ᠮᠠᠨ ᠤ ᠬᠤᠰᠢᠭᠤ ᠤᠳᠬ᠎ᠠ ᠤᠷᠠᠯᠢᠭ ᠤᠨ ᠠᠵᠢᠯᠯᠠᠭ᠎ᠠ ᠶᠢ ᠰᠠᠶᠢᠳᠤᠷ ᠦᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2018-04-17
      ᠰᠠᠶᠢᠨ ᠰᠠᠶᠢᠬᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠤᠯᠠᠳᠠ᠂ ᠮᠠᠨ ᠤ ᠬᠤᠰᠢᠭᠤᠨ ᠤ ᠤᠯᠠᠭᠠᠨᠮᠦ᠋ᠴᠢᠷ ᠪᠠ ᠮᠤᠷᠢᠨ ᠬᠤᠭᠤᠷ ᠤᠨ ᠰᠢᠮᠫᠤᠨᠢ ᠭᠦᠭᠵᠢᠮ ᠤᠨ ᠪᠦᠯᠭᠦᠮ ᠭᠤᠤᠯᠯᠠᠨ᠂ ᠰᠤᠶᠤᠯ ᠤᠨ ᠲᠤᠭᠤᠢᠢᠯᠠᠩ᠂ ᠤᠳᠬ᠎ᠠ ᠤᠷᠠᠯᠢᠭ ᠤᠨ ᠪᠠᠭ᠋ᠠᠳᠠᠳ ᠵᠢᠴᠢ ᠡᠯ᠎ᠠ ᠤᠳᠬ᠎ᠠ ᠤᠷᠠᠯᠢᠭ ᠤᠨ ᠨᠠᠶᠢᠭᠡᠮᠯᠢᠭ ᠬᠠᠮᠳᠤᠷᠠᠨ ᠡᠯ᠎ᠠ ᠲᠦᠷᠦᠯ ᠤᠨ ᠰᠤᠶᠤᠯ ᠤᠷᠠᠯᠢᠭ ᠤᠨ ᠲᠤᠭᠤᠢᠢᠯᠠᠩ ᠢ ᠵᠤᠬᠢᠶᠠᠨ ᠪᠠᠶᠢᠭᠤᠯᠤᠨ ᠤᠯᠠᠨ ᠲᠦᠮᠡᠨ ᠤ ᠲᠤᠷ᠎ᠠ ᠰᠤᠨᠢᠷᠬᠠᠯ ᠢ ᠲᠠᠳᠠᠬᠰᠠᠨ ᠤᠯᠠᠨ ᠭᠡᠯᠪᠡᠷᠢ ᠮᠠᠶ᠋ᠢᠭ ᠤᠨ ᠤᠳᠬ᠎ᠠ ᠤᠷᠠᠯᠢᠭ ᠤᠨ ᠰᠤᠶᠤᠯ ᠢ ᠲᠦᠮᠡᠨ ᠡᠷᠦᠭᠡ ᠳᠤ ᠭᠦᠷᠭᠡᠭᠦ ᠠᠵᠢᠯᠯᠠᠭ᠎ᠠ ᠦᠷᠨᠢᠭᠦᠯᠵᠤ᠂ ᠤᠯᠠᠮᠵᠢᠯᠠᠯᠳᠤ ᠰᠤᠶᠤᠯ ᠢ ᠪᠠᠳᠠᠷᠠᠭᠤᠯᠤᠨ᠂ ᠭᠠᠵᠠᠷ ᠤᠷᠤᠨ ᠤ ᠤᠨᠴᠠᠯᠢᠬᠳᠤ ᠰᠤᠶᠤᠯ ᠢ ᠢᠯᠡᠷᠡᠭᠦᠯᠵᠦ᠂ ᠦᠨᠳᠤᠰᠤᠨ ᠱᠠᠳᠤᠨ ᠳᠤ ᠪᠠᠭᠤᠵᠤ᠂ ᠰᠤᠶᠤᠯ ᠢᠶᠠᠷ ᠠᠷᠠᠳ ᠢ ᠬᠠᠷᠠᠭᠠᠯᠵᠠᠬᠤ ᠠᠵᠢᠯᠯᠠᠭ᠎ᠠ ᠰᠢᠷᠢᠰ ᠦᠷᠨᠢᠭᠦᠯᠪᠠ᠃       ᠬᠤᠰᠢᠭᠤ ᠤᠯᠠᠭᠠᠨᠮᠦ᠋ᠴᠢᠷ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠦᠩᠭᠡᠢ ᠱᠦᠵᠢ ᠶᠢᠨ ᠤᠯᠠᠭᠠᠨᠮᠦ᠋ᠴᠢᠷ ᠤᠨ ᠠᠵᠢᠯ ᠤᠢᠢᠯᠠᠰ ᠤᠨ ᠭᠦᠭᠵᠢᠯᠳᠡ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠯ᠎ᠠ ᠨᠤᠳᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠭᠦᠩᠭᠡᠨ ᠮᠤᠷᠢᠳᠤ ᠴᠡᠷᠢᠭ ᠤᠨ ᠲᠠᠪᠠᠭᠤᠯᠢᠭ ᠢᠶᠠᠨ ᠪᠠᠳᠠᠷᠠᠭᠤᠯᠤᠨ᠂ ᠤᠷᠢᠳ ᠬᠤᠵᠢᠳ ᠭᠠᠯᠠᠭᠤᠳᠤ ᠠᠶᠠᠨᠴᠢᠳ ᠤᠨ ᠮᠠᠰᠢᠨ ᠲᠡᠷᠭᠡᠨ ᠦᠷᠳᠡᠭᠡ᠂ ᠠᠭᠤᠳᠠᠮ ᠲᠠᠯᠠᠪᠠᠢ᠂ ᠨᠠᠰᠤᠳᠠᠨ ᠢ ᠠᠰᠠᠷᠠᠬᠤ ᠭᠦᠷᠢᠶᠠᠯᠠᠩ ᠵᠡᠷᠭᠡ ᠪᠠᠷ ᠭᠦᠷᠴᠦ ᠲᠤᠬᠯᠠᠯᠳᠠ ᠭᠠᠷᠭᠠᠵᠤ᠂ ᠨᠤᠳᠤᠭ ᠲᠠᠭᠠᠨ ᠪᠤᠴᠠᠵᠤ ᠪᠠᠶᠢᠭ᠎ᠠ ᠪᠤᠶᠤ ᠭᠡᠷ ᠲᠡᠭᠡᠨ ᠬᠠᠷᠢᠵᠤ ᠢᠷᠡᠵᠤ ᠪᠠᠶᠢᠭ᠎ᠠ ᠭᠦᠮᠦᠰ ᠲᠤ ᠨᠠᠮ ᠵᠠᠰᠠᠭ ᠤᠨ ᠬᠠᠶᠢᠷ᠎ᠠ ᠬᠠᠯᠠᠮᠵᠢ ᠬᠦᠷᠭᠡᠵᠤ᠂ ᠮᠤᠷᠢᠨ ᠬᠤᠭᠤᠷ ᠤᠨ ᠰᠢᠮᠫᠤᠨᠢ ᠭᠦᠭᠵᠢᠮ ᠤᠨ ᠪᠦᠯᠭᠦᠮ ᠨᠢ ᠲᠤᠭᠤᠢᠢᠯᠠᠩ ᠬᠤᠪᠢᠶᠠᠨ ᠡᠯ᠎ᠠ ᠨᠠᠭᠦᠷᠠᠰᠤᠨ ᠠᠭᠤᠷᠬᠠᠢ᠂ ᠬᠢᠮᠢ ᠶᠢᠨ ᠠᠵᠤ ᠤᠢᠢᠯᠠᠳᠪᠤᠷᠢ ᠶᠢᠨ ᠠᠵᠤ ᠠᠬᠤᠢᠢᠯᠠᠯ ᠵᠡᠷᠭᠡ ᠤᠢᠢᠯᠡᠳᠪᠤᠷᠢᠯᠡᠯ ᠡᠵᠡᠩᠨᠡᠯᠳᠡ ᠶᠢᠨ ᠨᠢᠭᠡᠴᠠ ᠪᠠᠷ ᠭᠦᠷᠴᠦ 4 ᠲᠠᠯᠠᠪᠠᠢ ᠲᠤᠬᠤᠨᠢᠭᠤᠯᠭ᠎ᠠ ᠶᠢᠨ ᠲᠤᠬᠯᠠᠯᠳᠠ ᠭᠠᠷᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠳᠠᠭᠠᠨ ᠭᠠᠪᠰᠢᠭᠠᠢᠢᠯᠠᠵᠤ ᠪᠠᠶᠢᠭ᠎ᠠ ᠠᠵᠢᠯᠴᠢᠳ ᠤᠨ ᠰᠡᠳᠬᠢᠯ ᠢ ᠲᠤᠯᠠᠭᠠᠯᠠᠵᠤ᠂ ᠲᠦᠷᠦᠯ ᠰᠡᠳᠦᠨ ᠢᠶᠠᠨ ᠦᠬᠡᠶᠢᠯᠡᠨ ᠰᠠᠨᠠᠬᠤ ᠰᠡᠳᠭᠢᠯᠭᠡ ᠶᠢ ᠨᠢ ᠲᠠᠶᠢᠳᠬᠤᠷᠠᠭᠤᠯᠤᠬᠰᠠᠨ ᠪᠠᠶᠢᠨ᠎ᠠ᠃ ᠮᠠᠨ ᠤ ᠬᠤᠰᠢᠭᠤᠨ ᠤ ᠵᠤᠬᠢᠶᠠᠯᠴᠢᠳ ᠤᠨ ᠡᠪᠯᠡᠯ ᠨᠢ ᠲᠤᠭᠤᠷᠢᠮ ᠭᠠᠴᠠᠭᠠᠨ ᠳᠤ ᠭᠦᠷᠴᠦ ᠮᠠᠯᠴᠢᠳ ᠲᠠᠢ ᠬᠠᠮᠳᠤ ᠰᠢᠨ᠎ᠠ ᠵᠢᠯ ᠢᠶᠠᠨ ᠤᠬᠳᠤᠨ᠂ ︽ᠦᠪ ᠰᠤᠶᠤᠯ ᠤᠨ ᠲᠤᠭᠤᠷᠢᠮ︾ ᠵᠤᠬᠢᠶᠠᠨ ᠪᠦᠳᠦᠭᠡᠯ ᠤᠨ ᠰᠢᠯᠭᠠᠷᠠᠭᠤᠯᠤᠯᠳᠡ ᠪᠠ ᠰᠢᠯᠢᠳᠡᠭ ᠭᠡᠰᠢᠭᠦᠳ ᠢ ᠱᠠᠩᠨᠠᠨ ᠭᠦᠭᠢᠭᠦᠯᠭᠦ ᠠᠵᠢᠯᠯᠠᠭ᠎ᠠ ᠦᠷᠨᠢᠭᠦᠯᠪᠠ᠃ ᠤᠷᠠᠨ ᠪᠢᠴᠢᠯᠭᠡ ᠶᠢᠨ ᠨᠠᠶᠢᠭᠡᠮᠯᠢᠭ ᠨᠢ ᠡᠳᠡᠭᠡᠳ ᠤᠨᠴᠠᠯᠢᠬᠳᠤ ︽ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠤᠷᠠᠨ ᠪᠢᠴᠢᠯᠭᠡ ᠶᠢᠨ ᠦᠵᠡᠭᠦᠯᠦᠯᠭᠡ︾ ᠡᠷᠬᠢᠯᠡᠵᠤ᠂ ᠬᠤᠷ᠎ᠠ ᠤᠰᠤ ᠵᠢᠭᠤᠯᠴᠢᠯᠠᠯ ᠤᠨ ᠤᠷᠤᠨ ᠳᠠᠬᠢ ᠡᠪᠤᠯ ᠤᠨ ᠵᠢᠭᠠᠰᠤ ᠠᠩᠨᠠᠬᠤ ᠨᠠᠶᠢᠷ ᠤᠨ ᠲᠤᠬᠠᠢ ᠶᠢᠨ ᠲᠠᠯᠠᠪᠠᠢ᠂ ᠦᠤᠰᠢᠨ ᠬᠤᠰᠢᠭᠤᠨ ᠤ ᠰᠤᠶᠤᠯ ᠤᠨ ᠤᠷᠠᠨ ᠰᠡᠳᠭᠢᠮᠵᠢ ᠶᠢᠨ ᠭᠦᠷᠢᠶᠠᠯᠠᠩ᠂ ᠬᠠᠷᠢᠯᠴᠠᠨ ᠬᠠᠪᠰᠤᠷᠠᠯᠴᠠᠬᠤ ᠴᠡᠭ ᠪᠠᠳᠤ ᠶᠢᠨ ᠲᠤᠬᠤᠢ ᠵᠡᠷᠭᠡ ᠭᠠᠵᠠᠷ ᠭᠦᠷᠴᠦ ᠬᠤᠤᠰ ᠤᠶᠠᠩᠭ᠎ᠠ ᠪᠢᠴᠢᠵᠤ᠂ ᠪᠦᠭᠦ ᠨᠠᠶᠢᠳᠠ 1 ᠲᠦᠮᠡᠨ ᠬᠤᠤᠰ ᠤᠶᠠᠩᠭ᠎ᠠ ᠭᠦᠷᠭᠡᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠭᠡᠯᠳᠡᠰ ᠨᠢ ︽ᠠᠮᠢᠳᠤᠷᠠᠯ ᠳᠤ ᠭᠦᠨᠵᠡᠭᠡᠶᠢᠷᠠᠵᠤ ᠠᠷᠠᠳ ᠲᠦᠮᠡᠨ ᠤ ᠲᠤᠮᠳᠠ ᠦᠨᠳᠤᠰᠤᠯᠠᠭᠦ︾ ᠭᠤᠤᠯ ᠰᠡᠳᠦᠪᠳᠤ ᠠᠵᠢᠯᠯᠠᠭ᠎ᠠ ᠦᠷᠨᠢᠭᠦᠯᠵᠦ᠂ ︽ᠤᠬᠠᠭᠤᠯᠬᠤ ᠭᠡᠯᠳᠡᠰ ᠢᠶᠠᠷ ᠤᠳᠤᠷᠢᠳᠤᠭᠤᠯᠵᠤ᠂ ᠠᠷᠠᠳ ᠲᠦᠮᠡᠨ ᠡᠭᠦᠳᠦᠨ ᠪᠦᠳᠦᠭᠡᠭᠦ︾ ᠪᠠᠷ ᠭᠤᠤᠯ ᠱᠤᠭᠤᠮ ᠪᠤᠯᠭᠠᠵᠤ᠂ ᠨᠢᠭᠡ ᠪᠦᠯᠦᠭ ᠭᠠᠵᠠᠷ ᠤᠷᠤᠨ ᠤ ᠦᠪᠡᠷᠮᠢᠴᠡ ᠤᠨᠴᠠᠯᠢᠭ ᠲᠠᠢ ᠰᠢᠨᠡᠷᠭᠦ ᠮᠠᠶ᠋ᠢᠭ ᠤᠨ ᠲᠠᠶᠢᠰᠠᠨ ᠤ ᠪᠦᠳᠦᠭᠡᠯ ᠢ ᠡᠭᠦᠳᠦᠨ ᠪᠦᠳᠦᠭᠡᠵᠤ᠂ ᠠᠷᠠᠳ ᠲᠦᠮᠡᠨ ᠳᠤ ᠤᠢᠢᠯᠡᠴᠢᠯᠡᠨ ︽ᠭᠤᠷᠪᠠ ᠶᠢ ᠭᠦᠷᠭᠡᠵᠤ ᠲᠠᠪᠤ ᠳᠤ ᠤᠷᠤᠬᠤ︾ ᠲᠤᠭᠤᠷᠢᠨ ᠲᠤᠬᠯᠠᠯᠳᠠ ᠭᠠᠷᠭᠠᠨ᠂ ᠦᠷᠭᠡᠨ ᠤᠯᠠᠨ ᠮᠠᠯᠴᠢᠨ ᠲᠠᠷᠢᠶᠠᠴᠢᠳ ᠤᠨ ᠪᠠᠭ᠋ᠠᠷᠬᠠᠯ ᠢ ᠤᠯᠤᠬᠰᠠᠨ ᠪᠠᠶᠢᠨ᠎ᠠ᠃      ᠤᠳᠬ᠎ᠠ ᠤᠷᠠᠯᠢᠭ ᠤᠨ ᠲᠤᠭᠤᠢᠢᠯᠠᠩ ᠨᠢ ᠤᠳᠤᠬᠠᠨ ᠪᠤᠯᠳᠠᠯ᠎ᠠ ᠡᠯ᠎ᠠ ᠰᠤᠮᠤ ᠪᠠᠯᠭᠠᠰᠤ ᠵᠢᠴᠢ ᠴᠠᠭᠠᠨ ᠰᠠᠷ᠎ᠠ ᠶᠢᠨ ᠦᠳᠡᠰᠢᠯᠡᠭᠡ᠂ ᠦᠯᠵᠡᠶᠢᠳᠦ ᠪᠠᠶᠠᠷ ᠤᠨ ᠦᠳᠡᠰᠢᠯᠡᠭᠡ ᠳᠤ 20 ᠭᠠᠷᠤᠢ ᠲᠠᠯᠠᠪᠠᠢ ᠲᠤᠬᠯᠠᠯᠳᠠ ᠭᠠᠷᠭᠠᠵᠤ ᠂ ᠦᠵᠡᠭᠴᠢᠳ ᠤᠨ ᠲᠤᠭ᠎ᠠ ᠨᠢ 5 ᠲᠦᠮᠡᠨ ᠭᠦᠮᠦᠨ ᠤᠳᠠᠭ᠎ᠠ ᠶᠢ ᠲᠠᠪᠠᠭᠰᠠᠨ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号