ᠮᠠᠨ ᠤ ᠬᠤᠰᠢᠭᠤ 2017 ᠤᠨ ᠳᠤ 1059.28 ᠲᠦᠮᠡᠨ ᠲᠦᠭᠦᠷᠢᠭ ᠤᠨ ᠬᠤᠲᠠ ᠬᠦᠳᠡᠭᠡ ᠶᠢᠨ ᠬᠠᠮᠤᠭ ᠳᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠨᠥᠬᠦᠪᠦᠷᠢ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2018-04-16
     2017 ᠤᠨ ᠳᠤ ᠮᠠᠨ ᠤ ᠬᠤᠰᠢᠭᠤ ︽ᠦᠦᠰᠢᠨ ᠬᠤᠰᠢᠭᠤᠨ ᠤ ᠬᠤᠲᠠ ᠬᠦᠳᠡᠭᠡ ᠶᠢᠨ ᠬᠠᠮᠤᠭ ᠤᠨ ᠲᠤᠤᠷ᠎ᠠ ᠠᠮᠢᠳᠤᠷᠠᠯ ᠤᠨ ᠪᠠᠲᠤᠯᠠᠭᠠᠲᠤ ᠡᠷᠦᠬᠡ ᠶᠢ ᠶᠡᠷᠦᠩᠬᠡᠶᠢᠯᠡᠨ ᠲᠤᠭᠳᠠᠭᠠᠬᠤ ᠠᠷᠭ᠎ᠠ︾ ᠶᠢ ᠲᠣᠭᠲᠠᠭᠠᠨ ᠬᠡᠷᠡᠭᠵᠢᠭᠦᠯᠵᠦ᠂ ᠬᠤᠲᠠ ᠬᠦᠳᠡᠭᠡ ᠶᠢᠨ ᠳᠣᠣᠷ᠎ᠠ ᠪᠠᠲᠤᠯᠠᠭᠠᠲᠤ ᠡᠷᠦᠬᠡ ᠶᠢ ᠬᠢᠨᠠᠨ ᠬᠠᠷᠭᠤᠭᠤᠯᠵᠤ ᠲᠤᠭᠳᠠᠭᠠᠬᠤ ᠲᠡᠰ ᠲᠠᠷᠠᠭ᠎ᠠ ᠶᠢ ᠤᠯᠠᠮ ᠨᠢᠭᠡ ᠠᠯᠬᠤᠮ ᠳᠦᠷᠢᠮᠵᠢᠭᠦᠯᠦᠨ᠂ ᠰᠦᠯᠵᠢᠶ᠎ᠡ ᠪᠠᠷ ᠠᠯᠪᠠᠨ ᠬᠡᠷᠡᠭ ᠢ ᠰᠶᠢᠳᠪᠦᠷᠢᠯᠡᠬᠦ ᠶᠢ ᠢᠳᠡᠪᠬᠢᠲᠡᠢ ᠪᠠᠷ ᠲᠤᠷᠰᠢᠨ ᠬᠡᠷᠡᠭᠵᠢᠭᠦᠯᠵᠦ᠂ ᠬᠤᠲᠠ ᠬᠦᠳᠡᠭᠡ ᠶᠢᠨ ᠲᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠰᠦᠯᠵᠢᠶ᠎ᠡ ᠪᠠᠷ ᠬᠢᠨᠠᠨ ᠬᠠᠷᠭᠤᠭᠤᠯᠬᠤ ᠪᠠ ᠬᠢᠨᠠᠨ ᠵᠥᠪᠰᠢᠶᠡᠷᠡᠬᠦ ᠶᠢ ᠰᠦᠪᠡᠭᠴᠢᠯᠡᠨ ᠬᠢᠵᠤ᠂ ᠨᠡᠶᠢᠬᠡᠮ ᠤᠨ ᠠᠪᠤᠷᠠᠨ ᠲᠤᠰᠠᠯᠠᠬᠤ ᠡᠳᠡᠭᠡᠳ ᠤᠨ ᠬᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠬᠠᠷᠭᠤᠭᠤᠯᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠬᠦᠳᠡᠯᠦᠩᠬᠦᠢ ᠬᠠᠮᠢᠶᠠᠷᠤᠯᠲᠠ ᠬᠢᠵᠤ᠂ ᠬᠠᠤᠯᠢ ᠬᠡᠷᠡᠭᠵᠢᠬᠦᠯᠬᠦ ᠲᠠᠪᠴᠠᠩ ᠢ ᠪᠠᠶᠢᠭᠤᠯᠤᠨ ᠡᠷᠦᠭᠡ ᠳᠤ ᠤᠷᠤᠨ ᠬᠢᠨᠠᠨ ᠬᠠᠷᠭᠤᠭᠤᠯᠬᠤ ᠪᠠ ᠤᠷᠳᠤᠷᠢᠭ ᠦᠷᠭᠡᠷᠢᠭ ᠢ ᠲᠤᠭᠲᠠᠭᠠᠬᠤ ᠠᠵᠢᠯ ᠢ 11% ᠢᠶᠠᠷ ᠪᠡᠶᠡᠯᠡᠬᠦᠯᠦᠨ ᠲᠤᠤᠷ᠎ᠠ ᠪᠠᠲᠤᠯᠠᠭ᠎ᠠ ᠶᠢᠨ ᠮᠦᠩᠬᠦ ᠶᠢ ᠰᠠᠷ᠎ᠠ ᠰᠠᠷ᠎ᠠ ᠪᠠᠷ ᠵᠦᠷᠢᠶ᠎ᠡ ᠶᠢ ᠨᠢ ᠨᠦᠬᠦᠪᠦᠷᠢᠯᠡᠨ ᠲᠠᠷᠬᠠᠭᠠᠬᠤ ᠶᠢ ᠪᠡᠶᠡᠯᠡᠭᠦᠯᠦᠭᠰᠡᠨ ᠪᠠᠶᠢᠨ᠎ᠠ᠃      ᠪᠦᠬᠦ ᠬᠤᠰᠢᠭᠤᠨ ᠤ ᠲᠡᠩᠰᠠᠨ ᠳᠤ ᠪᠠᠶᠢᠬᠤ ᠬᠤᠲᠠ ᠪᠠᠯᠭᠠᠰᠤᠨ ᠤ ᠬᠠᠮᠤᠭ ᠲᠤᠤᠷ᠎ᠠ ᠠᠮᠢᠳᠤᠷᠠᠯ ᠤᠨ ᠪᠠᠲᠤᠯᠠᠭᠠᠲᠤ ᠡᠷᠦᠬᠡ ᠨᠡᠶᠢᠳᠡ 333 ᠡᠷᠦᠬᠡ 547 ᠬᠦᠮᠦᠨ ᠪᠠᠶᠢᠵᠤ᠂ ᠪᠦᠬᠦ ᠵᠢᠯ ᠤᠨ ᠲᠠᠷᠬᠠᠭᠠᠭᠰᠡᠨ ᠬᠤᠲᠠ ᠪᠠᠯᠭᠠᠰᠤᠨ ᠤ ᠬᠠᠮᠤᠭ ᠲᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠮᠦᠩᠬᠦ ᠨᠡᠶᠢᠳᠡ 353.78 ᠲᠦᠮᠡᠨ ᠲᠦᠭᠦᠷᠢᠭ ᠲᠤ ᠬᠥᠷᠴᠥ᠂ ᠬᠦᠳᠡᠭᠡ ᠲᠤᠰᠬᠤᠨ ᠤ ᠬᠠᠮᠤᠭ ᠲᠤᠤᠷ᠎ᠠ ᠠᠮᠢᠳᠤᠷᠠᠯ ᠤᠨ ᠪᠠᠲᠤᠯᠠᠭᠠᠲᠤ ᠡᠷᠦᠬᠡ ᠨᠡᠶᠢᠳᠡ 881 ᠡᠷᠦᠬᠡ 1893 ᠬᠦᠮᠦᠨ ᠪᠠᠶᠢᠵᠤ᠂ ᠨᠡᠶᠢᠳᠡ 705.5 ᠲᠦᠮᠡᠨ ᠲᠦᠭᠦᠷᠢᠭ ᠤᠨ ᠬᠦᠳᠡᠭᠡ ᠲᠤᠰᠬᠤᠨ ᠤ ᠬᠠᠮᠤᠭ ᠲᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠮᠦᠩᠬᠦ ᠶᠢ ᠲᠠᠷᠬᠠᠭᠠᠭᠰᠠᠨ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号