ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠠᠵᠢᠯ ᠤᠨ ᠳᠤᠬᠠᠢ ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2018-04-16
ᠡᠯ᠎ᠡ ᠠᠵᠣ ᠠᠬᠤᠢ ᠶᠢᠨ ᠨᠡᠭᠡᠭᠡᠯᠲᠡ ᠶᠢᠨ ᠳᠣᠭᠤᠷᠢᠭ ︵ᠬᠦᠷᠢᠶᠠᠯᠠᠩ︶᠎ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠵᠢᠴᠢ ᠠᠵᠣ ᠠᠬᠤᠶᠢᠯᠡᠯ ᠠᠵᠢᠯ ᠣᠶᠢᠯᠡᠰ ᠤᠨ ᠨᠢᠭᠡᠴᠢ᠄    ᠣᠳᠣᠬᠠᠨ ᠪᠣᠯ ᠶᠠᠭ ᠮᠠᠨ ᠤ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠠᠩᠭᠢᠯᠠᠭ᠎ᠠ ᠶᠢᠨ ᠴᠠᠭ ᠦᠶ᠎ᠡ ᠶᠤᠮ᠂ ᠠᠮᠢ ᠠᠬᠤᠢ ᠶᠢᠨ ᠪᠥᠲᠦᠭᠡᠨ ᠪᠠᠶᠢᠭᠤᠯᠤᠯᠲᠠ ᠵᠢᠨ‌‍ᠬᠢᠯᠪᠡᠷ ᠪᠣᠰᠤ ᠪᠠᠷ ᠣᠯᠤᠭᠰᠠᠨ ᠥᠷ᠎ᠡ ᠪᠥᠲᠣᠭᠡᠯ ᠪᠠ ᠠᠷᠠᠳ ᠲᠥᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠥᠪᠰᠢᠨ ᠢ ᠬᠠᠮᠠᠭᠠᠯᠠᠵᠤ᠂ ᠠᠵᠤ ᠠᠬᠤᠢ ᠨᠡᠶᠢᠬᠡᠮ ᠤᠨ ᠦᠷᠭᠦᠯᠵᠢᠯᠡᠭᠦᠶᠢᠴᠡ ᠲᠣᠭᠲᠠᠭᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠬᠤᠰᠢᠭᠤ ᠠᠷᠠᠳ ᠤᠨ ᠵᠠᠰᠠᠭ ᠤᠨ ᠣᠷᠳᠣᠨ ᠪᠥᠬᠦ ᠬᠤᠰᠢᠭᠤᠨ ᠤ ᠬᠡᠪᠴᠢᠶᠡᠨ ᠳᠤ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠠᠵᠢᠯ ᠢ ᠶᠠᠪᠥᠭ᠌ᠳᠠᠭᠤᠯᠤᠨ᠎ᠠ᠂ ᠵᠠᠷᠯᠢᠭ ᠳᠣᠣᠷᠠᠬᠢ ᠮᠡᠲᠦ᠄    ᠨᠢᠭᠡ᠂ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠶᠢ ᠵᠠᠬᠢᠷᠣᠨ ᠬᠠᠮᠢᠶᠠᠷᠬᠤ ᠬᠤᠭᠤᠴᠠᠭ᠎ᠠ᠄ 2018 ᠣᠨ ᠤ 3 ᠰᠠᠷ᠎ᠠ ᠶᠢᠨ 15᠎ ᠤ ᠡᠳᠦᠷ ᠠᠴᠠ 2018 ᠣᠨ ᠤ 5 ᠰᠠᠷ᠎ᠠ ᠶᠢᠨ 31᠎ ᠤ ᠡᠳᠦᠷ ᠬᠥᠷᠲᠡᠯ᠎ᠡ᠃    ᠬᠤᠶᠠᠷ᠂ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠶᠢ ᠵᠠᠬᠢᠷᠣᠨ ᠬᠠᠮᠢᠶᠠᠷᠬᠤ ᠣᠷᠣᠨ᠄ ᠪᠥᠬᠦ ᠬᠤᠰᠢᠭᠤᠨ ᠤ ᠡᠯ᠎ᠡ ᠤᠯᠤᠰ᠂ ᠬᠠᠮᠲᠦ ᠂ ᠬᠤᠪᠢ ᠶᠢᠨ ᠣᠢ ᠰᠢᠭᠤᠢ ᠶᠢᠨ ᠲᠠᠯᠠᠪᠠᠢ ᠥᠷᠲᠡᠭᠡ ᠬᠠᠰᠢᠶ᠎ᠠ᠂ ᠡᠯᠡᠰᠦ ᠮᠠᠩᠬ᠎ᠠ ᠰᠤᠳᠤᠯᠬᠤ ᠲᠥᠪ᠂ ᠣᠢ ᠰᠢᠭᠤᠢ ᠶᠢᠨ ᠬᠦᠷᠢᠶᠡᠯᠡᠩ᠂ ᠠᠷᠴᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠠᠶᠢᠯᠠᠷ ᠨᠠᠷᠠᠰᠤᠨ ᠮᠤᠳᠤ ᠲᠠᠷᠢᠬᠤ ᠰᠠᠭᠤᠷᠢᠨ ᠭᠠᠵᠠᠷ᠂ ᠰᠢᠷᠬᠤᠰᠤ ᠶᠢᠨ ᠤᠯᠤᠰ ᠤᠨ ᠨᠣᠭᠤ ᠭᠠᠵᠠᠷ ᠤᠨ ᠴᠡᠴᠡᠷᠯᠢᠭ᠂ ᠬᠤᠲᠠ ᠶᠢᠨ ᠲᠡᠭᠦᠷᠭᠡ᠂ ᠬᠤᠲᠠ ᠶᠢ ᠲᠣᠭᠤᠷᠢᠭᠰᠠᠨ ᠣᠢ ᠶᠢᠨ ᠪᠥᠰᠡ᠂ ᠣᠢ ᠰᠢᠭᠤᠢ ᠨᠤᠲᠤᠭ ᠪᠡᠯᠴᠢᠭᠡᠷ ᠢᠶᠠᠷ ᠭᠤᠣᠯ ᠪᠣᠯᠭᠠᠭᠰᠠᠨ ᠵᠢᠭᠤᠯᠴᠢᠯᠠᠯ ᠤᠨ ᠣᠷᠣᠨ᠂ ᠠᠮᠢ ᠠᠬᠤᠢ ᠶᠢᠨ ᠲᠥᠪᠯᠡᠷᠡᠭᠰᠡᠨ ᠰᠡᠷᠭᠦᠯᠲᠡ ᠶᠢᠨ ᠣᠷᠣᠨ᠂ ᠤᠯᠤᠰ ᠤᠨ ᠣᠢ ᠰᠢᠭᠤᠢ ᠶᠢᠨ ᠤᠶᠢᠯᠡᠰ ᠤᠨ ᠭᠤᠣᠯᠳᠠᠯᠭᠠᠲᠤ ᠢᠨᠵᠧᠨᠧᠷᠢᠩ ᠤᠨ ᠲᠥᠷᠥᠯ ᠵᠦᠢᠯ ᠤᠨ ᠣᠷᠣᠨ᠂ ᠣᠷᠣᠨ ᠨᠤᠲᠤᠭ ᠤᠨ ᠠᠮᠢ ᠠᠬᠤᠢ ᠶᠢᠨ ᠢᠨᠵᠧᠨᠧᠷᠢᠩ ᠤᠨ ᠣᠷᠣᠨ᠂ ᠬᠦᠮᠤᠨ ᠤ ᠬᠦᠴᠤ ᠪᠠᠷ ᠲᠠᠷᠢᠭᠰᠠᠨ ᠰᠢᠯᠮᠤᠤᠰᠤᠳᠤ ᠮᠤᠳᠤᠨ ᠣᠢ ᠶᠢᠨ ᠣᠷᠣᠨ ᠵᠢᠴᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠣᠰᠤᠳ ᠭᠤᠣᠯᠳᠠᠯᠭᠠᠲᠤ ᠭᠠᠯ ᠢ ᠰᠡᠷᠭᠡᠶᠢᠯᠡᠬᠦ ᠣᠷᠣᠨ᠃    ᠭᠤᠷᠪᠠ᠂ ᠡᠯ᠎ᠡ ᠠᠵᠣ ᠠᠬᠤᠢ ᠶᠢᠨ ᠨᠡᠬᠡᠬᠡᠨ ᠬᠦᠭᠵᠢᠬᠦᠯᠥᠯᠳᠡ ᠶᠢᠨ ᠳᠣᠭᠤᠷᠢᠭ ︵ᠬᠦᠷᠢᠶᠠᠯᠠᠩ︶᠎ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠤ ᠵᠢᠴᠢ ᠬᠠᠮᠢᠶ᠎ᠠ ᠪᠥᠬᠦᠢ ᠪᠠᠶᠢᠭᠤᠯᠭ᠎ᠠ ᠡᠷᠬᠡᠪᠰᠢ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ︽ᠲᠠᠪᠤᠨ ᠪᠠᠷᠢᠮᠵᠢᠶ᠎ᠠ︾᠎ ᠶᠢ ᠴᠢᠩᠭ᠎ᠠ ᠬᠡᠷᠡᠭᠵᠢᠭᠦᠯᠵᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠥᠷᠢᠮ ᠢ ᠭᠦᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠥᠭ ᠵᠢᠷᠤᠵᠤ᠂ ᠬᠠᠷᠢᠭᠤᠴᠠᠯᠭ᠎ᠠ ᠶᠢ ᠪᠣᠲᠠᠲᠠᠢ ᠬᠦᠮᠤᠨ ᠳᠤ ᠨᠠᠶᠢᠲᠠᠪᠤᠷᠢᠵᠢᠭᠤᠯᠬᠤ ᠬᠡᠷᠡᠭᠲᠡᠢ᠃ ᠡᠯ᠎ᠡ ᠰᠣᠮᠣ ᠪᠠᠯᠭᠠᠰᠣᠨ ᠤ ᠠᠷᠠᠳ ᠎ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠭᠠᠯ ᠢ ᠰᠡᠷᠭᠡᠶᠢᠯᠡᠬᠦ ᠠᠵᠢᠯ ᠢ ᠪᠠᠶᠢᠷᠢᠯᠠᠭᠤᠯᠤᠨ ᠪᠠᠶᠢᠴᠠᠭᠠᠵᠤ᠂ ᠠᠰᠠᠭᠤᠳᠠᠯ ᠪᠠᠶᠢᠪᠠᠯ ᠴᠠᠭ ᠳᠣᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠭᠠᠯ ᠤᠨ ᠠᠶᠤᠯ ᠭᠠᠷᠪᠠᠯ ᠡᠷᠬᠡᠪᠰᠢ ᠳᠣᠬᠠᠢ ᠶᠢᠨ ᠲᠠᠯᠠᠪᠠᠢ ᠳᠤ ᠬᠦᠷᠴᠦ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠪᠡᠶ᠎ᠡ ᠪᠠᠷ ᠢᠶᠠᠨ ᠵᠢᠯᠣᠭᠤᠳᠬᠤ ᠬᠡᠷᠡᠭᠲᠡᠢ᠃    ᠳᠥᠷᠪᠡ᠂ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠶᠢ ᠵᠠᠬᠢᠷᠣᠨ ᠬᠠᠮᠢᠶᠠᠷᠬᠤ ᠣᠷᠣᠨ ᠤ ᠳᠣᠲᠣᠷ᠎ᠠ ᠬᠡᠭᠡᠷ᠎ᠡ ᠭᠠᠳᠠᠨ᠎ᠠ ᠲᠠᠮᠠᠬᠢ ᠲᠠᠲᠠᠬᠤ ᠶᠢ ᠴᠢᠩᠭ᠎ᠠ ᠬᠤᠷᠢᠭᠯᠠᠵᠤ᠂ ᠭᠡᠬᠦᠷ ᠣᠩᠭᠤᠨ ᠳᠤ ᠰᠢᠷᠤᠢ ᠨᠡᠮᠡᠵᠤ ᠴᠠᠭᠠᠰᠤ ᠲᠦᠯᠡᠬᠦ᠂ ᠬᠤᠸᠠᠷ ᠫᠣᠤᠵᠢᠩ ᠲᠠᠯᠪᠢᠬᠤ᠂ ᠳᠤᠯᠠᠭᠠᠴᠠᠬᠤ᠂ ᠬᠡᠭᠡᠷ᠎ᠡ ᠭᠠᠳᠠᠨ᠎ᠠ ᠬᠤᠭᠤᠯᠠᠯᠯᠠᠬᠤ᠂ ᠮᠠᠰᠢᠨᠲᠤ ᠲᠡᠷᠭᠡ ᠪᠠᠷ ᠭᠠᠯ ᠡᠭᠦᠰᠬᠡᠬᠦ ᠶᠢ ᠴᠢᠩᠭ᠎ᠠ ᠰᠡᠷᠭᠡᠶᠢᠯᠡᠵᠤ᠂ ᠣᠢ ᠶᠢᠨ ᠵᠠᠬ᠎ᠠ ᠶᠢᠨ ᠣᠢ ᠮᠤᠳᠦ ᠪᠠ ᠡᠪᠡᠰᠤ ᠪᠡᠯᠴᠢᠭᠡᠷ ᠢ ᠨᠡᠶᠢᠯᠡᠭᠦᠯᠤᠨ ᠴᠣᠷᠮᠠᠳᠠᠬᠤ ᠪᠠ ᠬᠤᠭ ᠨᠣᠪᠰᠢ ᠶᠢ ᠰᠢᠲᠠᠭᠠᠬᠤ ᠵᠡᠷᠭᠡ ᠶᠢ ᠴᠢᠩᠭ᠎ᠠ ᠬᠤᠷᠢᠭᠯᠠᠵᠤ᠂ ᠭᠠᠯ ᠤᠨ ᠣᠴᠢ ᠲᠠᠢ ᠦᠯᠡᠳᠡᠭᠰᠡᠨ ᠰᠢᠲᠠᠮᠠᠬᠠᠢ ᠪᠣᠳᠠᠰ ᠢ ᠬᠡᠭᠡᠷ᠎ᠡ ᠭᠠᠳᠠᠨ᠎ᠠ ᠠᠰᠬᠠᠵᠤ ᠬᠠᠶᠠᠬᠤ ᠶᠢ ᠴᠢᠩᠭ᠎ᠠ ᠬᠤᠷᠢᠭᠯᠠᠵᠤ᠂ ᠬᠡᠭᠡᠷ᠎ᠡ ᠭᠠᠳᠠᠨᠠᠬᠢ ᠦᠢᠯᠡᠳᠪᠤᠷᠢᠯᠡᠯ ᠪᠠ ᠠᠮᠢᠳᠤᠷᠠᠯ ᠤᠨ ᠭᠠᠯ ᠬᠡᠷᠡᠭᠯᠡᠬᠦ ᠶᠢ ᠴᠢᠩᠭ᠎ᠠ ᠬᠤᠷᠢᠭᠯᠠᠬᠤ ᠬᠡᠷᠡᠭᠲᠡᠢ᠃ ᠦᠢᠯᠡᠳᠪᠥᠷᠢᠯᠡᠯ ᠪᠠ ᠠᠮᠢᠳᠤᠷᠠᠯ ᠤᠨ ᠣᠨᠴᠠᠭᠠᠢ ᠪᠠᠶᠢᠳᠠᠯ ᠠᠴᠠ ᠪᠣᠯᠵᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠᠲᠠᠢ ᠪᠣᠯ ᠲᠣᠭᠲᠠᠭᠠᠯ ᠶᠤᠰᠤᠭᠠᠷ ᠬᠤᠰᠢᠭᠤ ᠣᠢ ᠰᠢᠭᠤᠢ ᠶᠢᠨ ᠰᠠᠯᠠᠭ᠎ᠠ ᠮᠥᠴᠢᠷ ᠠᠴᠠ ᠵᠦᠪᠰᠢᠶᠡᠷᠡᠯ ᠠᠪᠴᠤ᠂ ᠦᠢᠯᠡᠳᠪᠥᠷᠢᠯᠡᠯ ᠤᠨ ᠴᠢᠨᠠᠷᠲᠠᠢ ᠭᠠᠯ ᠬᠡᠷᠡᠭᠯᠡᠬᠦ ᠶᠢ ᠵᠥᠪᠰᠢᠶᠡᠷᠡᠭᠦᠯᠵᠦ᠂ ᠭᠠᠯ ᠢ ᠰᠡᠷᠭᠡᠶᠢᠯᠡᠬᠦ ᠨᠠᠶᠢᠲᠠᠪᠤᠷᠢᠲᠠᠢ ᠠᠷᠭ᠎ᠠ ᠬᠡᠮᠵᠢᠶ᠎ᠡ ᠠᠪᠤᠪᠠᠯ ᠰᠠᠶ᠋ᠢ ᠭᠠᠯ ᠬᠡᠷᠡᠭᠯᠡᠵᠦ ᠪᠣᠯᠤᠨ᠎ᠠ᠃ ᠭᠤᠷᠪᠠᠳᠤᠭᠠᠷ ᠳᠡᠰ ᠠᠴᠠ ᠳᠡᠭᠡᠭᠰᠢ ᠳᠡᠰ ᠤᠨ ᠰᠠᠯᠬᠢᠨ ᠲᠠᠢ ᠪᠠᠶᠢᠬᠤ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠶᠠᠮᠠᠷᠪᠠ ᠭᠠᠯ ᠬᠡᠷᠡᠭᠯᠡᠬᠦ ᠠᠵᠢᠯᠯᠠᠭ᠎ᠠ ᠶᠢ ᠴᠢᠩᠭ᠎ᠠ ᠬᠤᠷᠢᠭᠯᠠᠨ᠎ᠠ᠃    ᠲᠠᠪᠤ᠂ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠶᠢ ᠵᠠᠬᠢᠷᠣᠨ ᠬᠠᠮᠢᠶᠠᠷᠬᠤ ᠣᠷᠣᠨ ᠤ ᠳᠣᠲᠣᠷ᠎ᠠ ᠡᠯ᠎ᠡ ᠣᠢ ᠰᠢᠭᠤᠢ ᠶᠢᠨ ᠦᠢᠯᠡᠳᠪᠤᠷᠢᠯᠡᠯ ᠤᠨ ᠠᠵᠢᠯᠯᠠᠬᠤ ᠴᠡᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠵᠢᠭᠤᠯᠴᠢᠯᠠᠯ ᠤᠨ ᠦᠵᠡᠮᠵᠢ ᠶᠢᠨ ᠴᠡᠭ ᠵᠢᠴᠢ ᠵᠠᠰᠠᠮᠠᠯ ᠵᠠᠮ᠂ ᠴᠠᠬᠢᠯᠭᠠᠨ ᠬᠦᠴᠦ᠂ ᠴᠢᠯᠠᠭᠤᠨ ᠳᠣᠰᠤ᠂ ᠪᠠᠶᠢᠭᠠᠯᠢ ᠶᠢᠨ ᠰᠢᠲᠠᠮᠠᠬᠠᠢ ᠬᠡᠢ ᠵᠡᠷᠬᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠡᠷᠬᠡᠪᠰᠢ ᠬᠡᠭᠡᠷ᠎ᠡ ᠭᠠᠳᠠᠨ᠎ᠠ ᠶᠢᠨ ᠭᠠᠯ ᠤᠨ ᠠᠶᠤᠯ ᠭᠠᠷᠬᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠠᠷᠢᠯᠭᠠᠨ᠂ ᠳᠤᠰᠬᠠᠢ ᠮᠡᠷᠭᠡᠵᠢᠯ ᠎ ᠤᠨ ᠭᠠᠯ ᠤᠨᠲᠠᠷᠠᠭᠠᠬᠤ ᠭᠡᠰᠢᠭᠦᠨ ᠪᠠ ᠪᠠᠭᠠᠵᠢ ᠬᠡᠷᠡᠭᠰᠡᠯ ᠢ ᠭᠦᠢᠴᠡᠳ ᠲᠥᠬᠦᠷᠵᠢᠭᠦᠯᠬᠦ ᠬᠡᠷᠡᠭᠲᠡᠢ᠃ ︽ᠣᠢ ᠰᠢᠭᠤᠢ ᠶᠢᠨ ᠭᠠᠯ ᠢ ᠰᠡᠷᠭᠡᠶᠢᠯᠡᠬᠦ ᠲᠥᠷᠢᠮ︾ ︽ᠨᠣᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠥᠷᠢᠮ︾ ︽ᠦᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠣᠢ ᠰᠢᠭᠤᠢ ᠨᠣᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠥᠷᠢᠮ︾᠎ ᠤᠨ ᠬᠤᠯᠪᠣᠭᠳᠠᠯ ᠪᠥᠬᠦᠢ ᠲᠣᠭᠲᠠᠭᠠᠯ ᠳᠤ ᠨᠡᠶᠢᠴᠡᠬᠦ ᠦᠭᠡᠢ ᠵᠦᠢᠯ ᠢ ᠴᠥᠮ ᠲᠣᠭᠳᠠᠭᠰᠠᠨ ᠬᠤᠭᠤᠴᠠᠭᠠᠨ ᠳᠤ ᠴᠡᠭᠴᠡᠯᠡᠨ ᠵᠠᠰᠠᠨ᠎ᠠ᠃    ᠵᠢᠷᠭᠤᠭ᠎ᠠ᠂ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠶᠢ ᠵᠠᠬᠢᠷᠣᠨ ᠬᠠᠮᠢᠶᠠᠷᠬᠤ ᠬᠤᠭᠤᠴᠠᠭᠠᠨ ᠳᠤ ᠡᠯ᠎ᠡ ᠰᠣᠮᠣ ᠪᠠᠯᠭᠠᠰᠤ ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠨᠢ ᠣᠢ ᠰᠢᠭᠤᠢ᠂ ᠨᠣᠲᠤᠭ ᠪᠡᠯᠴᠢᠭᠡᠷ ᠤᠨ ᠣᠷᠣᠨ ᠳᠤ ᠬᠦᠷᠬᠦ ᠵᠠᠮ ᠤᠨ ᠠᠮᠠᠨ ᠳᠤ ᠲᠦᠷ ᠴᠠᠭ ᠤᠨ ᠭᠠᠯ ᠢ ᠰᠡᠷᠭᠡᠶᠢᠯᠡᠬᠦ ᠪᠠᠶᠢᠴᠠᠭᠠᠬᠤ ᠥᠷᠲᠡᠭᠡ ᠪᠠᠶᠢᠭᠤᠯᠵᠤ᠂ 24 ᠴᠠᠭ ᠢᠶᠠᠷ ᠵᠢᠵᠢᠭᠦᠷᠯᠡᠬᠦ ᠲᠥᠷᠢᠮ ᠢ ᠬᠡᠷᠡᠭᠵᠢᠭᠦᠯᠦᠨ᠎ᠡ᠃ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠢᠶᠠᠷ ᠥᠩᠭᠡᠷᠡᠬᠦ ᠲᠡᠷᠭᠡ ᠮᠠᠰᠢᠨ ᠡᠷᠬᠡᠪᠰᠢ ᠨᠥᠬᠦᠴᠡᠯ ᠦᠭᠡᠢ ᠪᠠᠷ ᠵᠢᠵᠢᠭᠦᠷᠯᠡᠬᠦ ᠬᠦᠮᠦᠰ ᠤᠨ ᠪᠠᠶᠢᠴᠠᠭᠠᠯᠲᠠ ᠶᠢ ᠬᠦᠯᠢᠶᠡᠨ ᠠᠪᠬᠤ ᠬᠡᠷᠡᠭᠲᠡᠢ᠃ ᠭᠠᠯ ᠡᠭᠦᠰᠭᠡᠭᠴᠢ ᠶᠢ ᠢᠯᠡᠷᠡᠭᠦᠯᠪᠡᠯ ᠡᠷᠡᠰ ᠦᠯᠡᠳᠡᠭᠡᠨ ᠠᠪᠴᠤ᠂ ᠭᠠᠯ ᠡᠭᠦᠰᠭᠡᠭᠴᠢ ᠶᠢ ᠠᠪᠴᠤ ᠣᠢ ᠳᠤ ᠣᠷᠣᠬᠤ ᠦᠭᠡᠢ ᠶᠢ ᠦᠨᠡᠨ ᠬᠦ ᠪᠡᠶᠡᠯᠡᠭᠦᠯᠵᠦ ᠲᠥᠷᠢᠮ ᠠᠴᠠ ᠵᠦᠷᠢᠴᠡᠨ ᠭᠠᠯ ᠬᠡᠷᠡᠭᠯᠡᠬᠦ ᠶᠢ ᠴᠢᠩᠭ᠎ᠠ ᠬᠤᠷᠢᠭᠯᠠᠨ᠎ᠠ᠃ ᠥᠩᠭᠡᠷᠡᠬᠦ ᠠᠶᠠᠨᠴᠢᠳ ᠤᠨ ᠲᠡᠷᠭᠡ᠂ ᠵᠢᠯᠣᠭᠤᠴᠢ ᠪᠠ ᠠᠶᠠᠨᠴᠢᠳ ᠲᠤ ᠤᠬᠠᠭᠤᠯᠭ᠎ᠠ ᠬᠥᠮᠤᠵᠢᠯ ᠤᠨ ᠠᠵᠢᠯ ᠢ ᠰᠠᠶᠢᠲᠤᠷ ᠬᠢᠵᠤ᠂ ᠲᠠᠮᠠᠬᠢᠨ ᠶᠣᠵᠣᠭᠤᠷ ᠵᠡᠷᠭᠡ ᠣᠢ ᠰᠢᠭᠤᠢ ᠨᠣᠲᠤᠭ ᠪᠡᠯᠴᠢᠭᠡᠷ ᠤᠨ ᠭᠠᠯ ᠤᠨ ᠠᠶᠤᠯ ᠭᠠᠷᠴᠤ ᠮᠡᠳᠡᠬᠦ ᠭᠠᠯ ᠤᠨ ᠠᠶᠤᠯ ᠡᠭᠦᠰᠬᠡᠭᠴᠢ ᠶᠢ ᠭᠠᠳᠠᠭᠰᠢ ᠬᠠᠶᠠᠵᠤ ᠣᠷᠬᠢᠬᠤ ᠶᠢ ᠴᠢᠩᠭ᠎ᠠ ᠬᠤᠷᠢᠭᠯᠠᠨ᠎ᠠ᠃ ᠵᠢᠯᠣᠭᠤᠴᠢ ᠪᠠ ᠲᠡᠷᠭᠡ ᠶᠢ ᠳᠠᠭᠠᠵᠤ ᠬᠠᠮᠢᠶᠠᠷᠤᠯᠲᠠ ᠬᠢᠬᠦ ᠠᠵᠢᠯᠲᠠᠨ ᠪᠣᠯ ᠭᠠᠯ ᠢ ᠰᠡᠷᠭᠡᠶᠢᠯᠡᠬᠦ ᠬᠠᠷᠢᠭᠤᠴᠠᠯᠭᠠᠲᠠᠨ ᠪᠣᠯᠤᠨ᠎ᠠ᠃    ᠳᠣᠯᠤᠭ᠎ᠠ᠂ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠶᠢ ᠵᠠᠬᠢᠷᠣᠨ ᠬᠠᠮᠢᠶᠠᠷᠬᠤ ᠬᠤᠭᠤᠴᠠᠭᠠᠨ ᠳᠤ ᠡᠯ᠎ᠡ ᠰᠣᠮᠣ ᠪᠠᠯᠭᠠᠰᠤ ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠨᠢ ᠡᠷᠬᠡᠪᠰᠢ ᠳᠥᠰᠦᠪ ᠤᠨ ᠵᠠᠰᠠᠯᠲᠠ ᠪᠠ ᠪᠣᠯᠪᠠᠰᠤᠷᠠᠯ ᠢ ᠰᠠᠶᠢᠲᠤᠷ ᠬᠢᠵᠤ᠂ ᠡᠯ᠎ᠡ ᠵᠦᠢᠯ ᠤᠨ ᠭᠠᠯ ᠤᠨᠲᠠᠷᠠᠭᠠᠬᠤ ᠡᠩᠨᠡᠭᠡ ᠪᠣᠯᠤᠨ ᠭᠤᠣᠯ ᠪᠠᠶᠢᠯᠳᠤᠬᠤ ᠬᠦᠴᠦ ᠶᠢ ᠡᠮᠤᠨ᠎ᠡ ᠹᠠᠷᠣᠨᠲ ᠲᠤ ᠪᠠᠶᠢᠷᠢᠯᠠᠭᠤᠯᠵᠤ᠂ ᠴᠠᠭ ᠢᠮᠠᠭᠲᠠ ᠪᠡᠯᠡᠳᠬᠡᠯ ᠲᠠᠢ ᠪᠠᠶᠢᠵᠤ᠂ ᠭᠠᠯ ᠤᠨᠲᠠᠷᠠᠭᠠᠬᠤ ᠡᠯ᠎ᠡ ᠵᠦᠢᠯ ᠤᠨ ᠪᠡᠯᠡᠳᠬᠡᠯ ᠢ ᠰᠠᠶᠢᠲᠤᠷ ᠬᠢᠨ᠎ᠡ᠃ ᠬᠡᠷᠪᠡ ᠭᠠᠯ ᠤᠨ ᠠᠶᠤᠯ ᠢ ᠰᠡᠷᠡᠵᠦ ᠮᠡᠳᠡᠪᠡᠯ ᠳᠠᠪᠠᠭᠤᠯᠢᠭ ᠬᠦᠴᠦ ᠶᠢ ᠲᠥᠪᠯᠡᠷᠡᠭᠦᠯᠵᠦ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ ︽ᠡᠷᠲᠡ ᠠᠴᠠ ᠤᠨᠲᠠᠷᠠᠭᠠᠬᠤ᠂ ᠪᠠᠭ᠎ᠠ ᠳᠡᠭᠡᠷ᠎ᠡ ᠎ ᠨᠢ ᠤᠨᠲᠠᠷᠠᠭᠠᠬᠤ᠂ ᠪᠥᠬᠦᠨ ᠢ ᠤᠨᠲᠠᠷᠠᠭᠠᠬᠤ︾᠎ ᠶᠢ ᠪᠡᠶᠡᠯᠡᠭᠦᠯᠵᠦ᠂ ᠠᠵᠢᠯᠲᠠᠨ ᠤ ᠰᠢᠷᠬᠠᠳᠤᠯ ᠠᠳᠡᠭᠳᠡᠯ ᠡᠭᠦᠰᠬᠦ ᠶᠢ ᠡᠷᠡᠰ ᠠᠷᠢᠯᠭᠠᠨ᠎ᠠ᠃ ᠬᠡᠷᠪᠡ ᠳᠡᠯᠪᠡᠯᠡᠬᠦ᠂ ᠪᠠᠶᠢᠴᠠᠭᠠᠯᠲᠠ ᠬᠢᠬᠦ ᠪᠠ ᠬᠡᠭᠡᠷ᠎ᠡ ᠭᠠᠳᠠᠨ᠎ᠠ ᠪᠠᠷᠢᠯᠭ᠎ᠠ ᠪᠠᠷᠢᠬᠤ ᠵᠡᠷᠭᠡ ᠠᠵᠢᠯᠯᠠᠭ᠎ᠠ ᠥᠷᠨᠢᠭᠦᠯᠬᠦ ᠴᠢᠬᠤᠯᠠᠲᠠᠢ ᠪᠣᠯ ᠡᠷᠬᠡᠪᠰᠢ ᠬᠤᠰᠢᠭᠤ ᠣᠢ ᠰᠢᠭᠤᠢ ᠨᠣᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠠᠴᠠ ᠵᠥᠪᠰᠢᠶᠡᠷᠡᠯ ᠠᠪᠴᠤ ᠭᠠᠯ ᠰᠡᠷᠭᠡᠶᠢᠯᠡᠬᠦ ᠳᠤᠰᠠᠭᠠᠷᠯᠠᠬᠤ ᠠᠷᠭ᠎ᠠ ᠬᠡᠮᠵᠢᠶ᠎ᠡ ᠠᠪᠤᠨ ᠭᠠᠯ ᠤᠨᠲᠠᠷᠠᠭᠠᠬᠤ ᠪᠡᠯᠡᠳᠬᠡᠯ ᠠᠵᠢᠯ ᠢ ᠰᠠᠶᠢᠲᠤᠷ ᠬᠢᠨ᠎ᠡ᠃    ᠨᠠᠢᠮᠠ᠂ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠶᠢ ᠵᠠᠬᠢᠷᠣᠨ ᠬᠠᠮᠢᠶᠠᠷᠬᠤ ᠬᠤᠭᠤᠴᠠᠭᠠᠨ ᠳᠤ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠱᠠᠭᠠᠷᠳᠠᠯᠭ᠎ᠠ ᠳᠤ ᠬᠦᠷᠬᠦ ᠦᠭᠡᠢ᠂ ᠲᠣᠭᠲᠠᠭᠠᠯ ᠠᠴᠠ ᠵᠥᠷᠢᠴᠡᠵᠤ ᠳᠤᠷ᠎ᠠ ᠪᠠᠷ ᠭᠠᠯ ᠢ ᠰᠡᠷᠭᠡᠶᠢᠯᠡᠬᠦ ᠬᠠᠮᠢᠶᠠᠷᠥᠯᠲᠠ ᠶᠢᠨ ᠣᠷᠣᠨ ᠳᠤ ᠭᠠᠯ ᠬᠡᠷᠡᠭᠯᠡᠬᠦ᠂ ᠠᠳᠠᠯ ᠠᠴᠠ ᠪᠣᠯᠵᠤ ᠣᠢ ᠰᠢᠭᠤᠢ ᠶᠢᠨ ᠭᠠᠯ ᠤᠨ ᠠᠶᠤᠯ ᠡᠭᠦᠰᠬᠡᠬᠦ᠂ ᠵᠣᠷᠢᠯᠭ᠎ᠠ ᠲᠠᠢ ᠪᠠᠷ ᠭᠠᠯ ᠲᠠᠯᠪᠢᠬᠤ᠂ ᠭᠠᠯ ᠤᠨᠲᠠᠷᠠᠭᠠᠬᠤ ᠵᠢᠯᠣᠭᠤᠳᠣᠯᠭ᠎ᠠ ᠶᠢ ᠳᠠᠭᠠᠬᠤ ᠦᠭᠡᠢ᠂ ᠭᠠᠯ ᠤᠨᠲᠠᠷᠠᠭᠠᠬᠤ ᠠᠵᠢᠯ ᠢ ᠨᠥᠯᠦᠭᠡᠯᠡᠬᠦ ᠵᠡᠷᠭᠡ ᠦᠢᠯᠡ ᠠᠵᠢᠯᠯᠠᠭ᠎ᠠ ᠶᠢ ︽ᠣᠢ ᠰᠢᠭᠤᠢ ᠶᠢᠨ ᠭᠠᠯ ᠢ ᠰᠡᠷᠭᠡᠶᠢᠯᠡᠬᠦ ᠲᠥᠷᠢᠮ︾ ︽ᠨᠣᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠥᠷᠢᠮ︾ ︽ᠦᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠣᠢ ᠰᠢᠭᠤᠢ ᠨᠣᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠥᠷᠢᠮ︾᠎ ᠤᠨ ᠬᠤᠯᠪᠣᠭᠳᠠᠯ ᠪᠥᠬᠦᠢ ᠲᠣᠭᠲᠠᠭᠠᠯ ᠢᠶᠠᠷ ᠪᠠᠶᠢᠳᠠᠯ ᠤᠨ ᠬᠦᠨᠳᠦ ᠬᠥᠩᠭᠡᠨ ᠢ ᠦᠵᠡᠵᠦ ᠬᠤᠯᠪᠣᠭᠲᠠᠯ ᠪᠥᠬᠦᠢ ᠨᠢᠭᠡᠴᠢ ᠪᠣᠶᠥ ᠬᠤᠪᠢ ᠬᠦᠮᠦᠨ ᠳᠤ ᠰᠢᠳᠬᠡᠯ ᠥᠭᠴᠦ᠂ ᠬᠠᠤᠯᠢ ᠵᠦᠷᠢᠴᠡᠵᠤ ᠶᠠᠯ᠎ᠠ ᠬᠢᠭᠰᠡᠨ ᠰᠡᠵᠢᠭᠲᠡᠢ ᠪᠠᠶᠢᠪᠠᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠣᠢ ᠰᠢᠭᠤᠢ ᠶᠢᠨ ᠲᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ ᠂ ᠣᠢ ᠰᠢᠭᠤᠢ ᠨᠣᠲᠤᠭ ᠪᠡᠯᠴᠢᠭᠡᠷ ᠤᠨ ᠭᠠᠯ ᠤᠨ ᠠᠶᠤᠯ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠤᠷᠢᠯᠡᠬᠦ ᠬᠡᠷᠡᠭᠲᠡᠢ᠃ ᠪᠠᠶᠢᠴᠠᠭᠠᠯᠲᠠ ᠪᠠᠷ ᠳᠠᠮᠵᠢᠵᠤ ᠮᠡᠳᠡᠭᠰᠡᠨ ᠬᠠᠷᠢᠶ᠎ᠠ ᠣᠷᠣᠨ ᠤ ᠲᠣᠲᠣᠷ᠎ᠠ ᠣᠷᠣᠰᠢᠵᠤ ᠪᠠᠶᠢᠭ᠎ᠠ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠲᠥᠷᠢᠮ ᠢ ᠨᠠᠶᠢᠲᠠᠪᠤᠷᠢᠵᠢᠭᠤᠯᠤᠭᠰᠠᠨ ᠦᠭᠡᠢ᠂ ᠠᠷᠭ᠎ᠠ ᠬᠡᠮᠵᠢᠶ᠎ᠡ ᠬᠦᠴᠦᠲᠠᠢ ᠪᠢᠰᠢ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠬᠦᠷᠥᠯᠴᠡᠬᠦ ᠦᠭᠡᠢ ᠵᠡᠷᠭᠡ ᠠᠰᠠᠭᠤᠳᠠᠯ ᠢ ︽ᠦᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠣᠢ ᠰᠢᠭᠤᠢ ᠨᠣᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠲᠥᠷᠢᠮ︾᠎ ᠤᠨ ᠬᠤᠯᠪᠣᠭᠳᠠᠯ ᠪᠥᠬᠦᠢ ᠲᠣᠭᠲᠠᠭᠠᠯ ᠢ ᠦᠨᠳᠥᠰᠦᠯᠡᠵᠤ ᠡᠯ᠎ᠡ ᠱᠠᠲᠤᠨ ᠤ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃    ᠶᠢᠰᠤ᠂ ᠶᠠᠮᠡᠷᠪᠠ ᠨᠢᠭᠡᠴᠢ ᠪᠠ ᠬᠤᠪᠢ ᠬᠦᠮᠦᠨ ᠣᠢ ᠰᠢᠭᠤᠢ ᠨᠣᠲᠤᠭ ᠪᠡᠯᠴᠢᠭᠡᠷ ᠲᠤ ᠭᠠᠯ ᠤᠨ ᠠᠶᠤᠯ ᠤᠨ ᠪᠠᠶᠢᠳᠠᠯ ᠢ ᠣᠯᠵᠤ ᠮᠡᠳᠡᠪᠡᠯ ᠴᠠᠭ ᠳᠣᠬᠠᠢ ᠳᠤᠨᠢ ᠳᠣᠬᠠᠢ ᠶᠢᠨ ᠭᠠᠵᠠᠷ ᠤᠨ ᠭᠠᠯ ᠰᠡᠷᠭᠡᠶᠢᠯᠡᠯᠲᠡ ᠶᠢᠨ ᠵᠢᠯᠣᠭᠤᠳᠬᠤ ᠭᠠᠵᠠᠷ ᠪᠣᠯᠤᠨ ᠬᠤᠰᠢᠭᠤ ᠭᠠᠯ ᠰᠡᠷᠭᠡᠶᠢᠯᠡᠯᠲᠡ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃ ᠶᠠᠮᠡᠷᠪᠠ ᠨᠢᠭᠡᠴᠢ ᠪᠠ ᠬᠤᠪᠢ ᠬᠦᠮᠦᠨ ᠨᠢ ᠲᠥᠯᠤᠪᠥᠷᠢ ᠦᠭᠡᠢ ᠪᠠᠷ ᠲᠥᠭᠰᠢᠭᠦᠷᠢ ᠮᠡᠳᠡᠭᠦᠯᠬᠦ ᠳᠤ ᠲᠥᠭᠦᠮ ᠦᠵᠡᠭᠦᠯᠵᠤ᠂ ᠣᠢ ᠰᠢᠭᠤᠢ ᠨᠣᠲᠤᠭ ᠪᠡᠯᠴᠢᠭᠡᠷ ᠤᠨ ᠭᠠᠯ ᠤᠨ ᠠᠶᠤᠯ ᠤᠨ ᠪᠠᠶᠢᠳᠠᠯ ᠢ ᠬᠤᠳᠠᠯ ᠮᠡᠳᠡᠭᠦᠯᠬᠦ ᠂ ᠳᠤᠷ᠎ᠠ ᠪᠠᠷ ᠮᠡᠳᠡᠬᠦᠯᠬᠦ᠂ ᠨᠢᠭᠤᠭᠠᠳ ᠮᠡᠳᠡᠬᠦᠯᠬᠦ ᠦᠭᠡᠢ ᠵᠡᠷᠭᠡ ᠪᠠᠶᠢᠳᠠᠯ ᠢ ᠬᠤᠷᠢᠭᠯᠠᠨ᠎ᠠ᠃        ᠲᠥᠭᠰᠢᠭᠦᠷᠢ ᠮᠡᠳᠡᠭᠦᠯᠬᠦ ᠤᠲᠠᠰᠤ᠄ 12119         ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                     2018 ᠣᠨ ᠤ 3 ᠰᠠᠷ᠎ᠠ ᠶᠢᠨ 15᠎ ᠤ ᠡᠳᠦᠷ
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号