠᠢ ᠪᠠᠯᠭᠠᠰᠣᠨ ᠳᠤ ᠠᠵᠢᠯᠯᠠᠵᠤ᠂ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠣᠨ ᠤ ᠪᠠᠯᠭᠠᠰᠣᠨ ᠳᠠᠷᠤᠭ᠎ᠠ ᠶᠢᠨ ᠳᠣᠰᠢᠶᠠᠯ ᠢ ᠡᠬᠦᠷᠭᠡᠯᠡᠵᠦ ᠪᠠᠶᠢᠪᠠ︔      2009.04 — 2012.11 ᠤᠯᠠᠭᠠᠨᠳᠣᠯᠣᠭᠠᠢ ᠪᠠᠯᠭᠠᠰᠣᠨ ᠳᠤ ᠠᠵᠢᠯᠯᠠᠵᠤ᠂ ᠨᠠᠮ ᠤᠨ ᠬᠤᠷᠢᠶᠠᠨ ᠤ ᠱᠦᠵᠢ ᠶᠢᠨ ᠳᠣᠰᠢᠶᠠᠯ ᠢ ᠡᠬᠦᠷᠭᠡᠯᠡᠵᠦ᠂ ᠰᠣᠪᠣᠷᠭ᠎ᠠ ᠠᠵᠣ ᠠᠬᠤᠢ ᠶᠢᠨ ᠨᠡᠬᠡᠬᠡᠯᠳᠠ ᠶᠢᠨ ᠳᠣᠭᠤᠷᠢᠭ ᠤᠨ ᠬᠠᠮᠢᠶᠠᠷᠣᠯᠳᠠ ᠶᠢᠨ ᠵᠦᠪᠯᠡᠯ ᠤᠨ ᠳᠡᠳ᠋ ᠡᠷᠬᠢᠯᠡᠭᠴᠢ ᠶᠢᠨ ᠳᠣᠰᠢᠶᠠᠯ ᠢ ᠲᠦᠷ ᠴᠠᠭ ᠡᠬᠦᠷᠭᠡᠯᠡᠵᠦ ᠪᠠᠶᠢᠪᠠ︔      2012.11 — 2017.10 ᠦᠦᠰᠢᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠳᠤ ᠠᠵᠢᠯᠯᠠᠵᠤ᠂ ᠨᠠᠮ ᠤᠨ ᠣᠳᠣᠷᠢᠳᠬᠤ ᠳᠣᠭᠤᠶᠢᠯᠠᠩ ᠤᠨ ᠬᠡᠰᠢᠬᠦᠨ᠂ ᠳᠡᠳ᠋ ᠳᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠨᠢᠬᠡᠳᠤᠮᠡᠯ ᠹᠷᠤᠨᠲ ᠤᠨ ᠭᠡᠯᠳᠡᠰ ᠤᠨ ᠭᠡᠯᠳᠡᠰ ᠤᠨ ᠳᠠᠷᠤᠭ᠎ᠠ ᠶᠢᠨ ᠳᠣᠰᠢᠶᠠᠯ ᠢ  ᠡᠬᠦᠷᠭᠡᠯᠡᠵᠦ ᠪᠠᠶᠢᠪᠠ      2017.10 — 2017.12 ᠦᠦᠰᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠡᠪᠰᠢᠬᠦᠯᠥᠭᠳᠡᠪᠠ︔      2017.12 — ᠤᠳᠤ ᠪᠤᠯᠳᠠᠯ᠎ᠠ ᠦᠦᠰᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠳᠣᠰᠢᠶᠠᠯ ᠢ ᠡᠬᠦᠷᠭᠡᠯᠡᠵᠦ  ᠪᠤᠢ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号