ᠤᠯᠤᠰ ᠲᠦᠷᠦ ᠶᠢᠨ ᠵᠦᠪᠯᠡᠯᠭᠡᠨ ᠤ ᠦᠤᠰᠢᠨ ᠬᠤᠰᠢᠭᠤᠨ ᠤ ᠠᠷᠪᠠᠨ ᠲᠦᠷᠪᠡᠳᠤᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠬᠤᠷᠠᠯᠳᠤᠭᠠᠨ ᠠᠮᠵᠢᠯᠳᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2018-04-16
      ᠤᠯᠤᠰ ᠲᠦᠷᠤ ᠶᠢᠨ ᠵᠦᠪᠯᠡᠯᠭᠡᠨ ᠤ ᠦᠤᠰᠢᠨ ᠬᠤᠰᠢᠭᠤᠨ ᠤ ᠠᠷᠪᠠᠨ ᠲᠦᠷᠪᠠᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠬᠤᠷᠠᠯᠳᠤᠭᠠᠨ 3 ᠰᠠᠷ᠎ᠠ ᠶᠢᠨ 21 ᠤ ᠡᠳᠤᠷ ᠠᠴᠠ 22 ᠤᠨ ᠡᠳᠤᠷ ᠪᠤᠯᠳᠠᠯ᠎ᠠ ᠬᠤᠰᠢᠭᠤ ᠵᠠᠰᠠᠭ ᠵᠠᠬᠢᠷᠭᠠᠨ ᠤ ᠲᠦᠪ ᠲᠤ ᠠᠮᠵᠢᠯᠳᠠ ᠲᠠᠢ ᠬᠤᠷᠠᠯᠳᠤᠪᠠ᠃ ᠲᠤᠰ ᠤᠳᠠᠭᠠᠨ ᠤ ᠬᠤᠷᠠᠯ ᠳᠤ ᠤᠷᠤᠯᠴᠠᠪᠠᠰᠤ ᠵᠤᠬᠢᠬᠤ ᠭᠡᠰᠢᠭᠦᠨ 124 ᠨᠡᠷ᠎ᠡ ᠪᠠᠶᠢᠵᠤ᠂ 114 ᠭᠡᠰᠢᠭᠦᠨ ᠬᠤᠷᠠᠯ ᠳᠤ ᠤᠷᠤᠯᠴᠠᠵᠤ᠂ ᠬᠠᠤᠯᠢ ᠳᠤ ᠲᠤᠭᠳᠠᠭᠠᠭᠰᠠᠨ ᠬᠦᠮᠦᠨ ᠤ ᠲᠤᠭᠠᠨ ᠳᠤ ᠨᠡᠶᠢᠴᠡᠪᠠ᠃      ᠵᠢᠷᠭᠠᠯᠳᠤ᠂ ᠴᠢᠶᠤᠤ ᠶᠦᠨ ᠯᠢ᠂ ᠪᠤᠶᠠᠨᠮᠠᠨᠳᠤᠬᠤ᠂ ᠬᠤᠤ ᠸᠧᠢ ᠵᠡᠷᠭᠡ ᠡᠯ᠎ᠠ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠰᠠᠭᠠᠳᠠᠵᠤ᠂ ᠤᠯᠤᠰ ᠲᠦᠷᠦ ᠶᠢᠨ ᠵᠦᠪᠯᠡᠯᠭᠡᠨ ᠤ ᠦᠤᠰᠢᠨ ᠬᠤᠰᠢᠭᠤᠨ ᠤ ᠬᠤᠷᠢᠶ᠎ᠠ ᠶᠢᠨ ᠠᠷᠪᠠᠨ ᠲᠦᠷᠪᠠᠳᠤᠭᠡᠷ ᠬᠤᠭᠤᠴᠠᠭᠠᠨ ᠤ ᠬᠤᠷᠢᠶ᠎ᠠ ᠶᠢᠨ ᠪᠦᠬᠦ ᠭᠡᠰᠢᠭᠦᠨ᠂ ᠬᠤᠰᠢᠭᠤ ᠤᠯᠤᠰ ᠲᠦᠷᠤ ᠶᠢᠨ ᠵᠦᠪᠯᠡᠯᠭᠡᠨ ᠤ ᠪᠤᠰᠤᠳ ᠰᠢᠶᠠᠨ ᠤ ᠲᠡᠰ ᠤᠨ ᠤᠳᠤᠷᠢᠳᠤᠯᠭ᠎ᠠ ᠵᠢᠴᠢ ᠠᠵᠢᠯ ᠠᠴᠠ ᠪᠠᠨ ᠠᠮᠠᠷᠠᠭᠰᠠᠨ ᠭᠡᠰᠡᠭ ᠠᠬᠠᠮᠠᠳ ᠺᠠᠳ᠋ᠷ᠂ ᠦᠤᠰᠢᠨ ᠬᠤᠰᠢᠭᠤᠨ ᠳᠤ ᠰᠠᠭᠤᠭ᠎ᠠ ᠤᠷᠤᠨ ᠤ ᠤᠯᠤᠰ ᠲᠦᠷᠤ ᠶᠢᠨ ᠵᠦᠪᠯᠡᠯᠭᠡᠨ ᠤ ᠭᠡᠰᠢᠭᠦᠨ᠂ ᠬᠤᠳᠠ ᠶᠢᠨ ᠤᠯᠤᠰ ᠲᠦᠷᠤ ᠶᠢᠨ ᠵᠦᠪᠯᠡᠯᠭᠡᠨ ᠤ ᠭᠡᠰᠢᠭᠦᠨ ᠪᠠ ᠡᠯ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ︵ᠬᠦᠷᠢᠶᠡᠯᠡᠩ ᠲᠤᠭᠤᠷᠢᠭ︶ ᠤ ᠬᠠᠮᠢᠶᠠᠷᠤᠯᠳᠠ ᠶᠢᠨ ᠵᠦᠪᠯᠡᠯ᠂ ᠡᠯ᠎ᠡ ᠰᠤᠮᠤ ᠪᠠᠯᠭᠠᠰᠤ᠂ ᠬᠤᠰᠢᠭᠤ ᠡᠯ᠎ᠡ ᠪᠠᠶᠢᠭᠤᠯᠭ᠎ᠠ ᠨᠢᠭᠡᠴᠨ᠂ ᠡᠯ᠎ᠡ ᠠᠷᠠᠳ ᠤᠨ ᠪᠦᠯᠬᠦᠮ᠂ ᠡᠯ᠎ᠡ ᠰᠢᠭᠤᠳ ᠬᠠᠷᠢᠶ᠎ᠠ ᠠᠯᠪᠠᠨ ᠪᠠᠶᠢᠭᠤᠯᠭ᠎ᠠ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠪᠠ ᠪᠤᠰᠤᠳ ᠬᠤᠯᠪᠤᠭᠳᠠᠯ ᠪᠦᠬᠦᠢ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠳᠠᠨ᠂ ᠭᠡᠰᠢᠭᠦᠨ ᠪᠤᠰᠤ ᠤᠯᠤᠰ ᠲᠦᠷᠤ ᠶᠢᠨ ᠵᠦᠪᠯᠡᠯᠭᠡᠨ ᠤ ᠠᠯᠪᠠᠨ ᠪᠠᠶᠢᠭᠤᠯᠭ᠎ᠠ ᠶᠢᠨ ᠡᠯ᠎ᠡ ᠵᠦᠪᠯᠡᠯ ᠤᠨ ᠡᠷᠬᠢᠯᠡᠭᠴᠢ᠂ ᠲᠡᠳ᠋ ᠡᠷᠬᠢᠯᠡᠭᠴᠢ ᠵᠢᠴᠢ ᠡᠯ᠎ᠡ ᠰᠤᠮᠤ ᠪᠠᠯᠭᠠᠰᠤᠨ ᠤ ᠤᠯᠤᠰ ᠲᠦᠷᠤ ᠶᠢᠨ ᠵᠦᠪᠯᠡᠯᠭᠡᠨ ᠤ ᠠᠵᠢᠯ ᠢ ᠬᠠᠷᠢᠯᠴᠠᠬᠤ ᠬᠠᠷᠢᠭᠤᠴᠠᠯᠭᠠᠳᠠᠨ ᠬᠤᠷᠠᠯ ᠳᠤ ᠰᠤᠯᠨ ᠤᠷᠤᠯᠴᠠᠪᠠ᠃ ᠬᠤᠷᠠᠯ ᠢ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠯᠸᠢ • ᠬᠠᠰ ᠡᠷᠬᠢᠯᠡᠪᠡ᠃      ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠳᠤ ᠬᠤᠷᠠᠯ ᠲᠡᠭᠡᠷ᠎ᠡ ᠶᠠᠷᠢᠶ᠎ᠠ ᠲᠠᠯᠪᠢᠵᠤ ᠵᠢᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠢᠭᠡᠳᠦᠭᠡᠷ ᠤᠳᠠᠭᠠᠨ ᠤ ᠬᠤᠷᠠᠯ ᠪᠤᠯ ᠠᠷᠠᠳᠴᠢᠯᠠᠯ ᠪᠦᠯᠬᠦᠮᠳᠡᠯ ᠪᠠ ᠦᠨᠡᠨ ᠠᠴᠠ ᠵᠦᠪ ᠢ ᠡᠷᠢᠭᠰᠡᠨ ᠣᠷᠮᠠᠰᠢᠭᠤᠯᠣᠨ ᠣᠷᠣᠭᠰᠢᠯᠠᠭᠤᠯᠬᠤ ᠶᠡᠭᠡ ᠬᠤᠷᠠᠯ ᠪᠣᠯᠣᠨ᠎ᠠ᠃ ᠬᠤᠰᠢᠭᠤ ᠣᠯᠣᠰ ᠳᠦᠷᠦ ᠶᠢᠨ ᠵᠦᠪᠯᠡᠯᠬᠡᠨ ᠪᠣᠯᠣᠨ ᠦᠷᠭᠡᠨ ᠣᠯᠠᠨ ᠣᠯᠣᠰ ᠳᠦᠷᠦ ᠶᠢᠨ ᠵᠦᠪᠯᠡᠯᠭᠡᠨ ᠤ ᠭᠡᠰᠢᠭᠦᠨ ᠪᠦᠬᠦ ᠣᠯᠣᠰ ᠤᠨ ᠣᠯᠣᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠣᠭᠠᠷ ᠬᠤᠭᠤᠴᠠᠭᠠᠨ ᠤ ᠨᠢᠬᠡᠳᠦᠬᠡᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠪᠠ ᠰᠢᠨ᠎ᠡ ᠪᠠᠷ ᠵᠠᠰᠠᠪᠣᠷᠢ ᠣᠷᠣᠭᠤᠯᠣᠭᠰᠠᠨ ᠣᠯᠣᠰ ᠳᠦᠷᠦ ᠶᠢᠨ ᠵᠦᠪᠯᠡᠯᠭᠡᠨ ᠤ ᠳᠦᠷᠢᠮ ᠳᠣᠭᠳᠠᠭᠠᠯ ᠢ ᠨᠠᠷᠢᠨ ᠬᠢᠨᠠᠮᠠᠭᠠᠢ ᠰᠣᠷᠣᠯᠴᠠᠨ ᠣᠬᠠᠭᠤᠯᠵᠣ ᠳᠣᠣᠱᠯᠠᠭᠤᠯᠣᠨ᠂ ᠣᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠣᠯᠣᠰ ᠳᠦᠷᠦ ᠶᠢᠨ ᠵᠦᠪᠯᠡᠯᠭᠡᠨ ᠤ ᠪᠦᠬᠦ ᠠᠵᠢᠯ ᠤᠨ ᠶᠡᠷᠦᠩᠬᠡᠢ ᠬᠦᠳᠦᠯᠪᠦᠷᠢ ᠪᠠᠨ ᠪᠣᠯᠭᠠᠵᠣ᠂ ᠣᠬᠠᠮᠰᠠᠷ ᠠᠴᠠ ᠪᠠᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠢ ᠪᠠᠷᠢᠮᠳᠠᠯᠠᠨ ᠬᠦᠭᠵᠢᠬᠦᠯᠬᠦ ᠶᠢ ᠬᠠᠮᠲᠣ ᠶᠢᠨ ᠦᠵᠡᠯ ᠰᠠᠨᠠᠭ᠎ᠠ ᠣᠯᠣᠰ ᠳᠦᠷᠦ ᠶᠢᠨ ᠰᠠᠭᠤᠷᠢ ᠶᠢ ᠪᠠᠳᠣᠳᠬᠠᠬᠤ ᠭᠤᠣᠯ ᠳᠡᠩᠬᠡᠯᠢᠭ ᠢᠶᠠᠨ ᠪᠣᠯᠭᠠᠵᠣ᠂ ᠣᠬᠠᠮᠰᠠᠷ ᠠᠴᠠ ᠪᠠᠨ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠡᠯᠲᠡ ᠶᠢ ᠣᠯᠬᠤ᠂ ᠣᠳᠣᠬᠢᠴᠢᠯᠠᠭᠰᠠᠨ ᠦᠦᠰᠢᠨ ᠬᠤᠰᠢᠭᠤ ᠶᠢ ᠪᠦᠳᠦᠬᠡᠨ ᠪᠠᠶᠢᠭᠤᠯᠬᠤ ᠶᠢ ᠡᠬᠢᠯᠡᠬᠦᠯᠬᠦ ᠶᠢ ᠠᠵᠢᠯ ᠤᠨ ᠢᠶᠠᠨ ᠭᠤᠣᠯ ᠱᠣᠭᠤᠮ ᠪᠣᠯᠭᠠᠵᠣ᠂ ᠤᠯᠤᠰ ᠲᠦᠷᠦ ᠶᠢᠨ ᠵᠦᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠲᠦᠷᠦ ᠶᠢᠨ ᠶᠠᠪᠤᠳᠠᠯ ᠳᠤ ᠤᠷᠤᠯᠴᠠᠨ ᠵᠠᠰᠠᠭ ᠤᠨ ᠶᠠᠪᠤᠳᠠᠯ ᠢ ᠵᠦᠪᠯᠡᠬᠦ ᠡᠬᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠬᠦᠢᠴᠡᠳᠬᠡᠨ᠂ ᠰᠢᠨ᠎ᠡ ᠴᠠᠭ ᠦᠶ᠎ᠡ ᠶᠢᠨ ᠣᠯᠣᠰ ᠳᠦᠷᠦ ᠶᠢᠨ ᠵᠦᠪᠯᠡᠯᠬᠡᠨ ᠤ ᠠᠵᠢᠯ ᠦᠢᠯᠡᠰ ᠲᠤ ᠰᠢᠨ᠎ᠡ ᠬᠠᠭᠤᠳᠠᠰᠣ ᠶᠢ ᠪᠢᠴᠢᠭᠯᠡᠬᠦ ᠬᠡᠷᠡᠭᠲᠡᠢ ᠬᠡᠪᠡ᠃      2018 ᠣᠨ ᠤ ᠣᠯᠣᠰ ᠳᠦᠷᠦ ᠶᠢᠨ ᠵᠦᠪᠯᠡᠯᠭᠡᠨ ᠤ ᠠᠵᠢᠯ ᠢ ᠰᠠᠶᠢᠳᠣᠷ ᠬᠢᠬᠦ ᠳᠣᠬᠠᠢ ᠵᠢᠷᠭᠠᠯᠲᠣ ᠴᠢᠬᠤᠯᠠᠴᠢᠯᠠᠬᠤ ᠳᠠᠭᠠᠨ᠂ ᠠᠷᠠᠳ ᠤᠨ ᠣᠯᠣᠰ ᠳᠦᠷᠦ ᠶᠢᠨ ᠵᠦᠪᠯᠡᠯᠬᠡᠨ ᠪᠣᠯ ᠣᠯᠣᠰ ᠳᠦᠷᠦ ᠶᠢᠨ ᠵᠣᠬᠢᠶᠠᠨ ᠪᠠᠶᠢᠭᠤᠯᠣᠯᠲᠠ ᠪᠣᠯᠣᠨ᠎ᠠ᠂ ᠡᠷᠬᠡᠪᠰᠢ ᠳᠤᠭ ᠳᠡᠮᠳᠡᠭ ᠳᠣᠳᠣᠷᠬᠠᠢ ᠪᠠᠶᠢᠵᠣ ᠣᠯᠣᠰ ᠳᠦᠷᠦ ᠶᠢ ᠶᠠᠷᠢᠬᠤ ᠬᠡᠷᠡᠭᠲᠡᠢ᠃ ᠣᠯᠣᠰ ᠳᠦᠷᠦ ᠶᠢᠨ ᠵᠣᠭᠰᠣᠯᠳᠠ᠂ ᠣᠯᠣᠰ ᠳᠦᠷᠦ ᠶᠢᠨ ᠴᠢᠭᠯᠡᠯ᠂ ᠣᠯᠣᠰ ᠳᠦᠷᠦ ᠶᠢᠨ ᠵᠠᠷᠴᠢᠮ᠂ ᠣᠯᠣᠰ ᠳᠦᠷᠦ ᠶᠢᠨ ᠵᠠᠮ ᠳᠡᠭᠡᠷ᠎ᠡ ᠰᠢ ᠶᠢᠨ ᠫᠢᠩ ᠨᠦᠬᠦᠷ ᠢᠶᠠᠷ ᠭᠤᠤᠯ ᠪᠣᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠲᠦ ᠬᠡᠮᠵᠢᠶ᠎ᠡ ᠪᠠᠷ ᠨᠢᠭᠡᠳᠴᠦ᠂ ᠨᠠᠮ ᠤᠨ ᠲᠦᠷᠦ ᠶᠢᠨ ᠪᠣᠳᠣᠯᠭ᠎ᠠ ᠶᠢᠨ ᠪᠠᠶᠢᠷᠢᠯᠠᠭᠤᠯᠣᠯᠲᠠ ᠶᠢᠨ ᠳᠣᠭᠤᠷᠢᠨ ᠳᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠬᠡᠷᠡᠭᠲᠡᠢ᠃ ᠠᠷᠠᠳ ᠤᠨ ᠣᠯᠣᠰ ᠳᠦᠷᠦ ᠶᠢᠨ ᠵᠦᠪᠯᠡᠯᠬᠡᠨ ᠪᠣᠯ ᠠᠷᠠᠳ ᠲᠦᠮᠡᠨ ᠤ ᠠᠷᠠᠳᠴᠢᠯᠠᠯ ᠤᠨ ᠴᠢᠬᠤᠯᠠ ᠲᠦᠷᠢᠮ ᠳᠣᠭᠳᠠᠭᠠᠯ ᠪᠣᠯᠣᠨ᠎ᠠ᠂ ᠡᠷᠭᠡᠪᠰᠢ ᠠᠷᠠᠳ ᠲᠦᠮᠡᠨ ᠢᠶᠠᠷ ᠭᠤᠣᠯ ᠪᠣᠯᠭᠠᠵᠣ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠬᠡᠷᠡᠭᠲᠡᠢ᠃ ᠬᠤᠰᠢᠭᠤ ᠣᠯᠣᠰ ᠳᠦᠷᠦ ᠶᠢᠨ ᠵᠦᠪᠯᠡᠯᠬᠡᠨ ᠪᠣᠯᠣᠨ ᠣᠯᠣᠰ ᠳᠦᠷᠦ ᠶᠢᠨ ᠵᠦᠪᠯᠡᠯᠬᠡᠨ ᠤ ᠭᠡᠰᠢᠭᠦᠳ ᠠᠷᠠᠳ ᠲᠦᠮᠡᠨ ᠢᠶᠠᠷ ᠭᠤᠣᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠳᠣ ᠪᠣᠢ ᠪᠣᠯᠭᠠᠵᠣ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠪᠣᠯᠣᠨ ᠭᠤᠣᠯ ᠡᠬᠦᠷᠭᠡ ᠶᠢᠨ ᠳᠣᠭᠤᠷᠢᠨ ᠳᠤ ᠦᠵᠡᠯ ᠰᠠᠨᠠᠭ᠎ᠠ ᠪᠠᠨ ᠨᠢᠬᠡᠳᠭᠡᠵᠦ᠂ ᠣᠶᠣᠨ ᠣᠬᠠᠭᠠᠨ ᠢᠶᠠᠨ ᠡᠷᠬᠦᠵᠦ ᠂ ᠬᠦᠴᠦᠨ ᠢᠶᠠᠨ ᠬᠠᠮᠳᠣᠳᠬᠠᠨ᠂ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷᠯᠢᠭ ᠬᠦᠭᠵᠢᠯᠲᠡ ᠶᠢᠨ ᠦᠢᠯᠡᠳᠦᠯᠬᠡ ᠳᠤ ᠨᠡᠩ ᠬᠦᠳᠡᠯᠦᠩᠬᠦᠢ ᠪᠠᠷ ᠣᠷᠣᠯᠴᠠᠬᠤ ᠬᠡᠷᠡᠭᠲᠡᠢ᠃ ᠠᠷᠠᠳ ᠤᠨ ᠤᠯᠤᠰ ᠲᠦᠷᠤ ᠶᠢᠨ ᠵᠦᠪᠯᠡᠯᠬᠡᠨ ᠪᠣᠯ ᠲᠤᠰᠬᠠᠢ ᠵᠦᠪᠳᠡᠯᠴᠡᠭᠡ ᠬᠢᠬᠦ ᠪᠠᠶᠢᠭᠤᠯᠣᠮᠵᠢ ᠪᠣᠯᠣᠨ᠎ᠠ᠂ ᠡᠷᠬᠡᠪᠰᠢ ᠦᠨᠡᠨ ᠠᠴᠠ ᠵᠦᠪ ᠢ ᠡᠷᠢᠵᠦ᠂ ᠪᠣᠳᠠᠳᠠᠢ ᠠᠵᠢᠯ ᠬᠢᠵᠦ᠂ ᠵᠦᠪᠳᠡᠯᠴᠡᠬᠦ ᠴᠢᠳᠠᠮᠵᠢ ᠪᠠᠨ ᠳᠡᠭᠡᠭᠰᠢᠯᠡᠬᠦᠯᠬᠦ ᠬᠡᠷᠡᠭᠲᠡᠢ᠃ ᠬᠤᠰᠢᠭᠤ ᠣᠯᠣᠰ ᠳᠦᠷᠦ ᠶᠢᠨ ᠵᠦᠪᠯᠡᠯᠬᠡᠨ ᠨᠢ ᠠᠯᠢᠪᠠ ᠠᠵᠢᠯ ᠳᠤ ᠦᠨᠳᠦᠰᠦᠨ ᠬᠠᠣᠯᠢ ᠪᠠᠷ ᠦᠨᠳᠦᠰᠦᠨ ᠵᠠᠷᠴᠢᠮ ᠪᠣᠯᠭᠠᠬᠤ ᠪᠠᠨ ᠪᠠᠷᠢᠮᠳᠠᠯᠠᠵᠣ᠂ ︽ᠨᠠᠮ ᠤᠨ ᠬᠤᠷᠢᠶ᠎ᠠ ᠰᠡᠳᠤᠪ ᠲᠤᠭᠳᠠᠭᠠᠨ᠂ ᠤᠯᠤᠰ ᠲᠦᠷᠤ ᠶᠢᠨ ᠵᠦᠪᠯᠡᠯᠭᠡᠨ ᠪᠠᠶᠢᠴᠠᠭᠠᠨ ᠰᠤᠳᠤᠯᠤᠯᠳᠠ ᠬᠢᠵᠤ᠂ ᠵᠠᠰᠠᠭ ᠤᠨ ᠤᠷᠳᠤᠨ ᠬᠦᠯᠢᠶᠡᠨ ᠠᠪᠴᠤ᠂ ᠰᠠᠯᠠᠭ᠎ᠠ ᠮᠦᠴᠢᠷ ᠠᠴᠠ ᠭᠡᠷᠡᠭᠵᠢᠭᠦᠯᠬᠦ︾ ᠠᠵᠢᠯ ᠤᠨ ᠲᠤᠭᠳᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠬᠦᠯᠵᠤ᠂ ᠵᠦᠪᠯᠡᠬᠦ ᠠᠷᠠᠳᠴᠢᠯᠠᠯ ᠤᠨ ᠦᠷᠭᠡᠨ ᠳᠡᠯᠬᠡᠷ ᠣᠯᠠᠨ ᠳᠠᠪᠬᠤᠷᠭᠠᠲᠣ ᠲᠦᠷᠢᠮᠵᠢᠭᠰᠡᠨ ᠬᠦᠭᠵᠢᠯᠲᠡ ᠶᠢ ᠠᠬᠢᠭᠤᠯᠬᠤ ᠬᠡᠷᠡᠭᠲᠡᠢ᠃ ᠠᠵᠢᠯᠯᠠᠬᠤ ᠠᠷᠭ᠎ᠠ ᠪᠠᠷᠢᠯ ᠢᠶᠠᠨ ᠰᠢᠨᠡᠳᠬᠡᠵᠦ᠂ ᠠᠵᠢᠯᠯᠠᠬᠤ ᠪᠠᠷᠢᠮᠵᠢᠶ᠎ᠠ ᠪᠠᠨ ᠦᠨᠳᠦᠷᠵᠢᠬᠦᠯᠬᠦ᠂ ᠦᠦᠰᠢᠨ ᠤ ᠣᠨᠴᠠᠯᠢᠭ ᠲᠠᠢ ᠣᠯᠣᠰ ᠳᠦᠷᠦ ᠶᠢᠨ ᠵᠦᠪᠯᠡᠯᠬᠡᠨ ᠤ ᠠᠵᠢᠯᠯᠠᠬᠤ ᠰᠢᠨ᠎ᠡ ᠳᠣᠷᠰᠢᠯᠭ᠎ᠠ᠂ ᠰᠢᠨ᠎ᠡ ᠵᠠᠭᠪᠣᠷ ᠢ ᠡᠬᠦᠳᠴᠦ ᠂ ᠮᠠᠨ ᠤ ᠬᠤᠰᠢᠭᠤᠨ ᠤ ᠣᠯᠣᠰ ᠳᠦᠷᠦ ᠶᠢᠨ ᠵᠦᠪᠯᠡᠯᠬᠡᠨ ᠤ ᠠᠵᠢᠯ ᠤᠨ ᠳᠡᠷᠢᠬᠦᠨ ᠪᠠᠶᠢᠷᠢᠨ ᠳᠤ ᠣᠷᠣᠬᠤ ᠶᠢ ᠲᠦᠯᠬᠢᠨ ᠠᠬᠢᠭᠤᠯᠬᠤ ᠬᠡᠷᠡᠭᠲᠡᠢ ᠬᠡᠪᠡ᠃      ᠬᠤᠰᠢᠭᠤ ᠤᠯᠤᠰ ᠲᠦᠷᠤ ᠶᠢᠨ ᠵᠦᠪᠯᠡᠯᠭᠡᠨ ᠤ ᠲᠡᠷᠢᠭᠦᠯᠡᠭᠴᠢ ᠬᠤᠣ ᠸᠧᠢ ᠤᠯᠤᠰ ᠲᠦᠷᠦ ᠶᠢᠨ ᠵᠦᠪᠯᠡᠯᠭᠡᠨ ᠤ ᠦᠦᠰᠢᠨ ᠬᠤᠰᠢᠭᠤᠨ ᠤ ᠠᠷᠪᠠᠨ ᠲᠦᠷᠪᠡᠳᠤᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠳᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠪᠡ᠃ ᠬᠤᠣ ᠸᠧᠢ ᠵᠢᠭᠠᠬᠤ ᠳᠠᠭᠠᠨ᠂ 2017 ᠤᠨ ᠳᠤ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠪᠠ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠵᠢᠯᠤᠭᠤᠳᠤᠯᠭ᠎ᠠ ᠲᠤᠤᠷ᠎ᠠ ᠠᠷᠪᠠᠨ ᠲᠦᠷᠪᠡᠳᠦᠭᠡᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠨᠢ ︽ᠲᠡᠦᠬᠡ︾ ᠶᠢᠨ ᠬᠦᠴᠦᠨ ᠵᠠᠯᠭᠠᠯᠳᠠ ᠶᠢ ᠬᠦᠯᠢᠶᠡᠨ ᠠᠪᠴᠤ᠂ ᠰᠢᠨ᠎ᠡ ᠴᠠᠭ ᠦᠶ᠎ᠡ ᠶᠢᠨ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠠᠵᠢᠯ ᠦᠢᠯᠡᠰ ᠤᠨ ᠰᠢᠨ᠎ᠡ ᠪᠠᠶᠢᠳᠠᠯ ᠢ ᠪᠤᠢ ᠪᠤᠯᠭᠠᠬᠤ ᠡᠬᠦᠷᠭᠡ ᠬᠠᠷᠢᠭᠤᠴᠠᠯᠭ᠎ᠠ ᠶᠢ ᠡᠬᠦᠷᠬᠡᠯᠡᠭᠰᠡᠨ ᠪᠠᠶᠢᠨ᠎ᠠ᠃ ᠬᠡᠰᠢᠬᠦᠳ ᠠᠴᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠰᠤᠳᠤ ᠮᠡᠷᠭᠡᠨ ᠠᠷᠭ᠎ᠠ ᠪᠤᠳᠤᠯᠭ᠎ᠠ᠂ ᠪᠤᠳᠠᠳᠠᠢ ᠶᠢ ᠡᠷᠬᠢᠮᠯᠡᠭᠰᠡᠨ ᠰᠠᠨᠠᠯ ᠰᠠᠨᠠᠭᠤᠯᠭ᠎ᠠ ᠶᠢ ᠲᠡᠪᠰᠢᠬᠦᠯᠦᠨ ᠂ ᠤᠯᠤᠰ ᠲᠦᠷᠦ ᠶᠢᠨ ᠵᠦᠪᠯᠡᠯᠭᠡᠨ ᠤ ᠡᠨᠡᠬᠦ ᠠᠷᠠᠳ ᠤᠨ ᠠᠷᠠᠳᠴᠢᠯᠠᠯ ᠤᠨ ᠴᠢᠬᠤᠯᠠ ᠪᠡᠶᠡᠯᠡᠯ ᠤᠨ ᠬᠡᠯᠪᠡᠷᠢ ᠶᠢᠨ ᠠᠮᠢᠯᠠᠯ ᠤᠨ ᠬᠦᠴᠦᠨ ᠪᠠ ᠠᠮᠢᠵᠢᠷᠠᠯ ᠤᠨ ᠬᠦᠴᠦᠨ ᠢ ᠢᠯᠡᠷᠡᠬᠦᠯᠵᠤ᠂ ᠠᠷᠪᠠᠨ ᠲᠦᠷᠪᠡᠳᠦᠭᠡᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠰᠠᠶᠢᠨ ᠡᠬᠢᠯᠡᠯᠳᠡ ᠶᠢ ᠪᠤᠢ ᠪᠤᠯᠭᠠᠬᠤ ᠳᠤ ᠪᠠᠳᠤ ᠰᠠᠭᠤᠷᠢ ᠶᠢ ᠲᠠᠯᠪᠢᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠲᠤᠭᠳᠠᠭᠤᠨ ᠪᠦᠭᠡᠳ ᠡᠷᠡᠬᠦᠯ ᠬᠦᠭᠵᠢᠯᠳᠡ ᠳᠤ ᠭᠠᠷᠭᠠᠪᠠᠰᠤ ᠵᠤᠬᠢᠬᠤ ᠬᠤᠪᠢ ᠨᠡᠮᠡᠷᠢ ᠪᠠᠨ ᠦᠵᠡᠬᠦᠯᠵᠠᠢ ᠭᠡᠪᠡ᠃      ᠬᠤᠤ ᠸᠧᠢ ᠵᠢᠭᠠᠬᠤ ᠳᠠᠭᠠᠨ᠂ 2018 ᠤᠨ ᠤ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠶᠡᠷᠦᠩᠭᠡᠢ ᠬᠦᠳᠦᠯᠪᠦᠷᠢ ᠶᠢ ᠡᠵᠡᠮᠳᠡᠬᠦᠯᠵᠦ᠂ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ᠂ ᠵᠢᠷᠭᠤᠳᠤᠭᠠᠷ ᠤᠳᠠᠭᠠᠨ ᠤ ᠬᠤᠷᠠᠯᠳᠤᠭᠠᠨ ᠠᠴᠠ ᠲᠤᠭᠳᠠᠭᠠᠭᠰᠠᠨ ᠬᠠᠷᠠᠯᠳᠠ ᠡᠬᠦᠷᠭᠡ ᠲᠠᠢ ᠨᠢᠭᠳᠠ ᠤᠶᠠᠯᠳᠤᠭᠤᠯᠤᠨ᠂ ᠪᠦᠯᠬᠦᠮᠳᠡᠯ᠂ ᠠᠷᠠᠳᠴᠢᠯᠠᠯ ᠬᠤᠶᠠᠷ ᠶᠡᠭᠡ ᠰᠡᠳᠦᠪ ᠢ ᠪᠠᠳᠤ ᠡᠵᠡᠮᠰᠢᠵᠤ᠂ ᠰᠢᠨ᠎ᠡ ᠴᠠᠭ ᠦᠶ᠎ᠡ ᠲᠠᠢ ᠵᠡᠷᠭᠡᠴᠡᠨ᠂ ᠰᠢᠨ᠎ᠡ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠰᠠᠨᠠᠯ ᠢ ᠦᠷᠭᠡᠨ ᠢᠶᠠᠷ ᠲᠦᠪᠯᠡᠷᠡᠬᠦᠯᠦᠨ ᠬᠦᠭᠵᠢᠯᠳᠡ ᠳᠤ ᠬᠦᠴᠦᠨ ᠢᠶᠠᠨ ᠡᠷᠬᠦᠵᠤ᠂ ᠰᠡᠳᠬᠢᠯ ᠢᠶᠠᠨ ᠲᠦᠪᠯᠡᠷᠡᠬᠦᠯᠦᠨ᠂ ᠡᠬᠦᠷᠭᠡ ᠲᠤᠰᠢᠶᠠᠯ ᠢᠶᠠᠨ ᠬᠦᠢᠴᠡᠳᠬᠡᠵᠤ᠂ ᠠᠷᠠᠳ ᠤᠨ ᠠᠮᠢᠳᠤᠷᠠᠯ ᠢ ᠬᠠᠷᠠᠭᠠᠯᠵᠠᠨ᠂ ᠡᠶ᠎ᠡ ᠵᠤᠬᠢᠴᠠᠯ ᠢ ᠠᠬᠢᠭᠤᠯᠵᠤ᠂ ᠦᠵᠡᠯ ᠰᠠᠨᠠᠭ᠎ᠠ ᠪᠠᠷ ᠵᠠᠮᠴᠢᠯᠠᠭᠤᠯᠤᠨ᠂ ᠬᠠᠷᠢᠴᠠᠭ᠎ᠠ ᠶᠢ ᠵᠤᠬᠢᠴᠠᠭᠤᠯᠵᠤ᠂ ᠬᠦᠴᠦᠨ ᠴᠢᠳᠠᠯ ᠢᠶᠠᠨ ᠨᠢᠭᠳᠠᠷᠠᠭᠤᠯᠤᠨ᠂ ᠠᠷᠭ᠎ᠠ ᠪᠤᠳᠤᠯᠭ᠎ᠠ ᠲᠡᠪᠰᠢᠬᠦᠯᠵᠤ᠂ ᠶᠡᠭᠡ ᠲᠠᠯ᠎ᠠ ᠳᠤ ᠦᠢᠯᠡᠴᠢᠯᠡᠨ᠂ ᠤᠯᠤᠰ ᠲᠦᠷᠦ ᠶᠢᠨ ᠵᠦᠪᠯᠡᠯᠭᠡᠨ ᠤ ᠠᠵᠢᠯ ᠦᠢᠯᠡᠰ ᠢ ᠵᠠᠯᠭᠠᠮᠵᠢᠯᠠᠯ ᠲᠤᠮᠳᠠ ᠬᠦᠭᠵᠢᠬᠦᠯᠬᠦ᠂ ᠬᠦᠭᠵᠢᠯᠳᠡ ᠲᠤᠮᠳᠠ ᠰᠢᠨᠡᠴᠢᠯᠡᠬᠦ ᠶᠢ ᠠᠬᠢᠭᠤᠯᠤᠨ᠂ ᠰᠢᠨ᠎ᠡ ᠴᠠᠭ ᠦᠶ᠎ᠡ ᠶᠢᠨ ᠪᠦᠬᠦ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠵᠢᠯ ᠦᠢᠯᠡᠰ ᠤᠨ ᠬᠦᠭᠵᠢᠯᠳᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠨᠡᠭᠡᠭᠡᠬᠦ ᠶᠠᠪᠤᠳᠠᠯ ᠪᠤᠯᠤᠨ᠎ᠠ ᠬᠡᠪᠡ᠃      ᠬᠤᠶᠢᠰᠢᠳᠠ ᠶᠢᠨ ᠣᠯᠣᠰ ᠳᠦᠷᠦ ᠶᠢᠨ ᠵᠦᠪᠯᠡᠯᠬᠡᠨ ᠤ ᠠᠵᠢᠯ ᠤᠨ ᠳᠣᠬᠠᠢ ᠬᠤᠣ ᠸᠧᠢ ᠱᠠᠭᠠᠷᠳᠠᠬᠤ ᠳᠤ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠶᠡᠷᠦᠩᠭᠡᠢ ᠬᠦᠳᠦᠯᠪᠦᠷᠢ ᠶᠢ ᠡᠵᠡᠮᠳᠡᠬᠦᠯᠥᠨ᠂ ᠴᠢᠭᠯᠡᠯ ᠢ ᠪᠠᠷᠢᠮᠳᠠᠯᠠᠵᠦ ᠲᠤᠭᠳᠠᠴᠠ ᠪᠠᠨ ᠪᠠᠳᠤᠳᠬᠠᠬᠤ ᠭᠡᠷᠡᠭᠳᠡᠢ᠃ ᠠᠷᠠᠳ ᠲᠦᠮᠡᠨ ᠢᠶᠠᠷ ᠭᠤᠤᠯ ᠪᠤᠯᠭᠠᠬᠤ ᠶᠢ ᠡᠬᠦᠷᠢᠳᠡ ᠤᠯᠤᠰ ᠲᠦᠷᠦ ᠶᠢᠨ ᠵᠦᠪᠯᠡᠯᠭᠡᠨ ᠤ ᠲᠤᠰᠢᠶᠠᠯ ᠢᠶᠠᠨ ᠬᠦᠢᠴᠡᠳᠬᠡᠬᠦ ᠭᠤᠤᠯ ᠪᠠᠷᠢᠮᠳᠠᠯᠠᠬᠤ ᠴᠢᠭᠯᠡᠯ ᠪᠤᠯᠭᠠᠵᠤ᠂ ᠬᠦᠭᠵᠢᠯᠳᠡ ᠶᠢ ᠠᠬᠢᠭᠤᠯᠬᠤ ᠲᠡᠭᠡᠷ᠎ᠡ ᠠᠷᠭ᠎ᠠ ᠪᠤᠳᠤᠯᠭ᠎ᠠ ᠲᠡᠪᠰᠢᠬᠦᠯᠦᠨ ᠬᠦᠴᠦᠨ ᠴᠢᠳᠠᠯ ᠢᠶᠠᠨ ᠭᠠᠷᠭᠠᠬᠤ ᠭᠡᠷᠡᠭᠳᠡᠢ᠃ ᠵᠦᠪᠯᠡᠯᠭᠡ ᠬᠢᠵᠤ ᠲᠦᠷᠦ ᠶᠢᠨ ᠶᠠᠪᠤᠳᠠᠯ ᠢ ᠵᠦᠪᠯᠡᠬᠦ ᠶᠢ ᠬᠡᠵᠢᠶᠡᠳᠡ ᠤᠯᠤᠰ ᠲᠦᠷᠦ ᠶᠢᠨ ᠵᠦᠪᠯᠡᠯᠭᠡᠨ ᠤ ᠲᠤᠰᠢᠶᠠᠯ ᠢᠶᠠᠨ ᠬᠦᠢᠴᠡᠳᠬᠡᠬᠦ ᠡᠷᠴᠢᠮ ᠢᠶᠠᠨ ᠪᠤᠯᠭᠠᠵᠤ᠂ ᠠᠰᠠᠭᠤᠳᠠᠯ ᠢ ᠰᠢᠢᠳᠪᠦᠷᠢᠯᠡᠬᠦ ᠲᠡᠭᠡᠷ᠎ᠡ ᠪᠦᠬᠦ ᠰᠡᠳᠬᠢᠯ ᠢᠶᠠᠷ ᠬᠦᠴᠦᠯᠡᠬᠦ ᠭᠡᠷᠡᠭᠳᠡᠢ᠃ ᠨᠡᠶᠢᠬᠡᠮ ᠤᠨ ᠡᠶ᠎ᠡ ᠵᠤᠬᠢᠴᠠᠯ ᠢ ᠠᠬᠢᠭᠤᠯᠬᠤ ᠶᠢ ᠬᠡᠵᠢᠶᠡᠳᠡ ᠤᠯᠤᠰ ᠲᠦᠷᠦ ᠶᠢᠨ ᠵᠦᠪᠯᠡᠯᠭᠡᠨ ᠤ ᠲᠤᠰᠢᠶᠠᠯ ᠢᠶᠠᠨ ᠬᠦᠢᠴᠡᠳᠬᠡᠬᠦ ᠦᠨᠳᠦᠰᠦᠨ ᠬᠦᠭ ᠪᠤᠯᠭᠠᠨ᠂ ᠪᠦᠬᠦ ᠬᠦᠴᠦᠨ ᠢᠶᠠᠷ ᠢᠶᠠᠨ ᠪᠦᠯᠬᠦᠮᠳᠡᠯ᠂ ᠠᠷᠠᠳᠴᠢᠯᠠᠯ ᠳᠤ ᠰᠡᠳᠬᠢᠯ ᠲᠠᠯᠪᠢᠬᠤ ᠭᠡᠷᠡᠭᠳᠡᠢ᠃ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠬᠤ ᠶᠢ ᠬᠡᠵᠢᠶᠡᠳᠡ ᠤᠯᠤᠰ ᠲᠦᠷᠦ ᠶᠢᠨ ᠵᠦᠪᠯᠡᠯᠭᠡᠨ ᠤ ᠲᠤᠰᠢᠶᠠᠯ ᠢᠶᠠᠨ ᠬᠦᠢᠴᠡᠳᠬᠡᠬᠦ ᠢᠳᠡᠷᠬᠡᠭ ᠬᠦᠳᠡᠯᠭᠡᠬᠦ ᠬᠦᠴᠦᠨ ᠪᠤᠯᠭᠠᠵᠤ᠂ ᠦᠢᠯᠡᠳᠦᠯ ᠢᠶᠠᠨ ᠪᠠᠳᠠᠷᠠᠭᠤᠯᠬᠤ ᠲᠡᠭᠡᠷ᠎ᠡ ᠦᠷᠬᠦᠯᠵᠢᠯᠡᠨ ᠬᠦᠴᠦᠯᠡᠬᠦ ᠭᠡᠷᠡᠭᠳᠡᠢ ᠬᠡᠪᠡ᠃      ᠬᠤᠷᠠᠯ ᠲᠡᠭᠡᠷ᠎ᠡ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠸᠠᠩ ᠭᠠᠩ ᠠᠴᠠ ᠳᠣᠰ ᠣᠳᠠᠭᠠᠨ ᠤ ᠬᠤᠷᠠᠯᠳᠣᠭᠠᠨ ᠤ ᠰᠠᠨᠠᠯ ᠳᠣᠷᠠᠳᠣᠯᠭ᠎ᠠ ᠶᠢ ᠬᠢᠨᠠᠨ ᠪᠠᠶᠢᠴᠠᠭᠠᠬᠤ ᠵᠦᠪᠯᠡᠯ ᠢ ᠳᠦᠯᠦᠬᠡᠯᠡᠨ ᠣᠯᠣᠰ ᠲᠦᠷᠦ ᠶᠢᠨ ᠵᠦᠪᠯᠡᠯᠭᠡᠨ ᠤ ᠦᠦᠰᠢᠨ ᠬᠤᠰᠢᠭᠤᠨ ᠤ ᠠᠷᠪᠠᠨ ᠳᠦᠷᠪᠡᠳᠦᠬᠡᠷ ᠬᠤᠭᠤᠴᠠᠭᠠᠨ ᠤ ᠬᠤᠷᠢᠶ᠎ᠠ ᠶᠢᠨ ᠬᠤᠶᠠᠳᠣᠭᠠᠷ ᠣᠳᠠᠭ᠎ᠠ ᠶᠢᠨ ᠬᠤᠷᠠᠯᠳᠣᠭᠠᠨ ᠤ ᠰᠠᠨᠠᠯ ᠳᠣᠷᠠᠳᠣᠯᠭ᠎ᠠ ᠶᠢ ᠬᠢᠨᠠᠨ ᠪᠠᠶᠢᠴᠠᠭᠠᠬᠰᠠᠨ ᠪᠠᠶᠢᠳᠠᠯ ᠤᠨ ᠮᠡᠳᠡᠬᠦᠯᠦᠯᠲᠡ ᠬᠢᠪᠡ᠃ ᠳᠣᠰ ᠣᠳᠠᠭᠠᠨ ᠤ ᠬᠤᠷᠠᠯᠳᠣᠭᠠᠨ ᠳᠤ ᠬᠡᠰᠢᠬᠦᠳ ᠤᠨ 87 ᠰᠠᠨᠠᠯ ᠳᠣᠷᠠᠳᠣᠯᠭ᠎ᠠ ᠶᠢ ᠬᠤᠷᠢᠶᠠᠨ ᠠᠪᠴᠣ᠂ ᠳᠠᠩᠰᠠᠯᠠᠭᠰᠠᠨ ᠰᠠᠨᠠᠯ ᠳᠣᠷᠠᠳᠣᠯᠭ᠎ᠠ 59 ᠪᠠᠶᠢᠵᠣ᠂ ᠡᠬᠦᠨ ᠳᠤ ᠠᠵᠣ ᠠᠬᠤᠢ ᠶᠢᠨ ᠪᠦᠲᠦᠬᠡᠨ ᠪᠠᠶᠢᠭᠤᠯᠣᠯᠲᠠ ᠶᠢᠨ ᠳᠠᠯ᠎ᠠ ᠪᠠᠷ ᠬᠢ ᠰᠠᠨᠠᠯ 13᠂ ᠨᠡᠶᠢᠬᠡᠮ ᠤᠨ ᠠᠵᠢᠯ ᠦᠢᠯᠡᠰ ᠤᠨ ᠳᠠᠯ᠎ᠠ ᠪᠠᠷ ᠬᠢ ᠰᠠᠨᠠᠯ 20᠂ ᠬᠤᠳᠠ ᠶᠢᠨ ᠪᠦᠲᠦᠬᠡᠨ ᠪᠠᠶᠢᠭᠤᠯᠣᠯᠲᠠ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠳᠠᠯ᠎ᠠ ᠪᠠᠷ ᠬᠢ ᠰᠠᠨᠠᠯ 12᠂ ᠬᠦᠳᠡᠯᠮᠦᠷᠢ ᠠᠵᠢᠯᠳᠠᠨ ᠤ ᠶᠠᠪᠣᠳᠠᠯ ᠤᠨ ᠳᠠᠯ᠎ᠠ ᠪᠠᠷ ᠬᠢ ᠰᠠᠨᠠᠯ 4᠂ ᠣᠯᠣᠰ ᠳᠦᠷᠦ ᠬᠠᠣᠯᠢ ᠴᠠᠭᠠᠵᠠ᠂ ᠵᠠᠮ ᠬᠠᠷᠢᠯᠴᠠᠭ᠎ᠠ ᠵᠢᠴᠢ ᠪᠣᠰᠣᠳ ᠳᠠᠯ᠎ᠠ ᠪᠠᠷ ᠬᠢ ᠰᠠᠨᠠᠯ 10 ᠪᠣᠢ᠃      ᠬᠤᠷᠠᠯ ᠳᠡᠭᠡᠷ᠎ᠡ᠂ ᠣᠯᠣᠰ ᠳᠦᠷᠦ ᠶᠢᠨ ᠵᠦᠪᠯᠡᠯᠬᠡᠨ ᠤ ᠬᠡᠰᠢᠬᠦᠨ ᠸᠠᠩ ᠭᠠᠩ᠂ ᠣᠶᠣᠨᠪᠢᠯᠢᠭ᠌᠂ ᠸᠠᠩ ᠵᠠᠨ ᠶᠦᠩ᠂ ᠯᠢ ᠶᠦᠩ ᠵᠦᠩ᠂ ᠯᠢᠦ ᠪᠥᠸᠧ ᠠᠴᠠ ᠳᠣᠰᠪᠣᠷᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠮᠤᠩᠭᠤᠯ ᠡᠮ ᠡᠮᠨᠡᠯᠭᠡ ᠶᠢ ᠬᠦᠭᠵᠢᠬᠦᠯᠬᠦ᠂ ᠤᠨᠤᠪᠴᠢᠳᠠᠢ ᠠᠷᠠᠯᠵᠢᠶᠠᠴᠢᠨ ᠤᠷᠢᠵᠤ ᠪᠡᠯᠨ ᠲᠠᠳᠠᠬᠤ᠂ ᠨᠡᠭᠦᠷᠡᠰᠦᠨ ᠤ ᠪᠠᠷᠠᠭᠠᠨ ᠬᠦᠢᠯᠭᠡᠭᠡ ᠶᠢ ᠬᠦᠭᠵᠢᠬᠦᠯᠬᠦ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠲᠠᠸᠠᠷᠵᠢᠭᠤᠯᠬᠤ ᠵᠡᠷᠭᠡ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃      ᠬᠤᠷᠠᠯ ᠠᠴᠠ ᠤᠯᠤᠰ ᠲᠦᠷᠦ ᠶᠢᠨ ᠵᠦᠪᠯᠡᠯᠭᠡᠨ ᠤ ᠦᠤᠰᠢᠨ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠬᠤᠷᠠᠯᠳᠤᠭᠠᠨ ᠤ ᠵᠦᠪᠯᠡᠬᠦ ᠵᠦᠢᠯ ᠢ ᠬᠢᠨᠠᠨ ᠪᠠᠳᠤᠯᠠᠭᠰᠠᠨ ᠪᠠ ︽ᠤᠯᠤᠰ ᠲᠦᠷᠦ ᠶᠢᠨ ᠵᠦᠪᠯᠡᠯᠭᠡᠨ ᠤ ᠦᠦᠰᠢᠨ ᠬᠤᠰᠢᠭᠤᠨ ᠤ ᠠᠷᠪᠠᠨ ᠳᠦᠷᠪᠡᠳᠦᠬᠡᠷ ᠬᠤᠭᠤᠴᠠᠭᠠᠨ ᠤ ᠬᠤᠷᠢᠶ᠎ᠠ ᠶᠢᠨ ᠬᠤᠶᠠᠳᠣᠭᠠᠷ ᠣᠳᠠᠭ᠎ᠠ ᠶᠢᠨ ᠬᠤᠷᠠᠯᠳᠣᠭᠠᠨ ᠤ ᠰᠠᠨᠠᠯ ᠳᠣᠷᠠᠳᠣᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠮᠡᠳᠡᠬᠦᠯᠦᠯᠲᠡ ︵ᠳᠦᠰᠦᠯ︶︾᠂ ︽ᠣᠯᠣᠰ ᠲᠦᠷᠦ ᠶᠢᠨ ᠵᠦᠪᠯᠡᠯᠭᠡᠨ ᠤ ᠦᠦᠰᠢᠨ ᠬᠤᠰᠢᠭᠤᠨ ᠤ ᠠᠷᠪᠠᠨ ᠳᠦᠷᠪᠡᠳᠦᠬᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠭᠡᠯ ᠤᠨ ᠰᠢᠢᠳᠪᠦᠷᠢ ︵ᠳᠦᠰᠦᠯ︶︾᠂ ︽ᠬᠤᠰᠢᠭᠤ ᠣᠯᠣᠰ ᠳᠦᠷᠦ ᠶᠢᠨ ᠵᠦᠪᠯᠡᠯᠭᠡᠨ ᠤ 2018 ᠣᠨ ᠤ ᠰᠠᠨᠠᠯ ᠳᠣᠷᠠᠳᠣᠯᠭ᠎ᠠ ᠶᠢᠨ ᠠᠵᠢᠯ ᠤᠨ ᠰᠠᠨᠠᠯ ᠤᠨ ᠳᠣᠬᠠᠢ ᠣᠯᠣᠰ ᠳᠦᠷᠦ ᠶᠢᠨ ᠵᠦᠪᠯᠡᠯᠬᠡᠨ ᠤ ᠦᠦᠰᠢᠨ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠮᠡᠳᠡᠬᠦᠯᠦᠯᠲᠡ ᠶᠢᠨ ᠰᠢᠢᠳᠪᠦᠷᠢ ︵ᠳᠦᠰᠦᠯ︶︾᠂ ︽ᠣᠯᠣᠰ ᠲᠦᠷᠦ ᠶᠢᠨ ᠵᠦᠪᠯᠡᠯᠭᠡᠨ ᠤ ᠦᠦᠰᠢᠨ ᠬᠤᠰᠢᠭᠤᠨ ᠤ ᠠᠷᠪᠠᠨ ᠳᠦᠷᠪᠡᠳᠦᠬᠡᠷ ᠬᠤᠭᠤᠴᠠᠭᠠᠨ ᠤ ᠬᠤᠷᠢᠶ᠎ᠠ ᠶᠢᠨ ᠬᠤᠶᠠᠳᠣᠭᠠᠷ ᠣᠳᠠᠭ᠎ᠠ ᠶᠢᠨ ᠬᠤᠷᠠᠯᠳᠣᠭᠠᠨ ᠤ ᠣᠯᠣᠰ ᠳᠦᠷᠦ ᠶᠢᠨ ᠰᠢᠢᠳᠪᠦᠷᠢ ︵ᠳᠦᠰᠦᠯ︶︾ ᠶᠢ ᠪᠠᠳᠣᠯᠠᠪᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号