ᠮᠠᠨ ᠤ ᠬᠤᠰᠢᠭᠤ ᠠᠷᠠᠳ ᠤᠨ ᠠᠮᠢᠳᠤᠷᠠᠯ ᠢ ᠬᠠᠷᠠᠭᠠᠯᠵᠠᠬᠤ ᠬᠦᠴᠦᠯᠡᠴᠡ ᠪᠠᠨ ᠨᠡᠮᠡᠭᠳᠡᠬᠦᠯᠤᠨ ᠤᠯᠠᠨ ᠳᠦᠮᠡᠨ ᠳᠤ ᠵᠣᠯ ᠵᠢᠷᠭᠠᠯ ᠡᠳ᠋ᠯᠡᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2018-04-16
      2017 ᠣᠨ ᠳᠤ᠂ ᠮᠠᠨ ᠤ ᠬᠤᠰᠢᠭᠤ ᠠᠷᠠᠳ ᠤᠨ ᠠᠮᠢᠳᠤᠷᠠᠯ ᠤᠨ ᠣᠷᠣᠨ ᠰᠠᠭᠤᠴᠠ᠂ ᠶᠠᠳᠠᠭᠤ ᠶᠢ ᠲᠡᠳᠬᠦᠬᠦ᠂ ᠰᠣᠷᠭᠠᠨ ᠬᠦᠮᠣᠵᠢᠯ᠂ ᠪᠠᠶ᠎ᠠ ᠲᠠᠮᠢᠷ ᠵᠡᠷᠬᠡ ᠡᠯ᠎ᠠ ᠲᠠᠯ᠎ᠠ ᠶᠢᠨ ᠠᠵᠢᠯ ᠣᠶᠢᠯᠠᠰ ᠤᠨ ᠬᠦᠷᠢᠶ᠎ᠠ ᠴᠠᠷᠠᠭᠠᠨ ᠳᠤ ᠬᠢ ᠪᠡᠯᠡ ᠤᠷᠤᠭᠤᠯᠤᠯᠳᠠ ᠪᠠᠨ ᠨᠡᠮᠡᠭᠳᠡᠬᠦᠯᠤᠨ ᠤᠯᠠᠨ ᠲᠦᠮᠡᠨ ᠤ ᠠᠮᠢᠳᠤᠷᠠᠯ ᠢ ᠰᠠᠶᠢᠵᠢᠷᠠᠭᠤᠯᠵᠤ᠂ ᠠᠵᠦ ᠠᠬᠤᠢ ᠶᠢᠨ ᠬᠦᠭᠵᠢᠯᠳᠠ ᠶᠢᠨ ᠦᠷ᠎ᠡ ᠠᠰᠢᠭ ᠢ ᠣᠯᠠᠨ ᠲᠦᠮᠡᠨ ᠤ ᠨᠡᠩ ᠠᠷᠪᠢᠨ ᠪᠣᠶᠠᠨ ᠬᠡᠰᠢᠭ ᠪᠣᠯᠭᠠᠨ ᠣᠯᠠᠷᠢᠭᠤᠯᠤᠭᠰᠠᠨ ᠪᠠᠶᠢᠨ᠎ᠠ᠃ ᠡᠨ᠋ᠨ ᠵᠢᠯ ᠦᠷᠬᠦᠯᠵᠢᠯᠡᠨ ᠬᠠᠮᠲᠤ ᠪᠠᠷ ᠴᠣᠭᠴᠠᠯᠠᠨ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠠᠷᠢᠮᠳᠠᠯᠠᠨ ᠤᠯᠠᠨ ᠲᠦᠮᠡᠨ ᠳᠤ ᠨᠡᠩ ᠢᠯᠡᠭᠦᠣ ᠠᠰᠢᠭ ᠬᠦᠷᠳᠡᠭᠡᠭᠦ ᠪᠠᠷ ᠴᠢᠷᠮᠠᠶᠢᠵᠤ ᠪᠠᠶᠢᠨ᠎ᠠ᠃      2017 ᠤᠨ ᠳᠤ ᠮᠠᠨ ᠤ ᠬᠤᠰᠢᠭᠤ ᠶᠠᠳᠠᠭᠤ ᠶᠢ ᠲᠡᠳᠬᠦᠬᠦ ᠠᠵᠢᠯ ᠢ ᠡᠷᠴᠢᠮᠲᠠᠢ ᠠᠳᠬᠤᠵᠤ᠂ 39 ᠡᠷᠦᠬᠡ ᠶᠢᠨ 104 ᠨᠠᠷᠠᠰ ᠣᠯᠣᠰ ᠤᠨ ᠳᠡᠰ ᠤᠨ ᠶᠠᠳᠠᠭᠤ ᠬᠦᠮᠦᠨ ᠢ ᠶᠠᠳᠠᠭᠤ ᠠᠴᠠ ᠯᠠᠪᠳᠠᠭᠤᠨ ᠠᠩᠬᠢᠵᠢᠷᠠᠭᠤᠯᠵᠣ ᠂ 854 ᠡᠷᠦᠬᠡ ᠶᠢᠨ 2351 ᠨᠠᠷᠠᠰ ᠬᠤᠳᠠ ᠶᠢᠨ ᠳᠡᠰ ᠤᠨ ᠳᠣᠣᠷ᠎ᠠ ᠣᠷᠦᠯᠭ᠎ᠠ ᠲᠠᠢ ᠬᠦᠮᠦᠨ ᠤ ᠬᠦᠮᠦᠨ ᠳᠣᠮᠳᠠᠴᠢᠯᠠᠭᠰᠠᠨ ᠣᠷᠦᠯᠭ᠎ᠠ ᠶᠢ 20% ᠠᠴᠠ ᠳᠡᠭᠡᠭᠰᠢ ᠨᠡᠮᠡᠭᠳᠡᠬᠦᠯᠵᠣ᠂ ᠵᠢᠯ ᠤᠨ ᠶᠠᠳᠠᠭᠤ ᠠᠴᠠ ᠠᠩᠬᠢᠵᠢᠷᠠᠭᠤᠯᠣᠨ ᠪᠠᠬᠢᠯᠠᠯᠳᠠ ᠰᠢᠪᠳᠦᠯᠬᠤ ᠬᠠᠷᠠᠯᠳᠠ ᠪᠠᠨ ᠬᠤᠭᠤᠴᠠᠭ᠎ᠠ ᠶᠣᠰᠦᠭᠠᠷ ᠪᠡᠶᠡᠯᠡᠬᠦᠯᠪᠡ᠃ ᠦᠢᠯᠡᠰ ᠪᠣᠰᠬᠠᠵᠦ ᠠᠵᠢᠯ ᠣᠯᠭᠤᠬᠤ ᠶᠢ ᠳᠡᠮᠵᠢᠬᠦ ᠬᠦᠴᠦᠯᠡᠴᠡ ᠪᠠᠨ ᠳᠠᠰᠦᠷᠠᠯᠳᠠ ᠦᠬᠡᠢ ᠴᠢᠩᠭᠠᠳᠬᠠᠵᠦ᠂ ᠦᠢᠯᠡᠰ ᠪᠣᠰᠬᠠᠵᠦ ᠠᠵᠢᠯ ᠣᠯᠭᠤᠬᠤ ᠵᠢᠬᠡᠯᠡᠯᠭᠡ ᠶᠢᠨ ᠮᠦᠩᠬᠦ ᠨᠠᠶᠢᠳᠠ 2005 ᠲᠦᠮᠡᠨ ᠲᠦᠬᠦᠷᠢᠭ ᠳᠠᠯᠪᠢᠵᠦ᠂ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ 114 ᠳᠣᠬᠢᠷᠠᠭᠤᠯᠵᠦ᠂ ᠶᠡᠭᠡ ᠳᠡᠬᠡᠲᠦ ᠰᠣᠷᠭᠠᠭᠤᠯᠢ ᠠᠴᠠ ᠳᠡᠬᠦᠰᠦᠭᠰᠠᠨ ᠰᠣᠷᠣᠭᠴᠢᠳ ᠢ 216 ᠨᠠᠷᠠᠰ ᠨᠠᠶᠢᠳᠠᠨ ᠬᠦᠮᠦᠵᠢᠭᠦᠯᠵᠣ 2346 ᠬᠦᠮᠦᠨ ᠰᠢᠨ᠎ᠠ ᠪᠠᠷ ᠬᠤᠳᠠ ᠪᠠᠯᠭᠠᠰᠦᠨ ᠳᠤ ᠠᠵᠢᠯ ᠣᠯᠪᠠ᠃ ᠳᠤᠭ ᠬᠡᠥᠬᠡᠳ ᠤᠨ ᠴᠡᠴᠡᠷᠯᠢᠭ᠂ ᠮᠣᠩᠭᠤᠯ ᠦᠨᠳᠦᠰᠦᠳᠡᠨ ᠤ ᠳᠣᠷᠰᠢᠯᠳᠠ ᠶᠢᠨ ᠪᠠᠭ᠎ᠠ ᠰᠣᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠬᠡᠷᠡᠭᠯᠡᠯᠳᠠ ᠳᠤ ᠣᠷᠦᠵᠦ᠂ ᠰᠣᠷᠭᠠᠭᠤᠯᠢ ᠡᠷᠬᠢᠯᠡᠬᠦ ᠨᠦᠬᠦᠴᠡᠯ ᠢᠯᠡᠳᠳᠠ ᠳᠡᠭᠡᠭᠰᠢᠯᠡᠪᠡ᠃ ᠪᠣᠷᠦ ᠬᠡᠷᠲᠦ ᠳᠣᠭᠤᠷᠢᠭ ᠤᠨ ᠦᠭᠡᠷᠡᠴᠢᠯᠠᠯᠳᠠ ᠶᠢ 704 ᠢᠵᠢ ᠬᠡᠷ ᠪᠠᠶᠢᠰᠢᠩ ᠪᠡᠶᠡᠯᠡᠬᠦᠯᠵᠦ᠂ ᠬᠦᠮᠦᠷᠬᠡᠯᠡᠵᠦ ᠪᠠᠶᠢᠭ᠎ᠠ ᠳᠠᠸᠠᠷ ᠤᠨ ᠪᠠᠶᠢᠰᠢᠩ ᠢ 10 ᠲᠦᠮᠡᠨ ᠳᠡᠭᠰᠢ ᠳᠦᠷᠪᠡᠯᠵᠢᠨ ᠮᠧᠳ᠋ᠷ ᠰᠢᠢᠳᠪᠦᠷᠢᠯᠡᠵᠤ᠂ ᠠᠷᠠᠳ ᠤᠨ ᠠᠮᠢᠳᠤᠷᠠᠯ ᠤᠨ ᠵᠤᠯ ᠵᠢᠷᠭᠠᠯ ᠤᠨ ᠵᠢᠭᠠᠯᠲᠠ ᠲᠤᠭ᠎ᠠ ᠶᠢ ᠨᠡᠮᠡᠭᠳᠡᠬᠦᠯᠣᠨ ᠠᠷᠠᠳ ᠲᠦᠮᠡᠨ ᠳᠤ ᠵᠤᠯ ᠵᠢᠷᠭᠠᠯ ᠢ ᠦᠨᠡᠨᠬᠦ ᠡᠳᠡᠯᠡᠬᠦᠯᠣᠭ᠍ᠰᠡᠨ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号