ᠥᠥᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2018-04-16
      3 ᠰᠠᠷ᠎ᠠ ᠶᠢᠨ 22 ᠤᠨ ᠡᠳᠦᠷ ᠠᠴᠠ 23 ᠤ ᠡᠳᠦᠷ ᠥᠥᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ᠃ ᠲᠤᠰ ᠤᠳᠠᠭᠠᠨ ᠤ ᠶᠡᠭᠡ ᠬᠤᠷᠠᠯ ᠳᠤ ᠤᠷᠤᠯᠴᠠᠪᠠᠰᠤ ᠵᠤᠬᠢᠬᠤ ᠲᠦᠯᠦᠭᠡᠯᠡᠭᠴᠢ 139 ᠨᠡᠷ᠎ᠡ᠂ ᠪᠤᠳᠠᠲᠠᠢ ᠤᠷᠤᠯᠴᠠᠭᠰᠠᠨ ᠲᠦᠯᠦᠭᠡᠯᠡᠭᠴᠢ 128 ᠨᠡᠷ᠎ᠡ᠂ ᠬᠠᠤᠯᠢ ᠳᠤ ᠲᠤᠭᠲᠠᠭᠠᠭᠰᠠᠨ ᠬᠦᠮᠦᠨ ᠤ ᠲᠤᠭᠠᠨ ᠳᠤ ᠨᠡᠶᠢᠴᠡᠪᠡ᠃      ᠵᠢᠷᠭᠠᠯᠲᠤ᠂ ᠴᠢᠶᠤᠤ ᠶᠦᠨ ᠯᠢ᠂ ᠪᠤᠶᠠᠨᠮᠠᠨᠳᠤᠬᠤ᠂ ᠬᠤᠤ ᠸᠧᠢ ᠵᠡᠷᠭᠡ ᠡᠯ᠎ᠡ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠤᠷᠤᠯᠴᠠᠵᠤ ᠲᠡᠷᠢᠬᠦᠯᠡᠭᠴᠢ ᠶᠢᠨ ᠲᠠᠶᠢᠰᠠᠨ ᠳᠤ ᠰᠠᠭᠠᠲᠠᠪᠠ᠃ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠤ ᠪᠦᠬᠦ ᠬᠡᠰᠢᠬᠦᠨ ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠪᠠ ᠨᠠᠷᠢᠨᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠡᠯ᠎ᠡ ᠲᠤᠪᠴᠢᠶ᠎ᠠ᠂ ᠲᠠᠰᠤᠭ᠂ ᠲᠦᠪ ᠤᠨ ᠬᠠᠷᠢᠭᠤᠴᠠᠯᠭᠠᠲᠠᠨ᠂ ᠬᠤᠰᠢᠭᠤ ᠨᠠᠮ ᠵᠠᠰᠠᠭ ᠤᠨ ᠡᠯ᠎ᠡ ᠰᠠᠯᠠᠭ᠎ᠠ ᠮᠦᠴᠢᠷ᠂ ᠡᠯ᠎ᠡ ᠠᠷᠠᠳ ᠤᠨ ᠪᠦᠯᠬᠦᠮ᠂ ᠡᠯ᠎ᠡ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠪᠠ ᠬᠠᠮᠢᠶ᠎ᠠ ᠪᠦᠬᠦᠢ ᠠᠵᠤ ᠠᠬᠤᠢᠢᠯᠠᠯ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠯ᠎ᠡ ᠬᠤᠷᠢᠶ᠎ᠠ ᠶᠢᠨ ᠬᠠᠷᠢᠭᠤᠴᠠᠯᠭᠠᠲᠠᠨ᠂ ᠮᠠᠨ ᠤ ᠬᠤᠰᠢᠭᠤᠨ ᠳᠤ ᠪᠠᠶᠢᠭ᠎ᠠ ᠡᠯ᠎ᠡ ᠶᠡᠭᠡ ᠠᠵᠤ ᠠᠬᠤᠢᠢᠯᠠᠯ ᠤᠨ ᠬᠠᠷᠢᠭᠤᠴᠠᠯᠭᠠᠲᠠᠨ ᠬᠤᠷᠠᠯ ᠳᠤ ᠤᠷᠢᠭᠳᠠᠨ ᠰᠤᠯᠠ ᠤᠷᠤᠯᠴᠠᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠪᠤᠶᠠᠨᠮᠠᠨᠳᠤᠬᠤ᠂ ᠲᠡᠳ᠋ ᠡᠷᠬᠢᠯᠡᠭᠴᠢ ᠯᠢ ᠰᠢᠦ ᠹᠧᠩ ᠬᠤᠷᠠᠯ ᠡᠷᠬᠢᠯᠡᠪᠠ᠃      ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠵᠢᠷᠭᠠᠯᠲᠤ ᠬᠤᠷᠠᠯ ᠲᠡᠭᠡᠷ᠎ᠡ ᠶᠠᠷᠢᠶ᠎ᠠ ᠲᠠᠯᠪᠢᠵᠤ ᠵᠢᠭᠠᠬᠤ ᠳᠠᠭᠠᠨ᠂ ᠰᠠᠶ᠋ᠢᠬᠠᠨ ᠬᠤᠷᠠᠯᠳᠤᠭᠰᠠᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠬᠤᠷᠠᠯᠳᠤᠭᠠᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠠᠷᠠᠭ᠎ᠠ ᠬᠤᠷᠠᠯᠳᠤᠭᠰᠠᠨ ᠠᠩᠬᠠᠳᠤᠭᠠᠷ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠᠶᠢᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠲᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠲᠠᠪᠤᠷᠢᠵᠢᠭᠤᠯᠬᠤ ᠲᠡᠤᠭᠡᠲᠤ ᠴᠢᠨᠠᠷᠲᠠᠢ ᠶᠡᠭᠡ ᠬᠤᠷᠠᠯ ᠪᠤᠯᠤᠨ᠎ᠠ᠃ ᠪᠢᠳᠠ ᠡᠷᠭᠡᠪᠰᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠬᠤᠷᠠᠯᠳᠤᠭᠠᠨ ᠤ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠦᠶᠡᠰ ᠤᠨ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠤᠳᠤᠬᠠᠨ ᠤ ᠪᠠ ᠬᠤᠶᠢᠰᠢᠲᠡ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ ᠠᠳᠬᠤᠵᠤ᠂ ᠴᠠᠭ ᠲᠠᠷᠤᠢ ᠳᠤᠨᠢ ᠰᠢᠰᠲ᠋ᠧᠮ ᠲᠠᠢ ᠪᠦᠭᠡᠳ ᠤᠢᠢᠯᠡᠳᠦᠯᠭᠡ ᠲᠠᠢ ᠤᠶᠠᠯᠳᠤᠭᠤᠯᠤᠨ ᠰᠤᠷᠤᠯᠴᠠᠵᠤ᠂ ᠮᠠᠨ ᠤ ᠬᠤᠰᠢᠭᠤᠨ ᠤ ᠪᠤᠳᠠᠲᠤ ᠪᠠᠶᠢᠳᠠᠯ ᠲᠠᠢ ᠤᠶᠠᠯᠳᠤᠭᠤᠯᠤᠨ᠂ ᠲᠤᠤᠱᠯᠠᠭᠤᠯᠤᠨ ᠨᠠᠶᠢᠲᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠴᠢᠨᠡᠭᠡᠯᠢᠭ ᠨᠡᠶᠢᠬᠡᠮ ᠢ ᠪᠦᠲᠦᠭᠡᠨ ᠪᠠᠶᠢᠭᠤᠯᠬᠤ ᠰᠢᠢᠳᠪᠦᠷᠢᠲᠤ ᠢᠯᠠᠯᠲᠠ ᠪᠤᠯᠭᠠᠨ ᠬᠤᠪᠢᠷᠠᠭᠤᠯᠵᠤ᠂ ᠤᠳᠤᠬᠢᠴᠢᠯᠠᠭᠰᠠᠨ ᠦᠤᠰᠢᠨ ᠬᠤᠰᠢᠭᠤ ᠶᠢ ᠪᠦᠲᠦᠭᠡᠨ ᠪᠠᠶᠢᠭᠤᠯᠬᠤ ᠦᠢᠯᠡᠳᠦᠯᠭᠡ ᠪᠠᠨ ᠡᠬᠢᠯᠡᠬᠦᠯᠬᠦ ᠬᠡᠷᠡᠭᠲᠠᠢ ᠬᠡᠪᠡ᠃      2018 ᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠲᠤᠬᠠᠢ ᠵᠢᠷᠭᠠᠯᠲᠤ ᠴᠢᠬᠤᠯᠠᠴᠢᠯᠠᠬᠤ ᠳᠤ ᠪᠠᠨ᠂ ᠨᠢᠭᠡ ᠳᠤ ᠭᠤᠤᠯᠳᠠᠯᠭ᠎ᠠ ᠶᠢ ᠬᠦᠷᠢᠶᠡᠯᠡᠬᠦ ᠲᠤᠮᠳᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠢᠨ᠎ᠠ ᠲᠦᠷᠢ ᠲᠦᠷᠬᠦ ᠪᠠᠨ ᠢᠯᠡᠷᠡᠬᠦᠯᠬᠦ ᠶᠢ ᠪᠠᠷᠢᠮᠳᠠᠯᠠᠬᠤ ᠬᠡᠷᠡᠭᠲᠠᠢ᠃ ᠬᠤᠶᠠᠷ ᠲᠤ ᠦᠨᠳᠦᠰᠦᠨ ᠬᠠᠤᠯᠢ ᠲᠤᠮᠳᠠᠬᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠢᠨ᠎ᠠ ᠡᠬᠦᠷᠭᠡ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠬᠦᠯᠬᠦ ᠬᠡᠷᠡᠭᠲᠠᠢ᠃ ᠭᠤᠷᠪᠠ ᠳᠤ ᠤᠯᠤᠰ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠠᠬᠢᠭᠤᠯᠬᠤ ᠶᠠᠪᠤᠴᠠ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠢᠨ᠎ᠠ ᠬᠦᠴᠦᠨ ᠢᠶᠠᠨ ᠡᠷᠬᠦᠬᠦ ᠬᠡᠷᠡᠭᠲᠠᠢ᠃ ᠲᠦᠷᠪᠡ ᠳᠤ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠲᠤᠮᠳᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠢᠨ᠎ᠠ ᠦᠢᠯᠡ ᠠᠵᠢᠯᠯᠠᠭ᠎ᠠ ᠶᠢ ᠢᠯᠡᠷᠡᠭᠦᠯᠬᠦ ᠬᠡᠷᠡᠭᠲᠠᠢ ᠬᠡᠪᠡ᠃      ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠴᠢᠶᠤᠤ ᠶᠦᠨ ᠯᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠬᠢᠪᠠ᠃ ᠴᠢᠶᠤᠤ ᠶᠦᠨ ᠯᠢ ᠵᠢᠭᠠᠬᠤ ᠳᠤ ᠪᠠᠨ᠂ ᠦᠩᠬᠡᠷᠡᠭᠰᠡᠨ ᠨᠢᠬᠡ ᠵᠢᠯ ᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠤ ᠶᠢᠨ ᠵᠦᠪᠯᠡᠯᠭᠡᠨ ᠪᠠ ᠨᠡᠶᠢᠬᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠣᠣᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠦᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠵᠣ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠣ᠂ ᠦᠭᠡᠷᠡᠴᠢᠯᠡᠯᠲᠡ ᠬᠦᠭᠵᠢᠯᠲᠡ ᠲᠣᠭᠲᠠᠭᠤᠨ ᠤ ᠬᠦᠴᠢᠷ ᠪᠡᠷᠬᠡᠲᠠᠢ ᠡᠭᠦᠷᠭᠡ ᠶᠢ ᠡᠭᠦᠷᠭᠡᠯᠡᠨ ᠨᠢᠭᠡᠳᠦᠯᠲᠠᠢ ᠳᠥᠯᠤᠪᠵᠢᠭᠦᠯᠵᠤ ᠭᠤᠣᠯᠳᠠᠯᠭ᠎ᠠ ᠶᠢ ᠳᠣᠪᠤᠶᠢᠯᠭᠠᠨ᠂ ᠵᠠᠩᠭᠢᠯᠠᠭ᠎ᠠ ᠶᠢ ᠠᠳᠬᠤᠬᠤ ᠶᠢ ᠪᠠᠷᠢᠮᠳᠠᠯᠠᠵᠤ ᠬᠤᠰᠢᠭᠤ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠵᠢᠷᠭᠤᠳᠣᠭᠠᠷ ᠤᠳᠠᠭᠠᠨ ᠤ ᠬᠤᠷᠠᠯᠳᠤᠭᠠᠨ ᠳᠤ ᠲᠣᠭᠲᠠᠭᠠᠭᠰᠠᠨ ᠬᠠᠷᠠᠯᠲᠠᠲᠤ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠣ᠂ ᠠᠵᠣ ᠠᠬᠤᠢ ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠵᠤ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠥᠷᠢᠲᠤ ᠢᠯᠠᠯᠲᠠ ᠶᠢ ᠣᠯᠬᠤ᠂ ᠣᠳᠣᠬᠢᠴᠢᠯᠠᠭᠰᠠᠨ ᠦᠦᠰᠢᠨ ᠤ ᠪᠠᠶᠢᠭᠤᠯᠣᠯᠲᠠ ᠶᠢᠨ ᠰᠢᠨ᠎ᠡ ᠠᠶᠠᠯᠠᠯ ᠳᠤ ᠪᠠᠲᠦ ᠪᠠᠬᠢ ᠰᠠᠭᠤᠷᠢ ᠲᠠᠯᠪᠢᠭᠰᠠᠨ ᠪᠠᠶᠢᠨ᠎ᠠ᠃ ᠠᠵᠣ ᠠᠬᠤᠢ ᠶᠢᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠤᠨ᠂ ᠪᠥᠳᠥᠴᠡ ᠶᠢᠨ ᠳᠣᠬᠢᠷᠠᠭᠤᠯᠤᠯᠲᠠ ᠳᠤ ᠰᠢᠨ᠎ᠡ ᠰᠢᠪᠲᠤᠯᠤᠯᠲᠠ ᠲᠠᠢ ᠪᠣᠯᠵᠤ᠂ ᠬᠤᠳᠠ ᠬᠦᠳᠡᠭᠡ ᠶᠢᠨ ᠲᠦᠷᠢ ᠲᠦᠷᠬᠦ ᠴᠤ᠋ ᠰᠢᠨ᠎ᠡ ᠪᠠᠶᠢᠳᠠᠯ ᠲᠠᠢ ᠪᠣᠯᠵᠤ᠂ ᠰᠠᠭᠤᠷᠢ ᠠᠴᠢᠶᠠᠯᠠᠭᠴᠢ ᠶᠢᠨ ᠲᠣᠣᠷ ᠢ ᠨᠡᠩ ᠪᠦᠷᠢᠨᠰᠢᠬᠦᠯᠤᠨ᠂ ᠦᠬᠡᠷᠡᠴᠢᠯᠡᠯᠳᠡ ᠶᠢ ᠬᠦᠨᠵᠡᠬᠡᠶᠢᠷᠡᠬᠦᠯᠥᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠪᠢᠯᠬᠠᠭᠤᠯᠵᠤ᠂ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠲᠠ ᠨᠢ ᠰᠢᠨ᠎ᠡ ᠳᠠᠪᠰᠢᠯᠲᠠ ᠲᠠᠢ ᠪᠣᠯᠵᠠᠢ ᠬᠡᠪᠡ᠃      ᠴᠢᠶᠤᠤ ᠶᠦᠨ ᠯᠢ ᠵᠢᠭᠠᠬᠤ ᠳᠤ ᠪᠠᠨ᠂ 2018 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠪᠥᠬᠦ ᠣᠯᠣᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠰᠢ ᠶᠢᠨ ᠫᠢᠩ ᠶᠡᠷᠥᠩᠬᠡᠢ ᠱᠦᠵᠢ ᠶᠢᠨ ᠦᠪᠥᠷ ᠮᠣᠩᠭᠤᠯ ᠤᠨ ᠲᠥᠯᠥᠭᠡᠯᠡᠭᠴᠢᠳ ᠤᠨ ᠪᠥᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶᠡᠰ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠡ ᠪᠠ ᠬᠤᠰᠢᠭᠤ ᠨᠠᠮ ᠤᠨ ᠬᠤᠷᠢᠶᠠᠨ ᠤ ᠡᠯ᠎ᠡ ᠲᠥᠷᠥᠯ ᠤᠨ ᠰᠢᠢᠳᠪᠥᠷᠢᠲᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠥᠩᠬᠡᠢ ᠬᠥᠭ ᠠᠶᠠᠰ ᠢ ᠪᠠᠷᠢᠮᠲᠠᠯᠠᠨ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠠᠷᠢᠮᠲᠠᠯᠠᠵᠤ ᠨᠡᠶᠢᠬᠡᠮ ᠤᠨ ᠭᠤᠣᠯ ᠵᠦᠷᠢᠴᠡᠯ ᠤᠨ ᠬᠤᠪᠢᠷᠠᠯᠲᠠ ᠶᠢᠨ ᠲᠣᠭᠤᠷᠢᠨ ᠳᠤ ᠥᠨᠳᠦᠷ ᠶᠠᠰᠤ ᠴᠢᠨᠠᠷᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ︽ᠲᠠᠪᠤ ᠶᠢ ᠨᠢᠭᠡ ᠴᠣᠭᠴᠠᠵᠢᠭᠤᠯᠬᠤ︾ ᠶᠡᠷᠥᠩᠬᠡᠢ ᠪᠠᠶᠢᠷᠢᠰᠢᠭᠤᠯᠤᠯᠲᠠ ᠶᠢ ᠨᠢᠭᠡᠳᠤᠯᠲᠠᠢ ᠲᠥᠯᠤᠪᠵᠢᠭᠦᠯᠦᠨ ᠠᠬᠢᠭᠤᠯᠵᠤ ︽ᠲᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠥᠲᠦᠴᠡ ᠶᠢᠨ ᠴᠢᠨᠠᠷᠲᠠᠢ ᠥᠭᠡᠷᠡᠴᠢᠯᠡᠯᠲᠠ ᠪᠠᠷ ᠭᠤᠣᠯ ᠱᠤᠭᠤᠮ ᠪᠣᠯᠭᠠᠨ ᠨᠡᠮᠡᠭᠳᠡᠯ ᠢ ᠲᠣᠭᠳᠠᠪᠤᠷᠢᠵᠢᠭᠤᠯᠬᠤ᠂ ᠥᠭᠡᠷᠡᠴᠢᠯᠡᠯᠲᠠ ᠶᠢ ᠠᠬᠢᠭᠤᠯᠬᠤ᠂ ᠪᠥᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠥᠭᠰᠢᠭᠦᠷᠢ ᠶᠢ ᠰᠡᠷᠭᠡᠶᠢᠯᠡᠬᠦ ᠡᠯ᠎ᠡ ᠲᠥᠷᠥᠯ ᠤᠨ ᠠᠵᠢᠯ ᠢ ᠯᠠᠪᠳᠠᠭᠤᠨ ᠰᠠᠶᠢᠲᠤᠷ ᠬᠢᠵᠤ᠂ ᠴᠢᠬᠤᠯᠠ ᠶᠡᠭᠡ ᠲᠥᠭᠰᠢᠭᠦᠷᠢ ᠶᠢ ᠰᠡᠷᠭᠡᠶᠢᠯᠡᠵᠤ ᠰᠢᠢᠳᠪᠤᠷᠢᠯᠡᠬᠦ᠂ ᠶᠠᠳᠠᠭᠤ ᠠᠴᠠ ᠨᠠᠷᠢᠯᠢᠭ ᠣᠨᠣᠪᠴᠢᠲᠠᠢ ᠠᠩᠭᠢᠵᠢᠷᠠᠭᠤᠯᠬᠤ᠂ ᠪᠣᠬᠢᠷᠳᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠵᠤ᠂ ᠬᠥᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠢ ᠶᠢᠨ ︽ᠭᠤᠷᠪᠠᠨ ᠵᠣᠷᠪᠣᠰ ᠬᠤᠷᠢᠭ᠎ᠠ ᠱᠤᠭᠤᠮ︾ ᠢ ᠦᠨᠡᠨᠬᠦ ᠰᠠᠶᠢᠲᠤᠷ ᠰᠠᠬᠢᠵᠤ ᠪᠥᠬᠦ ᠬᠤᠰᠢᠭᠤᠨ ᠤ ᠠᠵᠤ ᠠᠬᠤᠢ ᠨᠡᠶᠢᠬᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠠᠪᠤᠳᠠᠯ ᠪᠤᠯᠤᠨ᠎ᠠ ᠭᠡᠪᠡ᠃      ᠴᠢᠶᠤᠤ ᠶᠦᠨ ᠯᠢ ᠵᠢᠭᠠᠬᠤ ᠳᠠᠭᠠᠨ᠂ ᠳᠡᠭᠡᠷᠡᠬᠢ ᠦᠭᠦᠯᠡᠭᠰᠡᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭᠠᠲᠠᠢ ᠰᠠᠶᠢᠲᠤᠷ ᠬᠢᠨ᠎ᠡ᠃ ᠨᠢᠬᠡ ᠳᠤ ᠴᠢᠬᠤᠯᠠ ᠶᠡᠭᠡ ᠲᠦᠷᠥᠯ ᠵᠦᠢᠯ ᠤᠨ ᠪᠠᠶᠢᠭᠤᠯᠣᠯᠳᠠ ᠶᠢ ᠰᠠᠶᠢᠳᠣᠷ ᠠᠳᠬᠤᠵᠣ ᠠᠵᠣ ᠠᠬᠤᠢ ᠶᠢᠨ ᠳᠣᠭᠳᠠᠭᠤᠨ ᠨᠡᠮᠡᠭᠳᠡᠯ ᠢ ᠪᠠᠳᠣᠯᠠᠨ᠎ᠠ᠃ ᠬᠤᠶᠠᠷ ᠲᠤ ︽ᠪᠣᠭᠤᠮᠲᠠ ᠰᠢᠪᠳᠣᠯᠬᠤ ᠭᠤᠷᠪᠠᠨ ᠶᠡᠭᠡ ᠳᠠᠶᠢᠯᠠᠯᠳᠣᠭᠠᠨ︾ ᠢ ᠰᠠᠶᠢᠳᠣᠷ ᠬᠢᠵᠣ ᠬᠦᠭᠵᠢᠯᠳᠡ ᠶᠢᠨ ᠳᠠᠩᠴᠡᠬᠦᠷᠢᠳᠣ ᠴᠢᠨᠡᠷ ᠢ ᠴᠢᠩᠭᠠᠷᠠᠭᠤᠯᠣᠨ᠎ᠠ᠃ ᠭᠤᠷᠪᠠ ᠳᠤ ᠦᠬᠡᠷᠡᠴᠢᠯᠡᠯᠳᠡ ᠬᠢᠵᠦ ᠰᠢᠨ᠎ᠡ ᠶᠢ ᠡᠬᠦᠳᠬᠦ ᠶᠢ ᠬᠦᠨᠵᠡᠭᠡᠢ ᠲᠦᠯᠬᠢᠨ ᠠᠬᠢᠭᠤᠯᠵᠤ᠂ ᠦᠨᠳᠦᠷ ᠴᠢᠨᠰᠠᠭᠠᠳᠤ ᠬᠦᠭᠵᠢᠯᠳᠡ ᠶᠢ ᠠᠬᠢᠭᠤᠯᠤᠨ᠎ᠠ᠃ ᠲᠦᠷᠪᠡ ᠳᠤ ᠬᠦᠳᠡᠭᠡ ᠲᠤᠰᠬᠤᠨ ᠢ ᠰᠡᠷᠬᠦᠭᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠴᠢᠩᠭᠠᠳᠬᠠᠨ᠎ᠠ᠃ ᠲᠠᠪᠤ ᠳᠤ ᠬᠤᠲᠠ ᠪᠠᠯᠭᠠᠰᠤᠨ ᠤ ᠴᠢᠳᠠᠪᠬᠢ ᠲᠣᠨᠤᠭ ᠲᠥᠬᠦᠭᠡᠷᠤᠮᠵᠢ ᠶᠢ ᠲᠡᠭᠦᠯᠳᠡᠷᠵᠢᠭᠦᠯᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠥᠪᠰᠢᠨ ᠢ ᠳᠡᠭᠡᠭᠰᠢᠯᠡᠭᠦᠯᠤᠨ᠎ᠡ᠃ ᠵᠢᠷᠭᠤᠭ᠎ᠠ ᠳᠤ ᠠᠵᠢᠯ ᠤᠨ ᠬᠠᠨᠳᠤᠯᠭᠠᠳᠤ ᠴᠢᠨᠠᠷ ᠢ ᠴᠢᠩᠭᠠᠷᠠᠭᠤᠯᠤᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠨᠠᠷ ᠪᠦᠳᠤᠮᠵᠢ ᠶᠢ ᠲᠡᠭᠡᠭᠰᠢᠯᠡᠭᠦᠯᠦᠨ᠎ᠠ ᠭᠡᠪᠡ᠃ᠴᠢᠶᠤᠤ ᠶᠦᠨ ᠯᠢ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠭᠦᠢᠴᠡᠳᠬᠡᠬᠦ ᠶᠢ ᠪᠠᠷᠢᠮᠳᠠᠯᠠᠬᠤ᠂ ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠪᠠᠷᠢᠮᠳᠠᠯᠠᠬᠤ᠂ ᠦᠨᠳᠣᠷ ᠪᠦᠳᠣᠮᠵᠢᠳᠣ ᠣᠶᠢᠯᠡᠴᠢᠯᠡᠭᠡ ᠶᠢ ᠪᠠᠷᠢᠮᠳᠠᠯᠠᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠳᠠᠯᠠᠬᠤ ᠲᠦᠷᠪᠡᠨ ᠲᠠᠯ᠎ᠠ ᠠᠴᠠ ᠵᠠᠰᠠᠭ ᠤᠨ ᠣᠷᠳᠣᠨ ᠤ ᠳᠣᠰ ᠪᠠᠶ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠᠴᠢᠯᠠᠪᠠ᠃      ᠬᠤᠷᠠᠯ ᠲᠡᠭᠡᠷ᠎ᠡ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠨᠮᠠᠨᠳᠤᠬᠤ ᠦᠥᠰᠢᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠬᠢᠪᠠ᠃      