ᠬᠤᠰᠢᠭᠤ ᠠᠵᠢᠯ ᠤᠯᠭᠤᠬᠤ ᠦᠢᠯᠡᠴᠢᠯᠡᠭᠡᠨ ᠤ ᠲᠤᠪᠴᠢᠶ᠎ᠠ 237 ᠨᠡᠷᠡᠰ ᠠᠵᠢᠯ ᠠᠯᠳᠠᠭᠰᠠᠳ ᠲᠤ ᠠᠵᠢᠯ ᠠᠯᠳᠠᠭᠰᠠᠨ ᠲᠠᠭᠠᠳᠬᠠᠯ ᠤᠨ ᠮᠦᠩᠭᠦ ᠶᠢ ᠲᠠᠷᠬᠠᠭᠠᠨ ᠦᠭᠴᠠᠢ
ᠨᠡᠶᠢᠲᠡᠯᠡᠭᠰᠡᠨ ᠴᠠᠭ᠄
2018-04-16
      2017 ᠤᠨ ᠳᠤ᠂ ᠬᠤᠰᠢᠭᠤ ᠠᠵᠢᠯ ᠤᠯᠭᠤᠬᠤ ᠦᠢᠯᠡᠴᠢᠯᠡᠭᠡᠨ ᠤ ᠲᠤᠪᠴᠢᠶ᠎ᠠ ᠠᠴᠠ ᠪᠦᠬᠦ ᠬᠤᠰᠢᠭᠤᠨ  ᠤ ᠲᠠᠭᠠᠳᠬᠠᠯ ᠳᠤ ᠤᠷᠤᠭᠰᠠᠨ ᠠᠵᠢᠯ ᠠᠯᠳᠠᠭᠰᠠᠳ ᠢ ᠠᠵᠢᠯ ᠠᠯᠳᠠᠭᠰᠠᠨ ᠬᠤᠭᠤᠴᠠᠭ᠎ᠠ ᠪᠠᠨ ᠲᠤᠭᠳᠠᠪᠤᠷᠢᠲᠠᠢ ᠪᠠᠷ ᠦᠩᠭᠡᠷᠡᠬᠦᠯᠬᠦ ᠶᠢᠨ ᠲᠤᠰᠠᠲᠠ ᠠᠵᠢᠯ ᠠᠯᠲᠠᠭᠰᠠᠳ ᠤᠨ ᠦᠨᠲᠤᠰᠤᠨ ᠠᠮᠢᠲᠤᠷᠠᠯ ᠤᠨ ᠪᠠᠲᠤᠯᠠᠭ᠎ᠠ ᠶᠢᠨ ᠠᠵᠢᠯ ᠢ ᠠᠵᠢᠯ ᠠᠯᠳᠠᠭᠰᠠᠨ ᠲᠠᠭᠠᠳᠬᠠᠯ ᠤᠨ ᠬᠠᠮᠤᠭ ᠤᠨ ᠦᠨᠳᠦᠰᠦᠨ ᠴᠢᠬᠤᠯᠠ ᠠᠵᠢᠯ ᠪᠤᠯᠭᠠᠨ ᠠᠳᠬᠤᠵᠤ᠂ ᠲᠦᠪ ᠤᠨ ᠱᠠᠭᠠᠷᠳᠠᠯᠭ᠎ᠠ ᠬᠢᠬᠡᠳ ᠬᠠᠤᠯᠢ ᠴᠠᠭᠠᠵᠠ ᠬᠠᠤᠯᠢ ᠲᠦᠷᠢᠮ ᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠲᠤᠬᠠᠢ ᠶᠢᠨ ᠭᠠᠵᠠᠷ ᠤᠷᠤᠨ ᠤ ᠨᠡᠶᠢᠬᠡᠮ ᠠᠵᠤ ᠠᠬᠤᠢ ᠶᠢᠨ ᠬᠦᠭᠵᠢᠯᠲᠡ ᠶᠢᠨ ᠬᠢᠷᠢ ᠲᠦᠪᠰᠢᠨ ᠢ ᠦᠨᠳᠦᠰᠦᠯᠡᠨ᠂ ᠠᠵᠢᠯ ᠠᠯᠳᠠᠭᠰᠠᠨ ᠲᠠᠭᠠᠳᠬᠠᠯ ᠤᠨ ᠮᠦᠩᠭᠦᠨ ᠤ ᠪᠠᠷᠢᠮᠵᠢᠶ᠎ᠠ ᠶᠢ ᠲᠠᠰᠦᠷᠠᠯᠲᠠ ᠦᠭᠡᠢ ᠲᠡᠭᠡᠭᠰᠢᠯᠡᠬᠦᠯᠵᠦ᠂ ᠪᠦᠬᠦ ᠬᠤᠰᠢᠭᠤᠨ ᠤ ᠠᠵᠢᠯ ᠠᠯᠳᠠᠭᠰᠠᠳ ᠲᠤ ᠠᠮᠢᠲᠤᠷᠠᠯ ᠤᠨ ᠪᠠᠲᠤᠯᠠᠭ᠎ᠠ ᠬᠠᠩᠭᠠᠨ ᠦᠭᠴᠠᠢ᠃ ᠪᠦᠬᠦ ᠵᠢᠯ ᠳᠤ 237 ᠠᠵᠢᠯ ᠠᠯᠲᠠᠭᠰᠠᠳ ᠲᠤ ᠠᠵᠢᠯ ᠠᠯᠲᠠᠭᠰᠠᠨ ᠲᠠᠭᠠᠳᠬᠠᠯ ᠤᠨ ᠮᠦᠩᠭᠦ ᠶᠢ ᠨᠡᠶᠢᠲᠠ 197.65 ᠲᠦᠮᠡᠨ ᠲᠦᠬᠦᠷᠢᠭ ᠲᠠᠷᠬᠠᠭᠠᠨ ᠦᠭᠴᠤ᠂ ᠡᠮ ᠡᠮᠨᠡᠯᠭᠡ ᠶᠢᠨ ᠨᠦᠬᠦᠪᠦᠷᠢ ᠮᠦᠩᠭᠦ 44.19 ᠲᠦᠮᠡᠨ ᠲᠦᠬᠦᠷᠢᠭ᠂ ᠲᠤᠯᠠᠭᠠᠯᠠᠭ᠎ᠠ ᠶᠢᠨ ᠨᠦᠬᠦᠪᠦᠷᠢ ᠮᠦᠩᠭᠦ 5.38 ᠲᠦᠮᠡᠨ ᠲᠦᠭᠦᠷᠢᠭ ᠲᠠᠷᠬᠠᠭᠠᠵᠤ᠂ ᠨᠡᠶᠢᠲᠡ 247.22 ᠲᠦᠮᠡᠨ ᠲᠦᠬᠦᠷᠢᠭ ᠲᠤ ᠬᠦᠷᠴᠠᠢ᠃
 
ᠢᠷᠡᠯᠲᠡ᠄ ᠦᠤᠰᠢᠨ ᠬᠤᠰᠢᠭᠤᠨ ᠤ ᠠᠵᠢᠯ ᠤᠯᠭᠤᠬᠤ ᠦᠢᠯᠡᠴᠢᠯᠡᠭᠡᠨ ᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号