ᠮᠠᠨ ᠤ ᠬᠤᠰᠢᠭᠤᠨ ᠤ ᠮᠤᠩᠭᠤᠯ ᠬᠢᠲᠠᠳ ᠬᠤᠤᠰ ᠬᠡᠯᠡᠨ ᠤ ᠠᠵᠢᠯᠳᠠᠳ ᠪᠦᠬᠦ ᠬᠤᠲᠠ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠷᠴᠢᠭᠤᠯᠭ᠎ᠠ ᠶᠢᠨ ᠠᠵᠢᠯ ᠵᠢᠴᠢ ᠮᠤᠩᠭᠤᠯ ᠦᠭᠡ ᠬᠡᠯᠡ ᠦᠰᠦᠭ ᠪᠢᠴᠢᠭ ᠤᠨ ᠰᠤᠷᠠᠭ ᠵᠠᠩᠭᠢᠴᠢᠯᠠᠯᠲᠠ ᠶᠢᠨ ᠪᠤᠯᠪᠠᠰᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2018-04-16
      3 ᠰᠠᠷ᠎ᠠ ᠶᠢᠨ 19 ᠤ ᠡᠳᠦᠷ ᠠᠴᠠ 23 ᠤ ᠡᠳᠦᠷ ᠬᠤᠰᠢᠭᠤ ᠦᠨᠳᠦᠰᠦᠲᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ ᠨᠢ ᠪᠦᠬᠦ ᠬᠤᠰᠢᠭᠤᠨ ᠤ 70 ᠭᠠᠷᠤᠢ ᠮᠤᠩᠭᠤᠯ ᠬᠢᠲᠠᠳ ᠬᠤᠤᠰ ᠬᠡᠯᠡᠨ ᠤ ᠠᠵᠢᠯᠳᠠᠨ ᠢ ᠵᠤᠬᠢᠶᠠᠨ ᠪᠠᠶᠢᠭᠤᠯᠤᠨ ᠪᠦᠬᠦ ᠬᠤᠲᠠ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠷᠴᠢᠭᠤᠯᠭ᠎ᠠ ᠶᠢᠨ ᠠᠵᠢᠯ ᠵᠢᠴᠢ ᠮᠤᠩᠭᠤᠯ ᠦᠭᠡ ᠬᠡᠯᠡ ᠦᠰᠦᠭ ᠪᠢᠴᠢᠭ ᠤᠨ ᠰᠤᠷᠠᠭ ᠵᠠᠩᠭᠢᠴᠢᠯᠠᠯᠲᠠ ᠶᠢᠨ ᠪᠤᠯᠪᠠᠰᠤᠷᠠᠯ ᠳᠤ ᠤᠷᠤᠯᠴᠠᠭᠤᠯᠪᠠ᠃      ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠨᠢ ᠲᠦᠪ ᠤᠨ ᠦᠨᠳᠦᠰᠦᠲᠡᠨ ᠤ ᠬᠡᠯᠡ ᠪᠢᠴᠢᠭ ᠤᠨ ᠤᠷᠴᠢᠭᠤᠯᠭ᠎ᠠ ᠶᠢᠨ ᠲᠤᠪᠴᠢᠶᠠᠨ ᠤ ᠮᠤᠩᠭᠤᠯ ᠬᠡᠯᠡᠨ ᠤ ᠲᠠᠰᠤᠭ ᠤᠨ ᠤᠤᠯ ᠤᠨ ᠡᠷᠬᠢᠯᠡᠭᠴᠢ᠂ ᠬᠢᠨᠠᠨ ᠤᠷᠴᠢᠭᠤᠯᠤᠭᠴᠢ ᠠᠯᠲᠠᠨᠪᠠᠭᠠᠨ᠎ᠠ᠂ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ ᠶᠢᠨ ᠤᠤᠯ ᠤᠨ ᠲᠡᠳ᠋ ᠶᠡᠷᠦᠩᠭᠡᠢ ᠨᠠᠶᠢᠷᠠᠭᠤᠯᠤᠭᠴᠢ᠂ ᠲᠡᠭᠡᠲᠦ ᠵᠡᠷᠭᠡ ᠶᠢᠨ ᠰᠤᠷᠪᠤᠯᠵᠢᠯᠠᠭᠴᠢ ᠲᠠᠶᠢᠴᠢᠨ᠂ ᠦᠪᠦᠷ ᠮᠤᠩᠭᠤᠯ ᠤᠨ ᠵᠢᠨᠢᠩ ᠪᠠᠭᠰᠢ ᠶᠢᠨ ᠲᠡᠭᠡᠲᠦ ᠰᠤᠷᠭᠠᠭᠤᠯᠢ ᠶᠢᠨ ᠲᠡᠳ᠋ ᠫᠷᠤᠹᠧᠰᠰᠤᠷ ᠳ᠋᠊ ᠦᠨᠡᠨᠴᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ︽ᠮᠤᠩᠭᠤᠯ ᠬᠡᠯᠡ ᠪᠢᠴᠢᠭ︾ ᠰᠡᠳᠬᠦᠯ ᠤᠨ ᠬᠤᠷᠢᠶᠠᠨ ᠤ ᠲᠡᠳ᠋ ᠶᠡᠷᠦᠩᠬᠡᠢ ᠨᠠᠶᠢᠷᠠᠭᠤᠯᠤᠭᠴᠢ᠂ ᠱᠦᠵᠢ᠂ ᠬᠢᠨᠠᠨ ᠤᠷᠴᠢᠭᠤᠯᠤᠭᠴᠢ ᠠᠯᠳ᠋ᠬᠤᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠮᠤᠩᠭᠤᠯ ᠰᠤᠷᠠᠭ ᠵᠠᠩᠭᠢ ᠶᠢᠨ ᠡᠬᠢ ᠰᠤᠷᠪᠤᠯᠵᠢ ᠶᠢ ᠲᠡᠯᠭᠡᠷᠡᠬᠦᠯᠦᠨ ᠠᠰᠢᠭᠯᠠᠬᠤ ᠲᠦᠪ ᠤᠨ ᠬᠠᠷᠢᠭᠤᠴᠠᠯᠭᠠᠲᠠᠨ᠂ ᠲᠡᠳ᠋ ᠰᠤᠳᠤᠯᠤᠭᠴᠢ ᠂ ᠢᠨᠵᠧᠨᠧᠷ ᠯᠢᠶᠠᠩ ᠶᠢᠨ ᠪᠤᠤ᠂ ᠤᠷᠳᠤᠰ ᠤᠨ ᠡᠳᠦᠷ ᠤᠨ ᠰᠤᠨᠢᠨ ᠤ ᠬᠤᠷᠢᠶ᠎ᠠ ᠶᠢᠨ ᠮᠤᠩᠭᠤᠯ ᠰᠤᠨᠢᠨ ᠤ ᠰᠤᠨᠢᠨ ᠮᠡᠳᠡᠭᠡᠨ ᠤ ᠬᠡᠯᠲᠡᠰ ᠤᠨ ᠡᠷᠬᠢᠯᠡᠭᠴᠢ᠂ ᠬᠢᠨᠠᠨ ᠤᠷᠴᠢᠭᠤᠯᠤᠭᠴᠢ ᠮᠦᠡᠭᠭᠡᠵᠢᠷᠭᠠᠯ ᠢ ᠤᠷᠢᠵᠤ᠂ ᠮᠤᠩᠭᠤᠯ ᠦᠬᠡ ᠬᠡᠯᠡ ᠦᠰᠦᠭ ᠪᠢᠴᠢᠭ ᠤᠨ ᠰᠤᠷᠠᠭ ᠵᠠᠩᠭᠢᠴᠢᠯᠠᠯᠲᠠ ᠶᠢᠨ ᠲᠤᠬᠠᠢ᠂ ᠤᠷᠴᠢᠭᠤᠯᠭ᠎ᠠ ᠳᠠᠬᠢ ᠬᠡᠯᠡᠨ ᠤ ᠨᠡᠪᠳᠡᠷᠡᠯᠴᠡᠯ ᠬᠢᠭᠡᠳ ᠰᠤᠶᠤᠯ ᠰᠡᠳᠬᠢᠬᠦᠢ ᠶᠢᠨ ᠰᠤᠯᠢᠭᠳᠠᠯ᠂ ᠰᠢᠨ᠎ᠡ ᠨᠡᠷ᠎ᠡ ᠲᠤᠮᠢᠶ᠎ᠠ ᠶᠢ ᠤᠷᠴᠢᠭᠤᠯᠬᠤ ᠠᠷᠭ᠎ᠠ ᠲᠡᠮ ᠵᠡᠷᠭᠡ ᠠᠭᠤᠯᠭ᠎ᠠ ᠪᠦᠬᠦᠢ ᠲᠠᠶᠢᠯᠤᠮᠵᠢ ᠬᠢᠯᠭᠡᠪᠡ᠃ ᠪᠤᠯᠪᠠᠰᠤᠷᠠᠯ ᠲᠤᠮᠳᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠢᠶᠠᠷ ᠠᠭᠤᠯᠭ᠎ᠠ ᠪᠠᠨ ᠪᠤᠯᠭᠠᠭᠰᠠᠨ ᠤᠷᠴᠢᠭᠤᠯᠭ᠎ᠠ ᠶᠢᠨ ᠮᠡᠷᠭᠡᠵᠢᠯ ᠤᠨ ᠤᠷᠤᠯᠳᠤᠭᠠᠨ ᠦᠷᠨᠢᠬᠦᠯᠵᠤ᠂ ᠤᠷᠤᠯᠳᠤᠭᠠᠨ ᠳᠤ ᠰᠢᠯᠭᠠᠷᠠᠭᠰᠠᠨ ᠡᠮᠦᠨ᠎ᠡ 90 ᠬᠦᠮᠦᠨ ᠢ ᠱᠠᠩᠨᠠᠨ ᠬᠦᠬᠢᠬᠦᠯᠵᠤ᠂ ᠮᠠᠨ ᠤ ᠬᠤᠰᠢᠭᠤᠨ ᠤ ᠱᠠᠩᠨᠠᠯ ᠤᠯᠤᠭᠰᠠᠨ ᠬᠦᠮᠦᠨ ᠤ ᠲᠤᠭ᠎ᠠ ᠨᠢ 30 ᠶᠢ ᠲᠠᠪᠠᠭᠰᠠᠨ ᠪᠠᠶᠢᠨ᠎ᠠ᠃      ᠪᠤᠯᠪᠠᠰᠤᠷᠠᠯ ᠢᠶᠠᠷ ᠲᠠᠮᠵᠢᠨ ᠪᠦᠬᠦ ᠬᠤᠰᠢᠭᠤᠨ ᠤ ᠬᠤᠤᠰ ᠬᠡᠯᠡᠨ ᠤ ᠠᠵᠢᠯᠲᠠᠳ ᠤᠨ ᠤᠷᠴᠢᠭᠤᠯᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠠᠵᠢᠯ ᠦᠢᠯᠡᠰ ᠤᠨ ᠬᠦᠭᠵᠢᠯᠲᠡ ᠶᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠲᠠᠭᠤᠷᠢᠶᠠᠯ ᠬᠤᠰᠢᠭᠤ ᠶᠢ ᠡᠬᠦᠳᠦᠨ ᠪᠠᠶᠢᠭᠤᠯᠬᠤ ᠳᠤ ᠴᠢᠳᠠᠪᠤᠷᠢᠲᠠᠨ ᠤ ᠪᠠᠳᠤᠯᠠᠭ᠎ᠠ ᠬᠠᠨᠭ᠍ᠭᠠᠭᠰᠠᠨ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号