ᠬᠤᠰᠢᠭᠤ ᠨᠠᠮ ᠤᠨ ᠬᠤᠷᠢᠶᠠᠨ ᠤ ᠭᠤᠤᠯ ᠲᠤᠭᠤᠶᠢᠯᠠᠩ ᠤᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-04-16
      ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠭᠤᠤᠯ ᠲᠤᠭᠤᠶᠢᠯᠠᠩ ᠤᠨ ᠰᠤᠷᠤᠯᠴᠠᠬᠤ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ  ᠤᠨ ᠲᠠᠷᠤᠭ᠎ᠠ ᠠᠯᠳᠠᠠᠳᠤᠶᠠᠭ᠎ᠠ  ᠵᠡᠷᠭᠡ ᠰᠢᠶᠠᠨ ᠤ ᠲᠠᠰ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ ᠪᠤᠯᠤᠨ ᠡᠯ᠎ᠠ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠭᠰᠠᠨ ᠪᠠᠶᠢᠨ᠎ᠠ᠃      ᠹᠧᠩ ᡁᠢ ᠮᠢᠩ ᠬᠤᠷᠠᠯ ᠡᠷᠭᠢᠯᠠᠭᠦ ᠶᠢᠨ ᠬᠠᠮᠳᠤ  ︽ᠨᠠᠮ ᠤᠨ ᠲᠥᠪ ᠬᠤᠷᠢᠶᠠᠨ ᠤ ᠨᠠᠮ ᠤᠨ ᠰᠤᠨᠢᠨ ᠮᠡᠳᠡᠭᠡᠨ ᠤ ᠶᠠᠷᠢᠶ᠎ᠠ ᠭᠡᠯᠡᠯᠴᠠᠭᠡᠨ ᠤ ᠠᠵᠢᠯ ᠢ ᠴᠢᠩᠭᠠᠳᠬᠠᠬᠤ ᠪᠠ ᠥᠭᠡᠷᠡᠴᠢᠯᠡᠭᠦ ᠲᠤᠬᠠᠢ ᠰᠠᠨᠠᠯ︾ ᠢ ᠤᠯᠠᠮᠵᠢᠯᠠᠪᠠ᠃ ᠲᠤᠰ ᠤᠳᠠᠭᠠᠨ ᠤ ᠰᠤᠷᠤᠯᠴᠠᠯᠭ᠎ᠠ ᠳᠤ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠡᠳ᠋ ᠵᠠᠭᠢᠷᠤᠯ ᠴᠢ ᠬᠠᠢ ᠯᠢᠨ ᠫᠷᠤᠹᠧᠰᠰᠤᠷ ᠢ ᠤᠨᠴᠠᠭᠠᠶᠢᠯᠠᠨ ᠤᠷᠢᠵᠤ᠂ ᠥᠨᠳᠤᠰᠤᠨ ᠬᠠᠤᠯᠢ ᠳᠤ ᠲᠤᠰᠬᠠᠢ ᠲᠠᠶᠢᠯᠤᠮᠵᠢ ᠭᠢᠯᠭᠡᠭᠰᠠᠨ ᠪᠠᠶᠢᠨ᠎ᠠ᠂ ᠲᠠᠷᠠ ᠭᠤᠤᠯᠳᠠᠭᠤ ᠰᠢ ᠶᠢᠨ ᠫᠢᠩ ᠶᠠᠷᠤᠩᠭᠡᠢ ᠱᠥᠵᠢ ᠶᠢᠨ ᠥᠨᠳᠤᠰᠤᠨ ᠬᠠᠤᠯᠢ ᠶᠢᠨ ᠠᠷᠪᠠᠨ ᠲᠠᠰ ᠲᠠᠷᠠᠭᠠᠯᠠᠯ ᠤᠨ ᠲᠤᠬᠠᠢ ᠥᠭᠦᠯᠠᠯ᠂ ᠰᠢᠨ᠎ᠠ ᠪᠠᠷ ᠵᠠᠰᠠᠪᠤᠷᠢ ᠤᠷᠤᠭᠤᠯᠤᠭᠰᠠᠨ ᠥᠨᠳᠤᠰᠤᠨ ᠬᠠᠤᠯᠢ ᠵᠡᠷᠭᠡ ᠶᠢᠨ ᠠᠭᠤᠯᠭ᠎ᠠ ᠳᠤ ᠪᠥᠭᠦ ᠲᠠᠯ᠎ᠠ ᠪᠠᠷ ᠭᠥᠨᠵᠡᠭᠡᠢ ᠲᠠᠶᠢᠯᠪᠤᠷᠢᠯᠠᠯᠳᠠ ᠭᠢᠵᠤ ᠤᠯᠠᠨ ᠲᠠᠶᠠᠭᠠᠷ ᠤᠨ ᠥᠨᠳᠤᠰᠤᠨ ᠬᠠᠤᠯᠢ ᠶᠢᠨ ᠵᠠᠰᠠᠪᠤᠷᠢ ᠤᠷᠤᠭᠤᠯᠤᠭᠰᠠᠨ ᠲᠥᠰᠥᠯ ᠢ ᠨᠠᠩ ᠰᠠᠶᠢᠨ ᠤᠶᠢᠯᠠᠭᠠᠨ ᠰᠤᠷᠤᠯᠴᠠᠬᠤ ᠳᠤ  ᠵᠢᠯᠤᠭᠤᠳᠤᠯᠭ᠎ᠠ ᠬᠠᠩᠭᠠᠭᠰᠠᠨ ᠪᠠᠶᠢᠨ᠎ᠠ᠃      ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠮᠠᠨ ᠤ ᠤᠯᠤᠰ ᠤᠨ ᠥᠨᠳᠤᠰᠤᠨ ᠬᠠᠤᠯᠢ ᠨᠢ ᠨᠠᠮ ᠤᠨ ᠵᠤᠷᠢᠯᠳᠠ ᠪᠤᠯᠤᠨ ᠠᠷᠠᠳ ᠲᠥᠮᠡᠨ ᠤ ᠵᠤᠷᠢᠭ ᠰᠠᠨᠠᠭᠠᠨ ᠤ ᠲᠡᠭᠡᠳᠤ ᠭᠡᠮᠵᠢᠶᠠᠨ ᠤ ᠨᠢᠭᠡᠳᠤᠯ ᠢ ᠪᠠᠶᠠᠯᠠᠭᠦᠯᠵᠤ᠂ ᠢᠯᠠᠷᠭᠡᠢ ᠲᠠᠪᠠᠭᠤᠯᠢᠭ᠂ ᠪᠠᠳᠤ ᠪᠠᠭᠢ ᠰᠠᠭᠤᠷᠢ᠂ ᠭᠥᠴᠥᠷᠭᠡᠭ ᠶᠡᠭᠡ ᠠᠮᠢᠵᠢᠷᠠᠯ ᠤᠨ ᠭᠥᠴᠤᠨ ᠲᠠᠢ ᠪᠠᠶᠢᠵᠤ᠂ ᠤᠯᠤᠰ ᠤᠨ ᠡᠯ᠎ᠠ ᠵᠥᠢᠯ ᠤᠨ ᠲᠥᠷᠢᠮ ᠲᠤᠭᠳᠠᠭᠠᠯ ᠪᠤᠯᠤᠨ ᠬᠠᠤᠯᠢ ᠲᠥᠷᠢᠮ ᠬᠠᠤᠯᠢ ᠴᠠᠭᠠᠵᠠ ᠶᠢᠨ ᠥᠨᠳᠤᠰᠤᠯᠠᠯ  ᠪᠤᠯᠬᠤ ᠶᠤᠮ᠃ ᠡᠯ᠎ᠠ ᠭᠠᠵᠠᠷ ᠡᠯ᠎ᠠ ᠰᠠᠯᠠᠭ᠎ᠠ ᠮᠥᠴᠢᠷ ᠥᠨᠳᠤᠰᠤᠨ ᠬᠠᠤᠯᠢ ᠳᠤ ᠵᠠᠰᠠᠪᠤᠷᠢ ᠤᠷᠤᠭᠤᠯᠬᠤ ᠲᠥᠰᠥᠯ ᠢ ᠥᠳᠳᠤᠷ ᠲᠥᠷᠭᠡᠨ ᠰᠤᠷᠤᠯᠴᠠᠨ ᠤᠬᠠᠭᠤᠯᠵᠤ ᠲᠤᠤᠱᠯᠠᠭᠤᠯᠬᠤ ᠥᠷᠨᠢᠯᠳᠠ ᠭᠠᠷᠭᠠᠵᠤ᠂ ᠤᠭ ᠵᠤᠭᠢᠶᠠᠯ ᠢ ᠰᠤᠷᠤᠯᠴᠠᠨ᠂ ᠭᠤᠤᠯ ᠶᠤᠰᠤ ᠶᠢ ᠤᠶᠢᠯᠠᠭᠠᠵᠤ᠂ ᠥᠷᠭᠡᠨ ᠤᠯᠠᠨ ᠺᠠᠳ᠋ᠷ ᠠᠵᠢᠯᠳᠠᠳ ᠤᠨ ᠥᠨᠳᠤᠰᠤᠨ ᠬᠠᠤᠯᠢ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠳᠤ ᠴᠢᠨᠠᠷ ᠢ ᠲᠠᠰᠤᠷᠠᠯᠲᠠ ᠥᠭᠡᠢ ᠲᠡᠭᠡᠭᠰᠢᠯᠡᠭᠦᠯᠵᠤ᠂ ᠥᠨᠳᠤᠰᠤᠨ ᠬᠠᠤᠯᠢ ᠶᠢ ᠲᠠᠭᠡᠳᠤᠯᠠᠭᠦ᠂ ᠥᠨᠳᠤᠰᠤᠨ ᠬᠠᠤᠯᠢ ᠶᠢ ᠰᠤᠷᠤᠯᠴᠠᠬᠤ᠂ ᠥᠨᠳᠤᠰᠤᠨ ᠬᠠᠤᠯᠢ ᠶᠢ ᠵᠢᠷᠤᠮᠯᠠᠬᠤ᠂ ᠥᠨᠳᠤᠰᠤᠨ ᠬᠠᠤᠯᠢ ᠶᠢ ᠬᠠᠮᠠᠭᠠᠯᠠᠬᠤ᠂ ᠥᠨᠳᠤᠰᠤᠨ ᠬᠠᠤᠯᠢ ᠶᠢ ᠭᠡᠷᠡᠭᠯᠡᠭᠦ ᠤᠬᠠᠭᠤᠯᠭ᠎ᠠ ᠭᠥᠮᠤᠵᠢᠯ ᠢ ᠥᠷᠨᠢᠭᠦᠯᠵᠤ᠂ ᠨᠠᠶᠢᠭᠡᠮ ᠵᠢᠷᠤᠮ ᠤᠨ ᠬᠠᠤᠯᠢ ᠪᠠᠷ ᠵᠠᠰᠠᠬᠤ ᠤᠬᠠᠮᠰᠠᠷ ᠢ ᠪᠠᠳᠠᠷᠠᠭᠤᠯᠤᠨ᠂ ᠨᠠᠶᠢᠭᠡᠮ ᠵᠢᠷᠤᠮ ᠤᠨ ᠭᠤᠤᠯᠯᠠᠭᠴᠢ ᠥᠷᠳᠡᠭ ᠤᠨ ᠥᠵᠠᠯᠳᠠ ᠶᠢ ᠥᠢᠯᠡᠳᠤᠯᠭᠡᠵᠢᠭᠦᠯᠵᠤ᠂ ᠥᠷᠭᠡᠨ ᠤᠯᠠᠨ ᠺᠠᠳ᠋ᠷ ᠠᠵᠢᠯᠳᠠᠳ  ᠤᠨ ᠥᠨᠳᠤᠰᠤᠨ ᠬᠠᠤᠯᠢ ᠶᠢᠨ ᠤᠬᠠᠮᠰᠠᠷ ᠢ ᠲᠡᠭᠡᠭᠰᠢᠯᠡᠭᠦᠯᠤᠨ ᠪᠥᠭᠦ ᠬᠤᠰᠢᠭᠤᠨ ᠤ ᠠᠷᠳ ᠲᠥᠮᠡᠨ ᠢ ᠥᠨᠳᠤᠰᠤᠨ ᠬᠠᠤᠯᠢ ᠶᠢᠨ ᠥᠨᠠᠠᠴᠢ ᠲᠡᠭᠡᠳᠤᠯᠡᠭᠴᠢ᠂ ᠤᠬᠠᠮᠰᠠᠷ ᠲᠠᠢ ᠵᠢᠷᠤᠮᠯᠠᠭᠴᠢ ᠪᠤᠯᠭᠠᠬᠤ ᠭᠡᠷᠡᠭᠳᠠᠢ ᠭᠡᠵᠡᠢ᠃
 
ᠢᠷᠡᠯᠲᠡ᠄ ᠦᠤᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号