ᠲᠠᠪᠤᠳᠤᠭᠠᠷ ᠪᠥᠯᠥᠭ ᠬᠤᠰᠢᠭᠤ ᠱᠠᠳᠣᠨ ᠤ ᠪᠣᠳᠠᠰ ᠤᠨ ᠪᠣᠰᠣ ᠰᠣᠶᠣᠯ ᠤᠨ ᠦᠪ ᠤᠨ ᠲᠦᠷᠥᠯ ᠵᠣᠶᠢᠯ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠢ ᠨᠠᠶᠢᠲᠡᠯᠡᠬᠦ ᠲᠣᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018-04-17
ᠡᠯ᠎ᠡ ᠠᠵᠣ ᠠᠬᠤᠢ ᠶᠢᠨ ᠨᠡᠬᠡᠬᠡᠯᠳᠡ ᠶᠢᠨ ᠲᠣᠭᠤᠷᠢᠭ ︵ᠬᠦᠷᠢᠶᠠᠯᠠᠩ︶᠎ ᠤᠨ ᠬᠠᠮᠢᠶᠠᠷᠣᠯᠲᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠡᠯ᠎ᠡ ᠰᠠᠯᠠᠭ᠎ᠠ ᠮᠦᠴᠢᠷ᠂ ᠡᠯ᠎ᠡ ᠠᠷᠠᠳ ᠤᠨ ᠪᠥᠯᠬᠦᠮ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠵᠢᠴᠢ ᠠᠵᠣ ᠠᠬᠤᠶᠢᠯᠡᠯ ᠠᠵᠢᠯ ᠣᠶᠢᠯᠡᠰ ᠤᠨ ᠪᠠᠶᠢᠭᠤᠯᠭ᠎ᠠ᠄    ᠪᠣᠳᠠᠰ ᠤᠨ ᠪᠣᠰᠣ ᠰᠣᠶᠣᠯ ᠤᠨ ᠦᠪ ᠤᠨ ᠲᠦᠷᠥᠯ ᠵᠣᠶᠢᠯ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠎ ᠤᠨ ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠨ ᠪᠣᠳᠠᠰ ᠤᠨ ᠪᠣᠰᠣ ᠰᠣᠶᠣᠯ ᠤᠨ ᠦᠪ ᠢ ᠪᠦᠳᠣᠮᠵᠢᠳᠡᠢ ᠬᠠᠮᠠᠭᠠᠯᠠᠨ ᠣᠯᠠᠮᠵᠢᠯᠠᠵᠣ᠂ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠪᠣᠳᠠᠰ ᠤᠨ ᠪᠣᠰᠣ ᠰᠣᠶᠣᠯ ᠎ ᠤᠨ ᠦᠪ ᠤᠨ ᠬᠠᠣᠯᠢ︾ ᠪᠠ ︽ᠣᠷᠳᠣᠰ ᠬᠤᠳᠠ ᠶᠢᠨ ᠪᠣᠳᠠᠰ ᠤᠨ ᠪᠣᠰᠣ ᠰᠣᠶᠣᠯ ᠤᠨ ᠦᠪ ᠤᠨ ᠲᠦᠷᠥᠯ ᠵᠣᠶᠢᠯ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠤᠨ ᠬᠢᠨᠡᠨ ᠳᠣᠭᠳᠠᠭᠠᠯᠳᠠ ᠪᠠ ᠬᠠᠮᠢᠶᠠᠷᠣᠯᠳᠠ ᠶᠢᠨ ᠠᠷᠭ᠎ᠠ︾᠎ ᠶᠢᠨ ᠬᠤᠯᠪᠣᠭᠳᠠᠯ ᠪᠦᠬᠦᠢ ᠳᠣᠭᠳᠠᠭᠠᠯ ᠢ ᠦᠨᠳᠣᠰᠣᠯᠡᠨ ᠮᠠᠨ ᠤ ᠬᠤᠰᠢᠭᠤᠨ ᠤ ᠪᠣᠳᠠᠰ ᠤᠨ ᠪᠣᠰᠣ ᠰᠣᠶᠣᠯ ᠤᠨ ᠦᠪ ᠤᠨ ᠬᠠᠮᠠᠭᠠᠯᠠᠯᠳᠠ ᠶᠢᠨ ᠣᠳᠣᠷᠢᠳᠬᠤ ᠪᠠᠭ᠎ᠠ ᠳᠣᠭᠤᠶᠢᠯᠠᠩ ᠠᠴᠠ ᠪᠦᠬᠦ ᠬᠤᠰᠢᠭᠤᠨ ᠤ ᠳᠣᠳᠣᠷᠠᠬᠢ ᠣᠳᠣ ᠪᠠᠶᠢᠭ᠎ᠠ ᠪᠣᠳᠠᠰ ᠤᠨ ᠪᠣᠰᠣ ᠰᠣᠶᠣᠯ ᠤᠨ ᠦᠪ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠢ ᠨᠠᠷᠢᠨ ᠬᠢᠨᠠᠮᠠᠭᠠᠢ ᠨᠠᠶᠢᠳᠠᠮ ᠪᠠᠶᠢᠴᠠᠭᠠᠵᠣ᠂ ᠰᠤᠩᠭᠤᠨ ᠬᠢᠨᠠᠬᠤ ᠪᠠᠷ ᠳᠠᠮᠵᠢᠨ ᠠᠷᠰᠯᠠᠨ᠂ ᠶᠢᠨ ᠬᠠᠢ ᠵᠡᠷᠬᠡ 21 ᠨᠠᠷᠠᠰ ᠤᠯᠠᠮᠵᠢᠯᠠᠭᠴᠢᠳ ᠢ ᠲᠠᠪᠤᠳᠤᠭᠠᠷ ᠪᠦᠯᠥᠭ ᠬᠤᠰᠢᠭᠤ ᠱᠠᠳᠣᠨ ᠤ ᠪᠣᠳᠠᠰ ᠤᠨ ᠪᠣᠰᠣ ᠰᠣᠶᠣᠯ ᠤᠨ ᠦᠪ ᠤᠨ ᠲᠦᠷᠥᠯ ᠵᠣᠶᠢᠯ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠢᠶᠠᠷ ᠨᠠᠶᠢᠲᠡᠯᠡᠬᠦ ᠪᠠᠷ ᠲᠣᠭᠲᠠᠪᠠ᠃    ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠠᠴᠠ ᠣᠯᠣᠰ᠂ ᠦᠪᠡᠷᠳᠡᠬᠡᠨ ᠵᠠᠰᠠᠬᠤ ᠣᠷᠣᠨ ᠪᠠ ᠬᠤᠳᠠ ᠶᠢᠨ ᠬᠤᠯᠪᠣᠭᠳᠠᠯ ᠪᠦᠬᠦᠢ ᠳᠣᠭᠳᠠᠭᠠᠯ ᠢ ᠶᠤᠰᠤᠭᠠᠷ ︽ᠬᠠᠮᠠᠭᠠᠯᠠᠬᠤ ᠪᠠᠷ ᠭᠤᠣᠯ ᠪᠣᠯᠭᠠᠨ᠂ ᠠᠪᠤᠷᠠᠬᠤ ᠶᠢ ᠳᠡᠷᠢᠬᠦᠨ ᠪᠠᠶᠢᠷᠢᠨ ᠳᠤ ᠳᠠᠯᠪᠢᠵᠣ᠂ ᠵᠣᠬᠢᠰᠳᠡᠢ ᠠᠰᠢᠭᠯᠠᠨ᠂ ᠣᠯᠠᠮᠵᠢᠯᠠᠨ ᠬᠦᠭᠵᠢᠬᠦᠯᠬᠦ︾ ᠠᠵᠢᠯ ᠤᠨ ᠴᠢᠭᠯᠡᠯᠳᠡ ᠶᠢ ᠨᠠᠷᠢᠨ ᠬᠢᠨᠠᠮᠠᠭᠠᠢ ᠳᠣᠣᠱᠯᠠᠭᠤᠯᠵᠣ᠂ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ︵ᠪᠦᠯᠬᠦᠮ︶᠎ ᠤᠨ ᠣᠯᠠᠮᠵᠢᠯᠡᠨ ᠵᠢᠭᠠᠬᠤ ᠠᠵᠢᠯᠯᠠᠭ᠎ᠠ ᠦᠷᠨᠢᠬᠦᠯᠬᠦ ᠶᠢ ᠵᠣᠷᠢᠭᠵᠢᠭᠤᠯᠣᠨ ᠳᠠᠮᠵᠢᠵᠣ᠂ ᠣᠯᠠᠨ ᠲᠦᠷᠥᠯ ᠤᠨ ᠠᠷᠭ᠎ᠠ ᠵᠠᠮ ᠢᠶᠠᠷ ᠪᠣᠳᠠᠰ ᠤᠨ ᠪᠣᠰᠣ ᠰᠣᠶᠣᠯ ᠢ ᠳᠡᠯᠬᠡᠷᠡᠬᠦᠯᠵᠣ᠂ ᠣᠯᠠᠨ ᠲᠦᠮᠡᠨ ᠤ ᠣᠶᠢᠯᠠᠭᠠᠯᠳᠠ ᠳᠠᠨᠢᠯᠳᠠ ᠶᠢ ᠳᠡᠬᠡᠭᠰᠢᠯᠡᠬᠦᠯᠥᠨ ᠪᠣᠳᠠᠰ ᠤᠨ ᠪᠣᠰᠣ ᠰᠣᠶᠣᠯ ᠤᠨ ᠦᠪ ᠢ ᠪᠦᠳᠣᠮᠵᠢᠳᠡᠢ ᠬᠠᠳᠠᠭᠠᠯᠠᠬᠤ᠂ ᠣᠯᠠᠮᠵᠢᠯᠠᠬᠤ ᠪᠠ ᠬᠦᠭᠵᠢᠬᠦᠯᠬᠦ ᠠᠵᠢᠯ ᠢ ᠪᠠᠳᠣᠯᠠᠨ᠎ᠠ᠃    ᠳᠠᠭᠠᠯᠳᠣᠭᠤᠯᠣᠯ᠄ ᠲᠠᠪᠤᠳᠤᠭᠠᠷ ᠪᠦᠯᠥᠭ ᠬᠤᠰᠢᠭᠤ ᠱᠠᠳᠣᠨ ᠤ ᠪᠣᠳᠠᠰ ᠤᠨ ᠪᠣᠰᠣ ᠰᠣᠶᠣᠯ ᠤᠨ ᠦᠪ ᠤᠨ ᠲᠦᠷᠥᠯ ᠵᠣᠶᠢᠯ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠤᠨ ᠨᠠᠷᠠᠰ                          ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                          2018 ᠣᠨ ᠤ 4 ᠰᠠᠷ᠎ᠠ ᠶᠢᠨ 3᠎ ᠤ ᠡᠳᠦᠷ                     ᠲᠠᠪᠤᠳᠤᠭᠠᠷ ᠪᠦᠯᠥᠭ ᠬᠤᠰᠢᠭᠤ ᠱᠠᠳᠣᠨ ᠤ ᠪᠣᠳᠠᠰ ᠤᠨ ᠪᠣᠰᠣ ᠰᠣᠶᠣᠯ ᠤᠨ ᠦᠪ ᠤᠨ                   ᠲᠦᠷᠥᠯ ᠵᠣᠶᠢᠯ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠤᠨ ᠨᠠᠷᠠᠰ
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号