ᠪᠦᠬᠦ ᠬᠤᠰᠢᠭᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-04-16
      ᠤᠶᠢᠷ᠎ᠠ ᠶᠢᠨ ᠡᠳᠤᠷ᠂ ᠪᠦᠬᠦ ᠬᠤᠰᠢᠭᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠲᠡᠭᠡᠷ᠎ᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠤᠯᠤᠰ᠂ ᠤᠷᠤᠨ᠂ ᠬᠤᠳᠠ ᠶᠢᠨ ᠵᠤᠬᠢᠶᠠᠨ ᠪᠠᠶᠢᠭᠤᠯᠤᠯᠳᠠ᠂ ᠰᠤᠷᠳᠠᠯ ᠤᠬᠠᠭᠤᠯᠭ᠎ᠠ᠂ ᠨᠢᠭᠡᠳᠦᠮᠡᠯ ᠹᠠᠷᠤᠨᠲ ᠵᠡᠷᠭᠡ ᠬᠠᠮᠢᠶ᠎ᠠ ᠪᠦᠬᠦᠢ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠲᠤᠯᠭᠠᠷᠠᠵᠤ ᠪᠠᠶᠢᠭ᠎ᠠ ᠰᠢᠨ᠎ᠡ ᠱᠠᠭᠠᠷᠳᠠᠯᠭ᠎ᠠ ᠳᠤ ᠵᠠᠳᠠᠯᠤᠯᠳᠠ ᠬᠢᠨ᠂ ᠪᠦᠬᠦ ᠬᠤᠰᠢᠭᠤᠨ ᠤ ᠦᠨᠦ ᠵᠢᠯ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠭᠤᠤᠯ ᠡᠭᠦᠷᠭᠡ ᠪᠠᠨ ᠪᠠᠶᠢᠷᠢᠯᠠᠭᠤᠯᠵᠤ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠡᠷᠴᠢ ᠵᠤᠷᠢᠭ ᠢᠶᠠᠨ ᠬᠦᠪᠴᠢᠯᠡᠨ ᠢᠳᠡᠪᠬᠢᠯᠡᠨ ᠠᠵᠢᠯᠯᠠᠵᠤ᠂ ᠬᠦᠴᠢᠷ ᠪᠡᠷᠭᠡᠰᠢᠶᠡᠯ ᠢ ᠢᠯᠠᠨ ᠲᠠᠪᠠᠵᠤ ᠨᠠᠮ ᠤᠨ ᠪᠠᠶᠢᠭᠤᠯᠤᠯᠳᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠭᠡᠷᠡᠭᠳᠡᠢ ᠬᠡᠵᠤ ᠤᠷᠢᠶᠠᠯᠠᠭᠰᠠᠨ ᠪᠠᠶᠢᠨ᠎ᠠ᠃      ᠬᠤᠳᠠ ᠶᠢᠨ ᠤᠯᠤᠰ ᠲᠦᠷᠤ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠳᠤ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃ ᠬᠤᠤ ᠸᠧᠢ᠂ ᠸᠠᠩ ᠯᠢ ᠫᠢᠩ᠂ ᠴᠢᠶᠤᠤ ᠠᠢ ᠫᠢᠩ᠂ ᠯᠠᠨ ᠲᠢᠶᠠᠨ᠂ ᠵᠠᠩ ᡁᠢ ᠰᠢᠦ᠋ᠩ᠂ ᠹᠧᠩ ᡁᠢ ᠮᠢᠩ᠂ ᠵᠤᠤ ᠶᠦᠩ ᠹᠧᠩ᠂ ᠠᠯᠳᠠᠨᠳᠤᠶᠠᠭ᠎ᠠ ᠵᠡᠷᠭᠡ ᠬᠤᠰᠢᠭᠤ ᠤᠳᠤᠷᠢᠳᠤᠯᠭ᠎ᠠ ᠪᠠ ᠡᠯ᠎ᠡ ᠰᠤᠮᠤ ᠪᠠᠯᠭᠠᠰᠣᠨ ᠤ ᠨᠠᠮ ᠤᠨ ᠬᠤᠷᠢᠶᠠᠨ ᠤ ᠱᠦᠵᠢ᠂ ᠲᠡᠳ᠋ ᠱᠦᠵᠢ᠂ ᠬᠤᠰᠢᠭᠤ ᠡᠯ᠎ᠡ ᠠᠯᠪᠠᠨ ᠪᠠᠶᠢᠭᠤᠯᠭ᠎ᠠ᠂ ᠤᠯᠠᠨ ᠲᠦᠮᠡᠨᠴᠢ ᠪᠦᠯᠬᠦᠮ᠂ ᠡᠯ᠎ᠡ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠶᠢᠨ ᠨᠠᠮ ᠤᠨ ᠬᠤᠷᠢᠶ᠎ᠠ ︵ᠲᠤᠭᠤᠶᠢᠯᠠᠩ᠂ ᠶᠡᠷᠦᠩᠭᠡᠢ ᠡᠭᠦᠷ︶ ᠶᠢᠨ ᠱᠦᠵᠢ᠂ ᠬᠤᠰᠢᠭᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠭᠡᠯᠳᠡᠰ᠂ ᠤᠬᠠᠭᠤᠯᠬᠤ ᠭᠡᠯᠳᠡᠰ᠂ ᠨᠢᠭᠡᠳᠦᠮᠡᠯ ᠹᠷᠤᠨᠲ ᠤᠨ ᠭᠡᠯᠳᠡᠰ᠂ ᠨᠠᠮ ᠤᠨ ᠠᠵᠢᠯᠯᠠᠬᠤ ᠬᠤᠷᠢᠶ᠎ᠠ᠂ ᠦᠨᠳᠦᠰᠦᠳᠡᠨ ᠱᠠᠰᠢᠨ ᠰᠤᠷᠳᠠᠬᠤᠨ ᠤ ᠭᠡᠷᠡᠭ ᠡᠷᠬᠢᠯᠡᠬᠦ ᠲᠤᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃      ᠵᠢᠷᠭᠠᠯᠳᠤ ᠵᠢᠭᠠᠬᠤ ᠳᠠᠭᠠᠨ᠂ ᠦᠩᠭᠡᠷᠡᠭᠰᠡᠨ ᠨᠢᠭᠡ ᠵᠢᠯ ᠳᠤ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠬᠤᠷᠢᠶ᠎ᠠ ᠶᠢᠨ ᠭᠤᠤᠯ ᠠᠵᠢᠯ ᠤᠨ ᠲᠤᠭᠤᠷᠢᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠡᠯ᠎ᠡ ᠲᠦᠷᠦᠯ ᠤᠨ ᠠᠵᠢᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠠᠷᠢᠭᠤᠴᠠᠵᠤ ᠪᠠᠶᠢᠭ᠎ᠠ ᠠᠵᠢᠯ ᠡᠭᠦᠷᠭᠡᠯᠡᠵᠤ ᠪᠠᠶᠢᠭ᠎ᠠ ᠡᠭᠦᠷᠭᠡ ᠳᠡᠭᠡᠨ ᠠᠩᠬᠠᠷᠤᠯ ᠢᠶᠠᠨ ᠲᠦᠪᠯᠡᠷᠡᠭᠦᠯᠵᠤ᠂ ᠨᠠᠷᠢᠨ ᠤᠨᠤᠪᠴᠢᠳᠠᠢ ᠰᠢᠨᠵᠢᠯᠡᠬᠦ ᠤᠬᠠᠭᠠᠨᠴᠢ ᠠᠷᠭ᠎ᠠ ᠪᠤᠳᠤᠯᠭ᠎ᠠ ᠶᠢ ᠭᠡᠷᠡᠭᠵᠢᠭᠦᠯᠦᠨ᠂ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠰᠢᠨ᠎ᠡ ᠠᠬᠢᠯᠳᠠ᠂ ᠰᠢᠨ᠎ᠡ ᠠᠮᠵᠢᠯᠳᠠ ᠤᠯᠬᠤ ᠢ ᠠᠬᠢᠭᠤᠯᠤᠨ ᠪᠦᠬᠦ ᠬᠤᠰᠢᠭᠤᠨ ᠤ ᠦᠭᠡᠷᠡᠴᠢᠯᠡᠯᠳᠠ ᠬᠦᠭᠵᠢᠯᠳᠠ ᠶᠢᠨ ᠯᠠᠪᠳᠠᠭᠤᠨ ᠠᠬᠢᠯᠳᠠ ᠳᠤ ᠤᠯᠤᠰ ᠲᠦᠷᠤ ᠶᠢᠨ ᠪᠠᠳᠤᠯᠠᠭ᠎ᠠ ᠬᠠᠩᠭᠠᠭᠰᠠᠨ ᠪᠠᠶᠢᠨ᠎ᠠ᠃      ᠵᠢᠷᠭᠠᠯᠳᠤ ᠴᠢᠬᠤᠯᠠᠴᠢᠯᠠᠬᠤ ᠳᠠᠭᠠᠨ᠂ 2018 ᠤᠨ ᠪᠤᠯ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠡᠬᠢᠯᠡᠯᠳᠠ ᠶᠢᠨ ᠤᠨ᠂ ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠤᠢ ᠪᠤᠯᠬᠤ ᠪᠦᠭᠡᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠡᠯᠡᠬᠦᠯᠭᠦ ᠰᠢᠢᠳᠪᠤᠷᠢᠳᠤ ᠢᠯᠠᠯᠳᠠ ᠶᠢ ᠤᠯᠵᠤ᠂ ᠤᠳᠤᠬᠢᠴᠢᠯᠠᠭᠰᠠᠨ ᠦᠤᠰᠢᠨ ᠬᠤᠰᠢᠭᠤ ᠶᠢ ᠪᠦᠳᠦᠭᠡᠨ ᠪᠠᠶᠢᠭᠤᠯᠬᠤ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ ᠃ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠡᠷᠭᠡᠪᠰᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠰᠢᠨ᠎ᠡ ᠡᠭᠦᠷᠭᠡ ᠱᠠᠭᠠᠷᠳᠠᠯᠭ᠎ᠠ ᠠᠭᠤᠯᠤᠭᠳᠠᠬᠤᠨ ᠢ ᠤᠨᠤᠪᠴᠢᠳᠠᠢ ᠠᠳᠬᠤᠨ᠂ ᠲᠡᠤᠭᠡ ᠶᠢᠨ ᠰᠢᠨ᠎ᠡ ᠤᠷᠤᠨ ᠪᠠᠶᠢᠷᠢ ᠲᠡᠭᠡᠷ᠎ᠡ ᠵᠤᠭᠰᠤᠨ ᠴᠢᠳᠠᠮᠠᠭᠠᠢ ᠪᠠᠷ ᠠᠰᠠᠭᠤᠳᠠᠯ ᠢ ᠰᠡᠳᠬᠢᠵᠤ᠂ ᠠᠵᠢᠯ ᠢᠶᠠᠨ ᠲᠦᠯᠦᠪᠯᠡᠨ᠂ ᠬᠠᠷᠢᠭᠤᠴᠠᠯᠭ᠎ᠠ ᠪᠠᠨ ᠴᠢᠩᠭᠠᠳᠬᠠᠨ᠂ ᠪᠦᠯᠭᠦᠮᠳᠡᠨ ᠲᠡᠮᠡᠴᠡᠵᠤ᠂ ᠮᠠᠨ ᠤ ᠬᠤᠰᠢᠭᠤᠨ ᠤ ᠲᠡᠭᠡᠳᠤ ᠴᠢᠨᠠᠷᠯᠢᠭ ᠭᠦᠭᠵᠢᠯᠳᠠ ᠶᠢ ᠲᠦᠯᠬᠢᠨ ᠠᠬᠢᠭᠤᠯᠬᠤ ᠳᠤ ᠡᠷᠡᠰ ᠴᠢᠩᠭ᠎ᠠ ᠪᠠᠳᠤᠯᠠᠭ᠎ᠠ ᠬᠠᠩᠭᠠᠬᠤ ᠭᠡᠷᠡᠭᠳᠡᠢ ᠭᠡᠪᠡ᠃      ᠵᠢᠷᠭᠠᠯᠳᠤ ᠱᠠᠭᠠᠷᠳᠠᠬᠤ ᠳᠠᠭᠠᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠶᠡᠷᠦᠩᠭᠡᠢ ᠱᠠᠭᠠᠷᠳᠠᠯᠭ᠎ᠠ ᠶᠢ ᠬᠦᠨᠵᠡᠭᠡᠢ ᠡᠵᠡᠮᠰᠢᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠴᠢᠨᠠᠷ ᠢ ᠲᠡᠭᠡᠭᠰᠢᠯᠡᠬᠦᠯᠬᠦ ᠳᠤ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢ ᠨᠡᠮᠡᠭᠳᠡᠭᠦᠯᠦᠨ᠂ ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠮᠳᠤᠷᠠᠯ ᠭᠦᠴᠦᠨ ᠢᠶᠠᠨ ᠪᠦᠬᠦ ᠬᠤᠰᠢᠭᠤᠨ ᠤ ᠲᠡᠭᠡᠳᠤ ᠴᠢᠨᠠᠷᠯᠢᠭ ᠬᠦᠭᠵᠢᠯᠳᠠ ᠶᠢᠨ ᠴᠢᠬᠤᠯᠨ ᠶᠡᠭᠡ ᠬᠦᠳᠡᠯᠭᠡᠭᠴᠢ ᠬᠦᠴᠦᠨ ᠪᠤᠯᠭᠠᠨ ᠬᠤᠪᠢᠷᠠᠭᠤᠯᠬᠤ ᠭᠡᠷᠡᠭᠳᠡᠢ᠃ ᠭᠤᠤᠯᠳᠠᠯᠭ᠎ᠠ ᠪᠠᠨ ᠲᠤᠪᠤᠶᠢᠯᠭᠠᠨ᠂ ᠬᠠᠷᠢᠭᠤᠴᠠᠯᠭ᠎ᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠵᠤᠬᠢᠶᠠᠨ ᠪᠠᠶᠢᠭᠤᠯᠤᠯᠳᠠ᠂ ᠰᠤᠷᠳᠠᠯ ᠤᠬᠠᠭᠤᠯᠭ᠎ᠠ᠂ ᠨᠢᠭᠡᠳᠤᠮᠡᠯ ᠹᠷᠤᠨᠲ᠂ ᠤᠯᠠᠨ ᠲᠦᠮᠡᠨᠴᠢ ᠪᠦᠯᠬᠦᠮ ᠤᠨ ᠠᠵᠢᠯ ᠤᠨ ᠤᠨᠴᠠᠯᠢᠭ ᠪᠠ ᠠᠵᠢᠯ ᠤᠨ ᠵᠢᠮ᠎ᠠ ᠪᠠᠨ ᠲᠠᠰᠤᠷᠠᠯᠳᠠ ᠦᠭᠡᠢ ᠰᠢᠨᠡᠴᠢᠯᠡᠨ᠂ ᠠᠵᠤ ᠠᠬᠤᠢ ᠨᠡᠶᠢᠭᠡᠮ ᠤᠨ ᠬᠦᠭᠵᠢᠯᠳᠠ ᠳᠤ ᠦᠢᠯᠡᠴᠢᠯᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠬᠤ ᠰᠢᠪᠳᠤᠯᠤᠯᠳᠠ ᠶᠢᠨ ᠴᠡᠭ᠂ ᠬᠦᠴᠦᠯᠡᠬᠦ ᠴᠡᠭ ᠢᠶᠠᠨ ᠰᠠᠶᠢᠳᠤᠷ ᠤᠯᠵᠤ᠂ ᠰᠠᠨᠠᠭᠠᠴᠢᠯᠠᠭᠠᠳᠤ ᠴᠢᠨᠠᠷ ᠪᠠ ᠪᠦᠳᠦᠭᠡᠯᠴᠢ ᠴᠢᠨᠠᠷ ᠢᠶᠠᠨ ᠴᠢᠩᠭᠠᠳᠬᠠᠨ᠂ ᠡᠯ᠎ᠡ ᠲᠦᠷᠦᠯ ᠤᠨ ᠠᠵᠢᠯ ᠢᠶᠠᠨ ᠰᠢᠨ᠎ᠡ ᠲᠦᠪᠰᠢᠨ ᠳᠤ ᠭᠠᠷᠭᠠᠬᠤ ᠭᠡᠷᠡᠭᠳᠡᠢ᠃ ᠤᠳᠤᠷᠢᠳᠤᠯᠭ᠎ᠠ ᠬᠠᠷᠢᠭᠤᠴᠠᠯᠭ᠎ᠠ ᠪᠠᠨ ᠴᠢᠩᠭᠠᠳᠬᠠᠵᠤ᠂ ᠨᠠᠮ ᠤᠨ ᠪᠠᠶᠢᠭᠤᠯᠤᠯᠳᠠ ᠶᠢᠨ ᠠᠵᠢᠯ ᠢ ᠦᠨᠡᠨᠬᠦ ᠪᠤᠳᠠᠳᠠᠶᠢᠵᠢᠭᠤᠯᠬᠤ ᠭᠡᠷᠡᠭᠳᠡᠢ᠃ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠢ ᠬᠠᠷᠢᠯᠴᠠᠨ ᠬᠠᠮᠳᠤᠷᠠᠯᠴᠠᠭ᠎ᠠ ᠪᠠᠨ ᠴᠢᠩᠭᠠᠳᠬᠠᠵᠤ ᠬᠦᠴᠦᠨ ᠴᠢᠳᠠᠯ ᠢᠶᠠᠨ ᠨᠢᠭᠡᠳᠭᠡᠨ᠂ ᠨᠠᠮ ᠤᠨ ᠪᠠᠶᠢᠭᠤᠯᠤᠯᠳᠠ ᠶᠢᠨ ᠠᠵᠢᠯ ᠤᠨ ᠭᠤᠤᠯᠳᠠᠯᠭ᠎ᠠ ᠪᠠ ᠠᠵᠢᠯ ᠤᠨ ᠡᠭᠦᠷᠭᠡ ᠲᠠᠢ ᠪᠠᠨ ᠬᠠᠷᠭᠤᠭᠤᠯᠤᠨ᠂ ᠲᠤᠭᠳᠠᠮᠠᠯ ᠪᠤᠰᠤ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠤ᠂ ᠨᠠᠮ ᠤᠨ ᠪᠠᠶᠢᠭᠤᠯᠤᠯᠳᠠ ᠶᠢᠨ ᠡᠯ᠎ᠡ ᠲᠦᠷᠦᠯ ᠤᠨ ᠠᠵᠢᠯ ᠢ ᠪᠠᠶᠢᠩᠭᠤᠵᠢᠭᠤᠯᠤᠨ᠂ ᠡᠷᠡᠰ ᠴᠢᠩᠭ᠎ᠠ ᠰᠢᠯᠭᠠᠨ ᠲᠤᠭᠳᠠᠭᠠᠵᠤ ᠬᠠᠷᠢᠭᠤᠴᠠᠯᠭ᠎ᠠ ᠨᠡᠭᠡᠮᠵᠢᠯᠡᠬᠦ ᠠᠷᠭ᠎ᠠ ᠭᠡᠮᠵᠢᠶ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠱᠠᠭᠠᠷᠳᠠᠯᠭ᠎ᠠ ᠶᠢ ᠪᠤᠳᠠᠳᠠᠶᠢᠵᠢᠭᠤᠯᠬᠤ ᠭᠡᠷᠡᠭᠳᠡᠢ ᠭᠡᠪᠡ᠃      ᠬᠤᠷᠠᠯ ᠲᠡᠭᠡᠷ᠎ᠡ᠂ ᠸᠠᠩ ᠯᠢ ᠫᠢᠩ᠂ ᠹᠧᠩ ᡁᠢ ᠮᠢᠩ᠂ ᠠᠯᠳᠠᠨᠳᠤᠶᠠᠭ᠎ᠠ ᠲᠤᠰ ᠲᠤᠰ 2017 ᠤᠨ ᠤ ᠵᠤᠬᠢᠶᠠᠨ ᠪᠠᠶᠢᠭᠤᠯᠤᠯᠳᠠ᠂ ᠰᠤᠷᠳᠠᠯ ᠤᠭᠠᠭᠤᠯᠭ᠎ᠠ ᠰᠤᠶᠤᠯ᠂ ᠨᠢᠭᠡᠳᠦᠮᠡᠯ ᠹᠷᠤᠲ ᠤᠨ ᠠᠵᠢᠯ ᠢ ᠳ᠋ᠦᠩᠨᠡᠨ᠂ 2018 ᠤᠨ ᠤ ᠠᠵᠢᠯ ᠤᠨ ᠡᠭᠦᠷᠭᠡ ᠪᠠᠨ ᠪᠠᠶᠢᠷᠢᠯᠠᠭᠤᠯᠤᠭᠰᠠᠨ ᠪᠠᠶᠢᠨ᠎ᠠ᠃      ᠬᠤᠷᠠᠯ ᠢ ᠸᠢᠳᠢᠣ᠋ ᠬᠤᠷᠠᠯ ᠤᠨ ᠭᠡᠯᠪᠡᠷᠢ ᠪᠠᠷ ᠬᠤᠷᠠᠯᠳᠤᠭᠤᠯᠵᠤ᠂ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ᠂ ᠨᠠᠷᠢᠠᠭᠤᠤᠯ ᠠᠵᠤ ᠦᠢᠯᠡᠳᠪᠦᠷᠢ ᠶᠢᠨ ᠤᠷᠤᠨ᠂ ᠡᠯ᠎ᠡ ᠰᠤᠮᠤ ᠪᠠᠯᠭᠠᠰᠤᠨ ᠤ ᠰᠠᠯᠠᠭᠠᠨ ᠲᠡᠰ ᠠᠴᠠ ᠲᠡᠭᠡᠭᠰᠢᠬᠢ ᠺᠠᠳ᠋ᠷ ᠠᠵᠢᠯᠳᠠᠳ ᠵᠢᠴᠢ᠂ ᠵᠤᠬᠢᠶᠠᠨ ᠪᠠᠶᠢᠭᠤᠯᠤᠯᠳᠠ᠂ ᠰᠤᠷᠳᠠᠯ ᠤᠬᠠᠭᠤᠯᠭ᠎ᠠ ᠰᠤᠶᠤᠯ᠂ ᠨᠢᠭᠡᠳᠦᠮᠡᠯ ᠹᠠᠷᠤᠨᠲ ᠤᠨ ᠠᠵᠢᠯ ᠢ ᠬᠠᠷᠢᠭᠤᠴᠠᠵᠤ ᠪᠠᠶᠢᠭ᠎ᠠ ᠺᠠᠳ᠋ᠷ ᠠᠵᠢᠯᠳᠠᠳ᠂ ᠰᠤᠶᠤᠯ ᠤᠨ ᠦᠷᠳᠡᠭᠡᠨ ᠲᠠᠷᠤᠭ᠎ᠠ᠂ ᠰᠤᠶᠤᠯ ᠲᠠᠮᠢᠷ ᠤᠨ ᠤᠨᠴᠨ ᠲᠤᠮᠢᠯᠠᠭᠴᠢ᠂ ᠭᠠᠴᠠᠭ᠎ᠠ ᠲᠤᠰᠬᠤᠨ ᠤ ᠰᠤᠶᠤᠯ ᠤᠨ ᠦᠷᠦᠭᠡᠨ ᠤ ᠠᠵᠢᠯᠯᠠᠭᠴᠢ᠂ ᠡᠯ᠎ᠡ ᠭᠠᠴᠠᠭ᠎ᠠ ᠲᠤᠰᠬᠤᠨ ᠤ ︽ᠭᠤᠷᠪᠠᠨ ᠵᠦᠪᠯᠡᠯ︾ ᠤᠨ ᠤᠳᠤᠷᠢᠳᠬᠤ ᠪᠠᠭ ᠤᠨ ᠭᠡᠰᠢᠭᠦᠳ ᠬᠤᠪᠢᠶᠠᠷᠢ ᠬᠤᠷᠠᠯ ᠤᠨ ᠲᠠᠯᠠᠪᠡᠢ ᠳᠤ ᠬᠤᠷᠠᠯ ᠳᠤ ᠤᠷᠤᠯᠴᠠᠪᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号