ᠴᠢᠶᠣᠣ ᠶᠦᠨ ᠯᠢ ᠬᠤᠰᠢᠭᠤ ᠲᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-04-16
      ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠲᠠᠷᠤᠭ᠎ᠠ ᠴᠢᠶᠣᠣ ᠶᠦᠨ ᠯᠢ ᠬᠤᠰᠢᠭᠤ ᠲᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠲᠤᠭᠤᠯᠵᠤ᠂ ᠬᠤᠷᠠᠯ ᠳᠡᠭᠡᠷ᠎ᠡ 2018 ᠤᠨ ᠤ ᠡᠳ᠋ ᠤᠨ ᠵᠠᠰᠠᠭ ᠤᠨ ᠲᠦᠰᠦᠪ ᠤᠨ ᠲᠤᠬᠢᠷᠠᠭᠤᠯᠤᠯᠲᠠ ᠶᠢᠨ ᠪᠠᠶᠢᠳᠠᠯ ᠵᠢᠴᠢ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠲᠤᠭᠠᠨ ᠤ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠠ ᠶᠢ ᠰᠤᠨᠤᠰᠪᠠ ᠃ ᠬᠤᠰᠢᠭᠤ ᠤᠳᠤᠷᠢᠳᠤᠯᠭ᠎ᠠ ᠵᠠᠩ ᡁᠢ ᠰᠢᠦ᠋ᠩ᠂ ᠪᠠᠶᠠᠨᠴᠡᠩᠬᠡᠯ ᠪᠠ ᠬᠤᠰᠢᠭᠤ ᠵᠠᠰᠠᠭ ᠤᠨ ᠤᠷᠲᠤᠨ ᠤ ᠠᠯᠪᠠᠨ ᠭᠡᠷ᠂ ᠶᠠᠳᠠᠭᠤ ᠶᠢ ᠳᠡᠳᠬᠦᠬᠦ ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      ᠬᠠᠷᠢᠭᠤ ᠮᠡᠳᠡᠭᠦᠯᠦᠯᠲᠠ ᠶᠢ ᠰᠤᠨᠤᠰᠤᠭᠰᠡᠨ ᠤ ᠲᠠᠷᠠᠭ᠎ᠠ᠂ ᠴᠢᠶᠣᠣ ᠶᠦᠨ ᠯᠢ ᠴᠢᠬᠤᠯᠠᠴᠢᠯᠠᠬᠤ ᠳᠠᠭᠠᠨ ᠡᠷᠭᠡᠪᠰᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠭᠤᠤᠯᠳᠠᠯᠭᠠᠳᠤ ᠠᠵᠢᠯ ᠤᠨ ᠲᠤᠭᠤᠷᠢᠨ ᠳᠤ᠂ ᠵᠠᠰᠠᠭ ᠤᠨ ᠤᠷᠲᠤᠨ ᠤ ᠦᠷᠢ ᠰᠢᠷᠢ ᠶᠢ ᠠᠷᠢᠯᠭᠠᠬᠤ ᠲᠠᠢ ᠤᠶᠠᠯᠲᠤᠭᠤᠯᠤᠨ᠂ ᠪᠦᠬᠦ ᠲᠠᠯ᠎ᠠ ᠶᠢ ᠪᠤᠲᠤᠯᠬᠢᠯᠠᠵᠤ᠂ ᠰᠢᠨᠵᠢᠯᠡᠬᠦ ᠤᠬᠠᠭᠠᠨᠴᠢ ᠪᠠᠷ 2018 ᠤᠨ ᠤ ᠡᠳ᠋ ᠤᠨ ᠵᠠᠰᠠᠭ ᠤᠨ ᠲᠦᠰᠦᠪ ᠤᠨ ᠲᠤᠬᠢᠷᠠᠭᠤᠯᠤᠯᠲᠠ ᠶᠢ ᠬᠢᠵᠤ᠂ ᠴᠠᠯᠢᠩ ᠬᠦᠯᠦᠰᠤ ᠶᠢ ᠪᠠᠲᠤᠯᠠᠬᠤ᠂ ᠡᠷᠬᠢᠯᠳᠡ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢᠨ ᠰᠠᠭᠤᠷᠢᠨ ᠳᠡᠭᠡᠷ᠎ᠡ ︽ᠭᠤᠷᠪᠠᠨ ᠠᠯᠪᠠᠨ ᠤ ᠵᠠᠷᠤᠳᠠᠯ︾ ᠵᠢᠴᠢ ᠡᠩ ᠤᠨ ᠵᠠᠰᠠᠭ ᠵᠠᠬᠢᠷᠭᠠᠨ ᠤ ᠵᠠᠷᠤᠯᠭ᠎ᠠ ᠶᠢᠨ ᠲᠦᠰᠦᠪ ᠲᠤᠬᠢᠷᠠᠭᠤᠯᠤᠯᠲᠠ ᠶᠢ ᠤᠯᠠᠮ ᠨᠢᠭᠡ ᠠᠯᠬᠤᠮ ᠪᠠᠭᠠᠰᠬᠠᠵᠤ᠂ ᠨᠠᠷᠢᠯᠢᠭ᠂ ᠪᠤᠲᠠᠲᠠᠢ᠂ ᠪᠦᠷᠢᠨ ᠬᠢᠬᠦ ᠶᠢ ᠨᠡᠶᠢᠳᠡᠪᠦᠷᠢᠵᠢᠭᠤᠯᠤᠨ᠂ ᠨᠡᠩ ᠤᠯᠠᠨ ᠵᠠᠷᠤᠴᠠᠭᠤᠯᠵᠤ ᠪᠤᠯᠬᠤ ᠡᠳ᠋ ᠤᠨ ᠬᠦᠴᠦᠨ ᠢᠶᠠᠨ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠢᠯ ᠳᠡᠭᠡᠷ᠎ᠡ ᠲᠤᠬᠢᠷᠠᠭᠤᠯᠬᠤ ᠬᠡᠷᠡᠭᠲᠡᠢ ᠬᠡᠪᠠ᠃      ᠴᠢᠶᠣᠣ ᠶᠦᠨ ᠯᠢ ᠵᠢᠭᠠᠬᠤ ᠳᠤ ᠪᠠᠨ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠲᠤᠭᠠᠨ ᠢ ᠰᠠᠶᠢᠲᠤᠷ ᠪᠡᠶᠡᠯᠡᠬᠦᠯᠬᠦ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠦᠨᠲᠤ ᠴᠢᠬᠤᠯᠠ ᠪᠠᠶᠢᠷᠢᠯᠠᠭᠤᠯᠤᠯᠲᠠ ᠮᠦᠷᠳᠡᠭᠡᠨ ᠮᠦᠨ ᠴᠦ ᠴᠢᠨᠡᠭᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠰᠢᠪᠲᠤᠯᠤᠯᠳᠠ ᠶᠢᠨ ᠴᠢᠬᠤᠯᠠ ᠵᠠᠩᠬᠢᠯᠠᠭ᠎ᠠ ᠪᠤᠯᠤᠨ᠎ᠠ᠃ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠨᠢ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠡᠬᠦᠯᠵᠤ᠂ ᠡᠷᠭᠡᠪᠰᠢ ᠰᠢ ᠶᠢᠨ ᠫᠢᠩ ᠶᠡᠷᠦᠩᠬᠡᠢ ᠱᠦᠵᠢ ᠶᠢᠨ ᠰᠧᠴᠤᠸᠠᠨ ᠳᠤ ᠡᠷᠬᠢᠯᠡᠨ ᠬᠤᠷᠠᠯᠲᠤᠭᠤᠯᠤᠭᠰᠡᠨ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠲᠤᠭᠠᠨ ᠢ ᠰᠠᠶᠢᠲᠤᠷ ᠬᠢᠬᠦ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠲᠦᠪ᠂ ᠤᠷᠤᠨ᠂ ᠬᠤᠲᠠ ᠶᠢᠨ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠲᠤᠭᠠᠨ ᠤ ᠬᠤᠯᠪᠤᠭᠳᠠᠯ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠵᠤ᠂ ᠪᠠᠶᠢᠯᠳᠤᠬᠤ ᠪᠤᠲᠤᠯᠭ᠎ᠠ ᠪᠠ ᠪᠦᠬᠦ ᠲᠠᠯ᠎ᠠ ᠶᠢᠨ ᠵᠤᠬᠰᠤᠴᠠ ᠠᠴᠠ ᠬᠠᠷᠢᠭᠤᠴᠠᠯᠭᠠᠲᠤ ᠤᠪᠤᠷ ᠪᠠ ᠡᠭᠦᠷᠭᠡ ᠲᠤᠰᠢᠶᠠᠯᠳᠤ ᠤᠪᠤᠷ ᠢᠶᠠᠨ ᠴᠢᠩᠭᠠᠳᠬᠠᠵᠤ᠂ ᠭᠤᠤᠯ ᠡᠬᠦᠷᠬᠡ ᠪᠠᠨ ᠲᠤᠲᠤᠷᠬᠠᠶᠢᠯᠠᠵᠤ᠂ ᠠᠵᠢᠯ ᠡᠬᠦᠷᠭᠡ ᠪᠠᠨ ᠨᠡᠶᠢᠳᠡᠪᠦᠷᠢᠵᠢᠭᠤᠯᠬᠤ ᠶᠢ ᠴᠢᠩᠭ᠎ᠠ ᠠᠳᠬᠤᠨ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠲᠤᠭᠠᠨ ᠢ ᠰᠠᠶᠢᠲᠤᠷ ᠬᠢᠭᠦ ᠬᠡᠷᠡᠭᠲᠡᠢ ᠬᠡᠪᠠ᠃      ᠴᠢᠶᠣᠣ ᠶᠦᠨ ᠯᠢ ᠴᠢᠬᠤᠯᠠᠴᠢᠯᠠᠬᠤ ᠳᠤ ᠪᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠲᠤᠭᠠᠨ ᠤ ᠠᠵᠢᠯ ᠢ ᠡᠷᠬᠡᠪᠰᠢ ᠰᠠᠶᠢᠲᠤᠷ ᠬᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠡᠷᠢᠶᠠᠨ ᠤ ᠵᠤᠷᠢᠭ ᠰᠠᠨᠠᠭ᠎ᠠ ᠪᠠᠷ ᠶᠠᠳᠠᠭᠤ ᠶᠢ ᠲᠡᠳᠭᠦᠨ᠂ ᠡᠳ᠋ ᠮᠦᠩᠬᠦ ᠪᠠᠷ ᠳᠡᠮᠵᠢᠨ ᠳᠡᠳᠬᠦᠬᠦ ᠪᠠ ᠵᠤᠷᠢᠭ ᠰᠠᠨᠠᠭ᠎ᠠ ᠪᠠᠷ ᠳᠡᠮᠵᠢᠨ ᠳᠡᠳᠬᠦᠬᠦ ᠶᠢ ᠤᠶᠠᠯᠲᠤᠭᠤᠯᠤᠨ᠂ ᠶᠠᠳᠠᠭᠤ ᠠᠴᠠ ᠠᠩᠬᠢᠵᠢᠷᠠᠵᠤ ᠪᠠᠶᠠᠵᠢᠨ ᠴᠢᠨᠡᠭᠡᠯᠢᠭᠵᠢᠬᠦ ᠵᠤᠷᠢᠭ ᠰᠠᠨᠠᠭ᠎ᠠ ᠶᠢ ᠪᠤᠢ ᠪᠤᠯᠭᠠᠵᠤ᠂ ᠶᠠᠳᠠᠭᠤ ᠠᠴᠠ ᠠᠩᠬᠢᠵᠢᠷᠠᠬᠤ ᠶᠢ ᠦᠨᠡᠨᠬᠦ ᠪᠠᠲᠤᠯᠠᠬᠤ ᠭᠡᠷᠡᠭᠲᠡᠢ᠃ ︽ᠭᠠᠷᠠᠭ ᠤᠨ ᠪᠠᠶᠢᠴᠠᠭᠠᠯᠲᠠ ᠬᠢᠬᠦ᠂ ᠰᠠᠷ᠎ᠠ ᠶᠢᠨ ᠮᠡᠳᠡᠭᠦᠯᠦᠯᠲᠠ ᠬᠢᠬᠦ᠂ ᠤᠯᠠᠷᠢᠯ ᠤᠨ ᠬᠢᠨᠠᠨ ᠵᠢᠯᠤᠭᠤᠳᠤᠯᠭ᠎ᠠ ᠬᠢᠭᠦ︾ ᠱᠠᠭᠠᠷᠳᠠᠯᠭ᠎ᠠ ᠪᠠᠷ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤ ᠨᠢ ᠤᠢᠢᠯᠠᠭᠠᠵᠤ᠂ ᠡᠯ᠎ᠡ ᠲᠦᠷᠦᠯ ᠤᠨ ᠠᠷᠭ᠎ᠠ ᠠᠪᠴᠠᠯ ᠢ ᠪᠤᠲᠠᠲᠤ ᠭᠠᠵᠠᠷ ᠲᠤᠨᠢ ᠨᠡᠶᠢᠳᠡᠪᠦᠷᠢᠵᠢᠭᠤᠯᠬᠤ ᠶᠢ ᠪᠠᠲᠤᠯᠡᠵᠤ᠂ ᠵᠠᠰᠠᠭ ᠤᠨ ᠤᠷᠲᠤᠨ ᠤ ᠦᠷᠢ ᠰᠢᠷᠢ ᠶᠢ ᠠᠷᠢᠯᠭᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠤ᠂ ᠰᠢᠰᠲ᠋ᠧᠮ ᠤᠨ ᠴᠢᠨᠠᠷ ᠲᠠᠢ ᠮᠦᠩᠬᠦᠨ ᠬᠦᠢᠯᠭᠡᠭᠡᠨ ᠤ ᠠᠶᠤᠯ ᠲᠦᠭᠰᠢᠬᠦᠷᠢ ᠡᠬᠦᠰᠬᠦ ᠶᠢ ᠡᠷᠡᠰ ᠴᠠᠭᠠᠵᠠᠯᠠᠬᠤ ᠭᠡᠷᠡᠭᠲᠡᠢ᠃ ︽ᠠᠭᠠᠷ ᠮᠠᠨᠳᠠᠯ ᠤᠨ ᠪᠤᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ︾᠂ ︽ᠤᠰᠤᠨ ᠤ ᠪᠤᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ︾᠂ ︽ᠬᠦᠷᠤᠰᠤ ᠰᠢᠷᠤᠢ ᠶᠢᠨ ᠪᠤᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ︾ ᠶᠢ ᠨᠡᠶᠢᠳᠡᠪᠦᠷᠢᠵᠢᠭᠤᠯᠤᠨ ᠲᠤᠤᠱᠯᠠᠭᠤᠯᠵᠤ᠂ ᠮᠠᠨ ᠤ ᠬᠤᠰᠢᠭᠤᠨ ᠤ ᠪᠤᠲᠠᠲᠤ ᠪᠠᠶᠢᠳᠠᠯ ᠲᠠᠢ ᠤᠶᠠᠯᠲᠤᠭᠤᠯᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠤᠨ ᠬᠦᠴᠤᠯᠠᠴᠠ ᠶᠢ ᠦᠷᠬᠦᠯᠵᠢᠯᠡᠨ ᠨᠡᠮᠡᠭᠳᠡᠬᠦᠯᠵᠤ᠂ ᠤᠰᠤ᠂ ᠠᠭᠠᠷ ᠮᠠᠨᠳᠠᠯ᠂ ᠬᠦᠷᠤᠰᠤ ᠰᠢᠷᠤᠢ ᠶᠢᠨ ᠪᠤᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠲᠡᠭᠡᠳᠦ ᠴᠢᠨᠠᠷᠯᠢᠭ ᠪᠦᠭᠦᠢ ᠬᠦᠭᠵᠢᠯᠲᠠ ᠶᠢ ᠪᠠᠳᠤᠯᠠᠬᠤ ᠬᠡᠷᠡᠭᠲᠠᠢ ᠬᠡᠪᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号