2018 ᠤᠨ ᠤ ᠬᠤᠰᠢᠭᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠨ ᠶᠢᠨ ᠠᠵᠢᠯ ᠤᠨ ᠬᠤᠷᠠᠯ ᠵᠢᠴᠢ ᠪᠦᠬᠦ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-04-16
      ᠤᠶᠢᠷ᠎ᠠ ᠶᠢᠨ ᠡᠳᠦᠷ᠂ 2018 ᠤᠨ ᠤ ᠬᠤᠰᠢᠭᠤ ᠨᠠᠮ ᠤᠨ ᠬᠤᠷᠢᠶ᠎ᠠ ᠶᠢᠨ ᠤᠯᠤᠰ ᠲᠦᠷᠤ ᠬᠠᠤᠯᠢ ᠴᠠᠭᠠᠵᠨ ᠶᠢᠨ ᠠᠵᠢᠯ ᠤᠨ ᠬᠤᠷᠠᠯ ᠵᠢᠴᠢ ᠪᠦᠬᠦ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠲᠡᠭᠡᠷ᠎ᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ᠂ ᠰᠢ ᠶᠢᠨ ᠫᠢᠩ ᠶᠡᠷᠦᠩᠭᠡᠢ ᠱᠦᠵᠢ ᠶᠢᠨ ᠤᠯᠤᠰ ᠲᠦᠷᠤ ᠬᠠᠤᠯᠢ ᠴᠠᠭᠠᠵᠨ ᠶᠢᠨ ᠠᠵᠢᠯ ᠪᠠ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠭᠦᠯᠬᠦ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᠾᠧᠩ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠨᠢᠤ ᠵᠢᠶᠦ᠋ᠨ ᠶᠠᠨ ᠤ ᠤᠯᠤᠰ ᠲᠦᠷᠦ ᠬᠠᠤᠯᠢ ᠴᠠᠭᠠᠵᠨ ᠶᠢᠨ ᠠᠵᠢᠯ ᠤᠨ ᠲᠤᠬᠠᠢ ᠴᠢᠬᠤᠯᠨ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠲᠦᠪ᠂ ᠤᠷᠤᠨ᠂ ᠬᠤᠳᠠ ᠶᠢᠨ ᠨᠠᠮ ᠤᠨ ᠬᠤᠷᠢᠶ᠎ᠠ ᠤᠯᠤᠰ ᠲᠦᠷᠦ ᠬᠠᠤᠯᠢ ᠴᠠᠭᠠᠵᠨ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠪᠠ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ 2018 ᠤᠨ ᠤ ᠪᠦᠬᠦ ᠬᠤᠰᠢᠭᠤᠨ ᠤ ᠤᠯᠤᠰ ᠲᠦᠷᠤ ᠬᠠᠤᠯᠢ ᠴᠠᠭᠠᠵᠨ ᠶᠢᠨ ᠠᠵᠢᠯ ᠪᠠ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠷᠢᠯᠠᠭᠤᠯᠤᠭᠰᠠᠨ ᠪᠠᠶᠢᠨ᠎ᠠ᠃      ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠤ ᠬᠠᠤᠯᠢ ᠴᠠᠭᠠᠵᠨ ᠶᠢᠨ ᠬᠤᠷᠢᠶ᠎ᠠ ᠶᠢᠨ ᠱᠦᠵᠢ ᠰᠤᠷᠭᠠᠯᠳᠤ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃ ᠬᠤᠰᠢᠭᠤ ᠲᠡᠳ᠋ ᠲᠠᠷᠤᠭ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠭᠤᠤ ᠬᠤ᠋ ᠬᠤᠷᠠᠯ ᠢ ᠡᠷᠬᠢᠯᠡᠵᠤ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠲᠠᠷᠤᠭ᠎ᠠ ᠰᠦᠨ ᠰᠢᠶᠤᠤ ᠴᠢᠶᠠᠩ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠲᠠᠷᠤᠭ᠎ᠠ ᠽᠦᠸᠧ ᠴᠧᠨ ᠭᠤᠸᠠᠩ ᠬᠤᠷᠠᠯ ᠳᠤ ᠤᠷᠤᠯᠴᠠᠪᠠ᠃ ᠪᠦᠬᠦ ᠰᠤᠮᠤ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ᠂ ᠬᠤᠰᠢᠭᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠭᠡᠯᠳᠡᠰ᠂ ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠲᠤᠪᠴᠢᠶ᠎ᠠ ᠵᠡᠷᠭᠡ ᠬᠤᠰᠢᠭᠤ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠶᠢᠨ ᠬᠠᠷᠢᠭᠤᠴᠠᠯᠭᠠᠳᠠᠳ ᠵᠢᠴᠢ ᠬᠤᠰᠢᠭᠤ ᠤᠯᠤᠰ ᠲᠦᠷᠤ ᠬᠠᠤᠯᠢ ᠴᠠᠭᠠᠵᠨ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠨ ᠪᠠ ᠡᠯ᠎ᠡ ᠲᠢᠩᠬᠢᠮ᠂ ᠰᠠᠯᠪᠦᠷᠢ᠂ ᠠᠩᠬᠢ᠂ ᠲᠠᠰᠤᠭ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃      ᠰᠤᠷᠭᠠᠯᠳᠤ ᠦᠩᠭᠡᠷᠡᠭᠰᠡᠨ ᠨᠢᠭᠡ ᠵᠢᠯ ᠤᠨ ᠪᠦᠬᠦ ᠬᠤᠰᠢᠭᠤᠨ ᠤ ᠤᠯᠤᠰ ᠲᠦᠷᠤ ᠬᠠᠤᠯᠢ ᠴᠠᠭᠠᠵᠨ ᠶᠢᠨ ᠠᠵᠢᠯ ᠢ ᠡᠷᠬᠢᠴᠡᠬᠦᠯᠦᠨ᠂ 2018 ᠤᠨ ᠤ ᠤᠯᠤᠰ ᠲᠦᠷᠤ ᠬᠠᠤᠯᠢ ᠴᠠᠭᠠᠵᠨ ᠶᠢᠨ ᠠᠵᠢᠯ ᠪᠠ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠤ ᠪᠠᠶᠢᠷᠢᠯᠠᠭᠤᠯᠤᠯᠳᠠ ᠬᠢᠪᠠ᠃ ᠲᠡᠷᠡ ᠴᠢᠬᠤᠯᠠᠴᠢᠯᠠᠬᠤ ᠳᠠᠭᠠᠨ᠂ 2018 ᠤᠨ ᠤ ᠪᠦᠬᠦ ᠬᠤᠰᠢᠭᠤᠨ ᠤ ᠤᠯᠤᠰ ᠲᠦᠷᠤ ᠶᠢᠨ ᠬᠠᠤᠯᠢ ᠴᠠᠭᠠᠵᠨ ᠶᠢᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠳᠠᠯᠠᠬᠤ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠭᠦᠳᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂ ᠡᠯ᠎ᠡ ᠱᠠᠳᠤᠨ ᠤ ᠨᠠᠮ ᠤᠨ ᠬᠤᠷᠢᠶ᠎ᠠ ᠶᠢᠨ ᠤᠯᠤᠰ ᠲᠦᠷᠤ ᠬᠠᠤᠯᠢ ᠴᠠᠭᠠᠵᠨ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠮᠤᠷ ᠲᠤᠭᠳᠠᠭᠤᠨ ᠦᠤᠰᠢᠨ᠂ ᠬᠠᠤᠯᠢᠵᠢᠭᠰᠠᠨ ᠦᠤᠰᠢᠨ ᠤ ᠰᠢᠯᠭᠠᠷᠠᠭᠰᠠᠨ ᠡᠩᠨᠡᠭᠡ ᠪᠠ ᠤᠶᠤᠨᠴᠢᠯᠠᠬᠰᠠᠨ ᠪᠠᠶᠢᠭᠤᠯᠤᠯᠳᠠ ᠶᠢ ᠠᠬᠢᠭᠤᠯᠤᠨ᠂ ᠤᠯᠤᠰ ᠤᠷᠤᠨ ᠤ ᠤᠯᠤᠰ ᠲᠦᠷᠤ ᠶᠢᠨ ᠠᠮᠤᠷ ᠲᠤᠭᠳᠠᠭᠤᠨ ᠢ ᠬᠠᠮᠠᠭᠠᠯᠠᠨ᠂ ᠨᠡᠶᠢᠭᠡᠮ ᠤᠨ ᠶᠡᠭᠡ ᠲᠠᠯ᠎ᠠ ᠶᠢᠨ ᠠᠵᠢᠯ ᠤᠨ ᠲᠤᠭᠳᠠᠭᠤᠨ ᠪᠠᠶᠢᠳᠠᠯ ᠢ ᠪᠠᠳᠤᠯᠠᠵᠤ᠂ ᠨᠡᠶᠢᠭᠡᠮ ᠤᠨ ᠡᠷᠭᠡ ᠲᠡᠭᠰᠢ ᠲᠦᠪ ᠭᠤᠤᠯᠴᠢ ᠶᠢ ᠠᠬᠢᠭᠤᠯᠤᠨ᠂ ᠠᠷᠠᠳ ᠲᠦᠮᠡᠨ ᠠᠵᠤ ᠲᠦᠷᠦᠨ ᠠᠮᠤᠷ ᠵᠢᠷᠭᠠᠬᠤ ᠶᠢ ᠪᠠᠳᠤᠯᠠᠬᠤ ᠭᠤᠤᠯ ᠡᠭᠦᠷᠭᠡ ᠪᠠᠨ ᠰᠠᠶᠢᠳᠤᠷ ᠡᠭᠦᠷᠭᠡᠯᠡᠨ᠂ ᠦᠤᠰᠢᠨ ᠤ ᠲᠡᠭᠡᠳᠤ ᠴᠢᠨᠠᠷᠯᠢᠭ ᠬᠦᠭᠵᠢᠯᠳᠠ ᠶᠢ ᠪᠦᠬᠦ ᠲᠠᠯ᠎ᠠ ᠪᠠᠷ ᠠᠬᠢᠭᠤᠯᠬᠤ ᠳᠤ ᠠᠮᠤᠷ ᠲᠦᠪᠰᠢᠨ ᠤᠯᠤᠰ ᠲᠦᠷᠤ ᠶᠢᠨ ᠤᠷᠴᠢᠨ᠂ ᠠᠮᠤᠷ ᠲᠤᠭᠳᠠᠭᠤᠨ ᠨᠡᠶᠢᠭᠡᠮ ᠤᠨ ᠤᠷᠴᠢᠨ᠂ ᠲᠦᠪ ᠭᠤᠤᠯᠴᠢ ᠬᠠᠤᠯᠢ ᠶᠢᠨ ᠤᠷᠴᠢᠨ᠂ ᠤᠬᠢ ᠰᠠᠶᠢᠨ ᠦᠢᠯᠡᠴᠢᠯᠡᠭᠡᠨ ᠤ ᠤᠷᠴᠢᠨ ᠢ ᠬᠠᠩᠭᠠᠨ᠂ ᠠᠷᠠᠳ ᠲᠦᠮᠡᠨ ᠤ ᠬᠦᠷᠳᠡᠭᠡᠮᠵᠢ ᠶᠢᠨ ᠲᠦᠷᠦᠭᠳᠡᠯ᠂ ᠠᠵᠨ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠤᠯᠠᠮ ᠨᠡᠮᠡᠭᠳᠡᠭᠰᠡᠨ ᠪᠠᠶᠢᠨ᠎ᠠ ᠭᠡᠪᠡ᠃      ᠰᠤᠷᠭᠠᠯᠳᠤ ᠱᠠᠭᠠᠷᠳᠠᠬᠤ ᠳᠠᠭᠠᠨ᠂ ᠪᠦᠬᠦ ᠬᠤᠰᠢᠭᠤᠨ ᠤ ᠤᠯᠤᠰ ᠲᠦᠷᠤ ᠬᠠᠤᠯᠢ ᠴᠠᠭᠠᠵᠨ ᠶᠢᠨ ᠹᠷᠤᠨᠲ ᠨᠢ ᠲᠠᠨᠢᠯᠳᠠ ᠪᠠᠨ ᠲᠡᠭᠡᠭᠰᠢᠯᠡᠭᠦᠯᠦᠨ᠂ ᠬᠤᠷᠢᠭ᠎ᠠ ᠱᠤᠭᠤᠮ ᠢ ᠪᠠᠳᠤ ᠰᠠᠬᠢᠵᠤ᠂ ᠤᠯᠤᠰ ᠤᠷᠤᠨ ᠤ ᠤᠯᠤᠰ ᠲᠦᠷᠤ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠠᠢ᠃ ᠡᠬᠢ ᠡᠭᠦᠰᠦᠯ ᠠᠴᠠ ᠪᠠᠨ ᠦᠷᠭᠦᠯᠵᠢ ᠠᠳᠬᠤᠨ᠂ ᠵᠦᠷᠢᠴᠡᠯ ᠮᠦᠷᠭᠦᠯᠳᠦᠭᠡᠨ ᠢ ᠨᠠᠮᠳᠠᠭᠤᠯᠬᠤ ᠶᠢ ᠴᠢᠬᠤᠯᠠᠴᠢᠯᠠᠬᠤ ᠭᠡᠷᠡᠭᠳᠡᠢ᠃ ᠰᠠᠭᠤᠷᠢ ᠪᠠᠨ ᠪᠠᠳᠤᠳᠬᠠᠨ᠂ ᠵᠠᠬᠢᠷᠤᠨ ᠬᠠᠮᠢᠶᠠᠷᠬᠤ ᠪᠠᠨ ᠴᠢᠩᠭᠠᠳᠬᠠᠨ᠂ ᠨᠡᠶᠢᠭᠡᠮ ᠤᠨ ᠵᠠᠰᠠᠨ ᠴᠡᠭᠴᠡᠯᠡᠯᠳᠠ ᠶᠢᠨ ᠰᠢᠨᠡᠴᠢᠯᠡᠯᠳᠠ ᠶᠢ ᠯᠠᠪᠳᠠᠭᠤᠨ ᠢᠶᠠᠷ ᠠᠬᠢᠭᠤᠯᠬᠤ ᠭᠡᠷᠡᠭᠳᠡᠢ᠃ ᠦᠭᠡᠷᠡᠴᠢᠯᠡᠯᠳᠠ ᠶᠢ ᠬᠦᠨᠵᠡᠭᠡᠶᠢᠷᠡᠭᠦᠯᠦᠨ᠂ ᠤᠷᠢᠳᠠᠪᠠᠷ ᠲᠤᠷᠰᠢᠨ᠂ ᠬᠠᠤᠯᠢᠵᠢᠯ ᠦᠤᠰᠢᠨ ᠤ ᠪᠠᠶᠢᠭᠤᠯᠤᠯᠳᠠ ᠶᠢ ᠲᠦᠯᠬᠢᠨ ᠠᠬᠢᠭᠤᠯᠬᠤ ᠭᠡᠷᠡᠭᠳᠡᠢ᠃ ᠬᠠᠤᠯᠢᠵᠢᠯ ᠢ ᠲᠡᠷᠢᠭᠦᠨ ᠪᠠᠶᠢᠷᠢᠨ ᠳᠤ ᠲᠠᠯᠪᠢᠵᠤ ᠂ ᠤᠶᠤᠨᠴᠢᠯᠠᠯᠳᠠ ᠪᠠᠷ ᠲᠠᠶᠢᠴᠢᠯᠠᠭᠤᠯᠤᠨ᠂ ᠤᠯᠤᠰ ᠲᠦᠷᠤ ᠬᠠᠤᠯᠢ ᠴᠠᠭᠠᠵᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠭᠡᠷᠡᠭᠳᠡᠢ᠃ ᠬᠠᠮᠢᠶᠠᠷᠤᠯᠳᠠ ᠪᠠᠨ ᠴᠢᠩᠭᠠᠳᠬᠠᠨ᠂ ᠭᠡᠪ ᠪᠤᠯᠪᠠᠰᠤᠷᠠᠯ ᠢᠶᠠᠨ ᠲᠡᠭᠡᠭᠰᠢᠯᠡᠬᠦᠯᠵᠤ ᠨᠢᠭᠡᠨ ᠰᠠᠯᠠᠭ᠎ᠠ ᠰᠢᠯᠭᠠᠷᠠᠭᠰᠠᠨ ᠤᠯᠤᠰ ᠲᠦᠷᠤ ᠬᠠᠤᠯᠢ ᠴᠠᠭᠠᠵᠨ ᠶᠢᠨ ᠡᠩᠨᠡᠭᠡ ᠶᠢ ᠪᠠᠶᠢᠭᠤᠯᠬᠤ ᠭᠡᠷᠡᠭᠳᠡᠢ ᠭᠡᠪᠡ᠃      ᠰᠤᠷᠭᠠᠯᠳᠤ ᠱᠠᠭᠠᠷᠳᠠᠬᠤ ᠳᠠᠭᠠᠨ᠂ ᠡᠯ᠎ᠡ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠭᠤᠤᠯ ᠱᠠᠭᠠᠷᠳᠠᠯᠭ᠎ᠠ ᠶᠢ ᠠᠳᠬᠤᠨ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠭᠦᠯᠬᠦ ᠬᠠᠷᠢᠭᠤᠴᠠᠯᠭᠠᠳᠤ ᠴᠢᠨᠠᠷ᠂ ᠡᠭᠦᠷᠭᠡ ᠲᠤᠰᠢᠶᠠᠯᠳᠤ ᠰᠡᠳᠬᠢᠯᠭᠡ ᠪᠠᠨ ᠦᠨᠡᠨᠬᠦ ᠨᠡᠮᠡᠭᠳᠡᠭᠦᠯᠬᠦ ᠭᠡᠷᠡᠭᠳᠡᠢ᠃ ᠠᠵᠢᠯ ᠤᠨ ᠭᠤᠤᠯᠳᠠᠯᠭ᠎ᠠ ᠪᠠᠨ ᠲᠤᠪᠤᠶᠢᠯᠭᠠᠨ᠂ ᠬᠠᠤᠯᠢ ᠶᠤᠰᠤᠭᠠᠷ ᠴᠢᠩᠭ᠎ᠠ ᠰᠢᠳᠭᠡᠬᠦ ᠶᠢ ᠪᠠᠷᠢᠮᠳᠠᠯᠠᠨ᠂ ᠬᠠᠷ᠎ᠠ ᠪᠦᠯᠦᠭᠳᠡᠨ ᠬᠠᠷᠬᠢᠰ ᠬᠦᠴᠦᠨ ᠤ ᠶᠠᠯᠠᠳᠤ ᠠᠵᠢᠯᠯᠠᠭ᠎ᠠ ᠶᠢ ᠪᠦᠬᠦ ᠲᠠᠯ᠎ᠠ ᠪᠠᠷ ᠱᠦᠭᠦᠷᠳᠡᠨ ᠠᠷᠢᠯᠭᠠᠬᠤ ᠳᠤ ᠲᠠᠷᠤᠯᠳᠠ ᠦᠵᠡᠭᠦᠯᠬᠦ ᠭᠡᠷᠡᠭᠳᠡᠢ᠃ ᠬᠠᠷ᠎ᠠ ᠪᠦᠯᠦᠭᠳᠡᠨ ᠬᠠᠷᠬᠢᠰ ᠬᠦᠴᠦᠨ ᠢ ᠦᠨᠳᠦᠰᠤᠨ ᠠᠴᠠ ᠨᠢ ᠠᠷᠢᠯᠭᠠᠬᠤ ᠡᠭᠦᠰᠴᠤ ᠬᠦᠭᠵᠢᠬᠦ ᠶᠢ ᠡᠷᠡᠰ ᠬᠤᠷᠢᠭᠯᠠᠬᠤ ᠭᠡᠷᠡᠭᠳᠡᠢ᠃ ᠤᠯᠤᠰ ᠲᠦᠷᠤ ᠶᠢᠨ ᠲᠠᠪᠠᠭᠤᠯᠢᠭ ᠢᠶᠠᠨ ᠪᠠᠳᠠᠷᠠᠭᠤᠯᠤᠨ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠪᠠᠬᠢᠯᠡᠯᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠴᠢᠩᠭ᠎ᠠ ᠬᠠᠮᠳᠤᠷᠠᠯ ᠤᠨ ᠬᠦᠴᠦᠨ ᠢ ᠪᠦᠷᠢᠯᠳᠦᠭᠦᠯᠦᠨ᠂ ᠭᠤᠷᠪᠠᠨ ᠵᠢᠯ ᠤᠨ ᠰᠢᠷᠭᠠᠭᠤ ᠴᠢᠷᠮᠠᠶᠢᠯᠭ᠎ᠠ ᠪᠠᠷ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯᠯᠠᠭᠠᠨ ᠤ ᠪᠦᠬᠦ ᠲᠠᠯ᠎ᠠ ᠶᠢᠨ ᠢᠯᠠᠯᠳᠠ ᠶᠢ ᠤᠯᠬᠤ ᠭᠡᠷᠡᠭᠳᠡᠢ ᠭᠡᠪᠡ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号