ᠪᠤᠶᠠᠨᠮᠠᠨᠳᠤᠬᠤ ᠵᠢᠭᠠᠬᠤ ᠳᠠᠭᠠᠨ᠂ ᠦᠩᠭᠡᠷᠡᠭᠰᠡᠨ ᠨᠢᠭᠡ ᠵᠢᠯ ᠳᠤ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠠᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠨᠠᠶᠢᠳᠠᠪᠤᠷᠢᠵᠢᠭᠤᠯᠵᠦ᠂ ᠬᠤᠰᠢᠭᠤ ᠨᠠᠮ ᠤᠨ ᠬᠤᠷᠢᠶᠠᠨ ᠤ ᠰᠢᠢᠳᠪᠥᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ᠂ ᠪᠦᠬᠦ ᠬᠤᠰᠢᠭᠤᠨ ᠤ ᠦᠭᠡᠷᠡᠴᠢᠯᠠᠯᠳᠠ ᠬᠦᠭᠵᠢᠯᠳᠡ ᠲᠤᠭᠳᠠᠭᠤᠨ ᠪᠠᠶᠢᠬᠤ ᠶᠡᠭᠡ ᠲᠠᠯ᠎ᠠ ᠪᠠ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠬᠦᠯᠬᠦ ᠶᠢᠨ ᠲᠤᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠡᠷᠡᠭᠵᠢᠬᠦᠯᠤᠨ ᠯᠠᠪᠳᠠᠭᠤᠨ ᠪᠤᠳᠠᠳᠠᠢ ᠠᠵᠢᠯᠯᠠᠵᠦ᠂ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢ ᠲᠦᠯᠬᠢᠨ ᠠᠬᠢᠭᠤᠯᠬᠤ ᠳᠤ ᠢᠳᠡᠪᠬᠢᠳᠠᠢ ᠬᠤᠪᠢ ᠨᠡᠮᠡᠷᠢ ᠦᠵᠡᠬᠦᠯᠵᠠᠢ ᠬᠡᠪᠡ᠃      ᠪᠤᠶᠠᠨᠮᠠᠨᠳᠤᠬᠤ ᠵᠢᠭᠠᠬᠤ ᠳᠠᠭᠠᠨ᠂ 2018 ᠤᠨ ᠤ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠶᠡᠷᠤᠩᠭᠡᠢ ᠱᠠᠭᠠᠷᠳᠠᠯᠭ᠎ᠠ ᠪᠤᠯ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠠᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠲᠦᠪ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠲᠤᠤᠱᠯᠠᠭᠤᠯᠵᠦ᠂ ᠨᠠᠮ ᠤᠨ ᠤᠳᠤᠷᠢᠳᠤᠯᠭ᠎ᠠ᠂ ᠬᠠᠤᠯᠢ ᠶᠤᠰᠤᠭᠠᠷ ᠴᠢᠩᠭ᠎ᠠ ᠠᠵᠢᠯᠯᠠᠬᠤ ᠪᠠ ᠠᠷᠠᠳ ᠲᠦᠮᠡᠨ ᠡᠵᠡᠨ ᠰᠠᠭᠤᠵᠦ ᠡᠷᠭᠡ ᠮᠡᠳᠡᠭᠦ ᠶᠢ ᠤᠷᠭᠠᠨᠢᠭ ᠢᠶᠠᠷ ᠨᠢᠭᠡᠳᠤᠬᠦᠯᠬᠦ ᠶᠢ ᠪᠠᠷᠢᠮᠳᠠᠯᠠᠨ᠂ ᠬᠦᠭᠵᠢᠯᠳᠡ ᠶᠢᠨ ᠶᠡᠭᠡ ᠲᠠᠯ᠎ᠠ᠂ ᠬᠠᠤᠯᠢ ᠪᠠᠷ ᠵᠠᠰᠠᠬᠤ ᠪᠠᠶᠢᠭᠤᠯᠤᠯᠳᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠭᠥᠴᠥ ᠪᠠᠨ ᠲᠥᠪᠯᠡᠷᠡᠭᠦᠯᠥᠨ᠂ ᠦᠨᠳᠤᠰᠤᠨ ᠬᠠᠤᠯᠢ ᠪᠠ ᠬᠠᠤᠯᠢ ᠴᠠᠭᠠᠵᠨ ᠠᠴᠠ ᠤᠯᠭᠤᠭᠰᠡᠨ ᠲᠤᠰᠢᠶᠠᠯ ᠬᠠᠷᠢᠭᠤᠴᠠᠯᠭ᠎ᠠ ᠪᠠᠨ ᠲᠦᠪ ᠭᠤᠤᠯᠴᠢ ᠪᠠᠷ ᠬᠦᠢᠴᠡᠳᠭᠡᠵᠦ᠂ ᠬᠦᠴᠤᠨ ᠴᠢᠳᠠᠯ ᠢᠶᠠᠨ ᠬᠠᠮᠳᠤᠳᠬᠠᠨ᠂ ᠰᠢᠨ᠎ᠠ ᠶᠢ ᠡᠬᠦᠳᠴᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠨᠢ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠪᠠ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠳᠠ ᠳᠠᠬᠢ ᠴᠢᠬᠤᠯᠨ ᠤᠶᠢᠯᠡᠳᠤᠯ ᠢᠶᠠᠨ ᠨᠠᠩ ᠰᠡᠶᠢᠳᠤᠷ ᠪᠠᠳᠠᠷᠠᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ᠂ ︽ᠭᠤᠷᠪᠠᠨ ᠶᠡᠭᠡ ᠪᠠᠬᠢᠯᠡᠯᠳᠡ ᠶᠢ ᠰᠢᠪᠳᠤᠯᠬᠤ ᠲᠠᠶᠢᠯᠠᠯᠳᠤᠭᠠᠨ︾ ᠢ ᠰᠠᠶᠢᠳᠤᠷ ᠬᠢᠬᠦ᠂ ᠨᠤᠮᠢᠨ ᠲᠠᠩᠰᠤᠭ ᠦᠤᠰᠢᠨ ᠤ ᠠᠵᠦ ᠠᠬᠤᠢ ᠨᠡᠶᠢᠭᠡᠮ ᠤᠨ ᠦᠨᠳᠤᠷ ᠴᠢᠨᠠᠷ ᠴᠢᠠᠰᠠᠭ᠎ᠠ ᠲᠠᠢ ᠬᠦᠭᠵᠢᠯᠳᠡ ᠶᠢ ᠪᠡᠶᠡᠯᠡᠬᠦᠯᠬᠦ ᠶᠢ ᠲᠦᠯᠬᠢᠨ ᠠᠬᠢᠭᠤᠯᠬᠤ ᠪᠠᠷ ᠴᠦᠬᠦᠷᠡᠰᠢ ᠦᠭᠡᠢ ᠴᠢᠷᠮᠠᠶᠢᠬᠤ ᠶᠠᠪᠤᠳᠠᠯ ᠪᠤᠯᠤᠨ᠎ᠠ ᠬᠡᠪᠡ᠃      2018 ᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠲᠤᠬᠠᠢ ᠪᠤᠶᠠᠨᠮᠠᠨᠳᠤᠬᠤ ᠵᠢᠭᠠᠬᠤ ᠳᠤ ᠪᠠᠨ᠂ ᠨᠢᠭᠡ ᠳᠤ ᠰᠢᠨ᠎ᠠ ᠴᠠᠭ ᠥᠶ᠎ᠡ ᠳᠤ ᠰᠠᠭᠤᠷᠢᠯᠠᠵᠤ᠂ ᠭᠥᠭᠵᠢᠯᠳᠡ ᠶᠢᠨ ᠴᠤᠬᠢᠯᠭ᠎ᠠ ᠶᠢ ᠡᠵᠡᠮᠳᠡᠬᠦ ᠳᠤ ᠴᠢᠭᠯᠡᠯ ᠢᠶᠠᠨ ᠵᠦᠪ ᠤᠨᠤᠪᠴᠢᠳᠠᠢ ᠪᠠᠷᠢᠮᠳᠠᠯᠠᠨ᠎ᠠ᠃ ᠬᠤᠶᠠᠷ ᠲᠤ ᠰᠢᠨ᠎ᠠ ᠡᠬᠦᠷᠭᠡ ᠲᠤᠰᠢᠶᠠᠯ ᠢᠶᠠᠨ ᠰᠠᠶᠢᠳᠤᠷ ᠬᠦᠢᠴᠡᠳᠭᠡᠨ᠂ ᠬᠢᠨᠠᠯᠳᠠ ᠲᠠᠯᠪᠢᠬᠤ ᠡᠬᠦᠷᠭᠡ ᠴᠢᠳᠠᠪᠬᠢ ᠪᠠᠨ ᠬᠦᠢᠴᠡᠳᠭᠡᠬᠦ ᠳᠤ ᠬᠠᠷᠢᠭᠤᠴᠠᠯᠭ᠎ᠠ ᠪᠠᠨ ᠴᠢᠷᠮᠠᠶᠢᠨ ᠪᠡᠶᠡᠯᠡᠬᠦᠯᠤᠨ᠎ᠠ᠃ ᠭᠤᠷᠪᠠ ᠳᠤ ᠰᠢᠨ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠤᠨ᠂ ᠠᠷᠠᠳᠴᠢᠯᠠᠯ ᠬᠠᠤᠯᠢ ᠲᠦᠷᠢᠮ ᠢ ᠲᠦᠯᠬᠢᠨ ᠠᠬᠢᠭᠤᠯᠬᠤ ᠳᠤ ᠡᠬᠦᠷᠭᠡ ᠲᠤᠰᠢᠶᠠᠯ ᠢᠶᠠᠨ ᠬᠢᠴᠢᠶᠡᠩᠬᠦ᠋ᠢᠯᠡᠨ ᠬᠦᠢᠴᠡᠳᠭᠡᠨ᠎ᠠ᠃ ᠲᠦᠷᠪᠡ ᠳᠤ ᠰᠢᠨ᠎ᠠ ᠤᠶᠢᠯᠡᠳᠤᠯᠭᠡ ᠶᠢ ᠬᠦᠨᠵᠡᠭᠡᠶᠢᠷᠡᠬᠦᠯᠤᠨ᠂ ᠲᠦᠯᠦᠭᠡᠯᠡᠭᠴᠢ ᠶᠢᠨ ᠭᠤᠤᠯ ᠴᠤᠭᠴᠨ ᠶᠢᠨ ᠤᠶᠢᠯᠡᠳᠤᠯ ᠢ ᠪᠠᠳᠠᠷᠠᠭᠤᠯᠬᠤ ᠳᠤ ᠰᠡᠳᠬᠢᠯ ᠢᠶᠠᠨ ᠨᠢᠭᠡᠳᠭᠡᠨ ᠬᠦᠴᠤ ᠪᠠᠨ ᠬᠠᠮᠳᠤᠳᠬᠠᠨ᠎ᠠ᠃ ᠲᠠᠪᠤ ᠳᠤ ᠰᠢᠨ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠲᠤᠰ ᠪᠡᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠬᠤ ᠳᠤ ᠲᠠᠪᠳᠠᠨ ᠪᠠᠬᠢᠵᠢᠵᠤ ᠬᠢᠷᠢ ᠲᠦᠪᠰᠢᠨ ᠢᠶᠠᠨ ᠲᠡᠭᠡᠭᠰᠢᠯᠡᠬᠦᠯᠤᠨ᠎ᠠ ᠬᠡᠪᠡ᠃      ᠬᠤᠷᠠᠯ ᠲᠡᠭᠡᠷ᠎ᠡ᠂ ᠬᠤᠰᠢᠭᠤ ᠠᠷᠠᠳ ᠤᠨ ᠰᠢᠬᠦᠬᠦ ᠬᠤᠷᠢᠶᠠᠨ ᠤ ᠲᠠᠷᠤᠭ᠎ᠠ ᠰᠦᠨ ᠰᠢᠶᠤᠤ ᠴᠢᠶᠠᠩ ᠬᠤᠰᠢᠭᠤ ᠠᠷᠠᠳ ᠤᠨ ᠰᠢᠬᠦᠬᠦ ᠬᠤᠷᠢᠶᠠᠨ ᠤ ᠠᠵᠢᠯ ᠤᠨ ᠮᠡᠳᠡᠬᠦᠯᠦᠯᠲᠡ ᠬᠢᠵᠤ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠲᠠᠷᠤᠭ᠎ᠠ ᠽᠦᠸᠧ ᠴᠧᠨ ᠭᠤᠸᠠᠩ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠤᠯᠲᠡ ᠬᠢᠪᠡ᠃      ᠬᠤᠷᠠᠯ ᠠᠴᠠ ᠥᠥᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠰᠠᠨᠠᠯ ᠵᠦᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠬᠡᠰᠢᠬᠦᠨ ᠸᠠᠩ ᠵᠢᠷᠭᠠᠯ ᠤᠨ ᠰᠠᠨᠠᠯ ᠵᠦᠪᠯᠡᠯᠬᠡ ᠶᠢ ᠬᠢᠨᠠᠨ ᠪᠠᠶᠢᠴᠠᠭᠠᠭᠰᠠᠨ ᠪᠠᠶᠢᠳᠠᠯ ᠪᠠ ᠰᠠᠨᠠᠯ ᠢ ᠰᠢᠢᠳᠪᠦᠷᠢᠯᠡᠭᠰᠡᠨ ᠳᠣᠬᠠᠢ ᠮᠡᠳᠡᠬᠦᠯᠦᠯᠲᠡ ᠶᠢ ᠰᠣᠨᠣᠰᠴᠣ᠂ ︽ᠥᠥᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠤᠭᠠᠨ ᠤ ᠬᠤᠰᠢᠭᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠳᠣᠬᠠᠢ ᠰᠢᠢᠳᠪᠦᠷᠢ ︵ᠳᠦᠰᠦᠯ︶︾᠂ ︽ᠥᠥᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠤᠭᠠᠨ ᠤ ᠦᠦᠰᠢᠨ ᠬᠤᠰᠢᠭᠤᠨ ᠤ 2017 ᠣᠨ ᠤ ᠣᠯᠣᠰ ᠠᠷᠠᠳ ᠤᠨ ᠠᠵᠣ ᠠᠬᠤᠢ ᠪᠣᠯᠣᠨ ᠨᠡᠶᠢᠬᠡᠮ ᠤᠨ ᠬᠦᠭᠵᠢᠯᠲᠡ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠪᠠ 2018 ᠣᠨ ᠤ ᠣᠯᠣᠰ ᠠᠷᠠᠳ ᠤᠨ ᠠᠵᠣ ᠠᠬᠤᠢ ᠪᠣᠯᠣᠨ ᠨᠡᠶᠢᠬᠡᠮ ᠤᠨ ᠬᠦᠭᠵᠢᠯᠲᠡ ᠶᠢᠨ ᠲᠦᠯᠦᠪᠯᠡᠭᠡ ᠲᠦᠰᠦᠯ ᠤᠨ ᠳᠣᠬᠠᠢ ᠰᠢᠢᠳᠪᠦᠷᠢ ︵ᠳᠦᠰᠦᠯ︶︾᠂ ︽ᠥᠥᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠤᠭᠠᠨ ᠤ ᠦᠦᠰᠢᠨ ᠬᠤᠰᠢᠭᠤᠨ ᠤ 2017 ᠣᠨ ᠤ ᠡᠳ᠋ ᠤᠨ ᠵᠠᠰᠠᠭ ᠤᠨ ᠲᠦᠰᠦᠪ ᠢ ᠬᠡᠷᠡᠭᠵᠢᠬᠦᠯᠦᠭᠰᠡᠨ ᠪᠠᠶᠢᠳᠠᠯ ᠪᠠ 2018 ᠣᠨ ᠤ ᠡᠳ᠋ ᠤᠨ ᠵᠠᠰᠠᠭ ᠤᠨ ᠲᠦᠰᠦᠪ ᠳᠦᠰᠦᠯ ᠤᠨ ᠳᠣᠬᠠᠢ ᠰᠢᠢᠳᠪᠦᠷᠢ ︵ᠳᠦᠰᠦᠯ︶︾᠂ ︽ᠥᠥᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠤᠭᠠᠨ ᠤ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠲᠡ ᠶᠢᠨ ᠳᠣᠬᠠᠢ ᠰᠢᠢᠳᠪᠦᠷᠢ ︵ᠳᠦᠰᠦᠯ︶︾᠂ ︽ᠥᠥᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠤᠭᠠᠨ ᠤ ᠬᠤᠰᠢᠭᠤ ᠠᠷᠠᠳ ᠤᠨ ᠰᠢᠬᠦᠬᠦ ᠬᠤᠷᠢᠶᠠᠨ ᠤ ᠠᠵᠢᠯ ᠤᠨ ᠢᠯᠡᠳᠭᠡᠯ ᠤᠨ ᠳᠣᠬᠠᠢ ᠰᠢᠢᠳᠪᠦᠷᠢ ︵ᠳᠦᠰᠦᠯ︶︾᠂ ︽ᠥᠥᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠤᠭᠠᠨ ᠤ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠭᠡᠯ ᠤᠨ ᠳᠣᠬᠠᠢ ᠰᠢᠢᠳᠪᠦᠷᠢ ︵ᠳᠦᠰᠦᠯ︶︾ ᠶᠢ ᠬᠢᠨᠠᠨ ᠪᠠᠳᠣᠯᠠᠪᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号