ᠮᠠᠨ ᠤ ᠬᠤᠰᠢᠭᠤ ᠤᠯᠠᠨ ᠵᠦᠢᠯ ᠤᠨ ᠠᠷᠭ᠎ᠠ ᠠᠪᠴᠠᠯ ᠢᠶᠠᠷ ᠠᠷᠠᠳ ᠣᠯᠠᠨ ᠤ ᠬᠦᠷᠳᠡᠮᠵᠢ ᠶᠢᠨ ᠲᠦᠷᠦᠭᠳᠡᠯ ᠢ ᠲᠡᠭᠡᠭᠰᠢᠯᠡᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2018-04-17
     ᠤᠶᠢᠷ᠎ᠠ ᠶᠢᠨ ᠵᠢᠯ ᠠᠴᠠ ᠨᠠᠰᠢ ᠮᠠᠨ ᠤ ᠬᠤᠰᠢᠭᠤ ᠡᠬᠢ ᠪᠠᠶᠠᠯᠢᠭ ᠤᠨ ᠲᠠᠪᠠᠭᠤᠯᠢᠭ ᠪᠠ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠡᠵᠡᠮᠳᠡᠨ᠂ ᠤᠯᠠᠨ ᠵᠦᠢᠯ ᠤᠨ ᠠᠷᠭ᠎ᠠ ᠠᠪᠴᠠᠯ ᠢᠶᠠᠷ ᠠᠷᠠᠳ ᠤᠯᠠᠨ ᠤ ᠬᠦᠷᠳᠡᠮᠵᠢ ᠶᠢᠨ ᠲᠦᠷᠦᠭᠳᠠᠯ ᠢ ᠲᠡᠭᠡᠭᠰᠢᠯᠡᠬᠦᠯᠵᠤ ᠪᠠᠶᠢᠨ᠎ᠠ᠃ ᠲᠤᠰ ᠬᠤᠰᠢᠭᠤ ᠡᠯ᠎ᠡ ᠲᠦᠷᠥᠯ ᠤᠨ ᠶᠠᠳᠠᠭᠤ ᠶᠢ ᠳᠡᠳᠬᠦᠬᠦ ᠪᠡᠯᠡ ᠮᠦᠩᠬᠦ ᠶᠢ 1 ᠳ᠋ᠦᠩᠰᠢᠭᠤᠷ ᠲᠦᠬᠦᠷᠢᠭ ᠤᠷᠤᠨᠵᠢᠭᠤᠯᠵᠤ᠂ 39 ᠡᠷᠦᠬᠡ ᠶᠢᠨ 104 ᠣᠯᠣᠰ ᠤᠨ ᠳᠠᠰ ᠤᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠪᠠ᠃ 1487 ᠬᠦᠮᠦᠨ ᠳᠤ ᠮᠡᠷᠬᠡᠵᠢᠯ ᠴᠢᠳᠠᠪᠣᠷᠢ ᠶᠢᠨ ᠪᠣᠯᠪᠠᠰᠣᠷᠠᠯ ᠬᠦ᠋ᠷᠳᠡᠬᠡᠵᠣ᠂ ᠨᠠᠶᠢᠳᠠ ᠶᠢᠨ ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢ 75 ᠭᠠᠷᠭᠠᠵᠣ᠂ ᠶᠡᠭᠡ ᠳᠡᠬᠡᠳᠣ ᠰᠣᠷᠭᠠᠭᠤᠯᠢ ᠠᠴᠠ ᠳᠡᠬᠦᠰᠦᠭᠰᠡᠨ 186 ᠰᠣᠷᠣᠭᠴᠢ ᠶᠢ ᠨᠠᠶᠢᠳᠠᠨ ᠬᠦᠮᠦᠵᠢᠬᠦᠯᠵᠣ᠂ 2300 ᠬᠦᠮᠦᠨ ᠢ ᠬᠤᠳᠠ ᠪᠠᠯᠭᠠᠰᠣᠨ ᠳᠤ ᠰᠢᠨ᠎ᠡ ᠪᠠᠷ ᠠᠵᠢᠯ ᠣᠯᠭᠤᠵᠣ᠂ ᠬᠤᠳᠠ ᠪᠠᠯᠭᠠᠰᠣᠨ ᠤ ᠳᠠᠩᠰᠠᠯᠠᠭᠤᠯᠣᠭᠰᠠᠨ ᠠᠵᠢᠯ ᠠᠯᠳᠠᠬᠰᠠᠨ ᠨᠣᠷᠮ᠎ᠠ ᠶᠢ 3.1% ᠳᠣᠳᠣᠷ᠎ᠠ ᠬᠢᠵᠠᠭᠠᠷᠯᠠᠭᠰᠡᠨ ᠪᠠᠶᠢᠨ᠎ᠠ᠃ ᠬᠠᠳᠠᠭᠤᠴᠠᠶᠢᠳᠠᠮ ᠣᠰᠣᠨ ᠰᠣᠷᠪᠣᠯᠵᠢ ᠶᠢᠨ ᠣᠷᠣᠨ ᠤ ᠨᠢᠬᠡᠳᠣᠬᠡᠷ ᠳᠠᠰ ᠤᠨ ᠬᠠᠮᠠᠭᠠᠯᠠᠯᠳᠠ ᠶᠢᠨ ᠳᠣᠭᠤᠷᠢᠭ ᠤᠨ ᠨᠠᠬᠦᠳᠡᠯ ᠠᠷᠠᠳ ᠢ ᠲᠦᠪᠬᠢᠨᠡᠬᠦᠯᠬᠦ ᠢᠨᠵᠧᠨᠧᠷᠢᠩ ᠢ ᠪᠠᠶᠢᠭᠤᠯᠪᠠ᠃ ᠬᠡᠣᠬᠡᠳ ᠤᠨ ᠴᠡᠴᠡᠷᠯᠢᠭ᠂ ᠮᠣᠩᠭᠤᠯ ᠦᠨᠳᠣᠰᠣᠳᠠᠨ ᠤ ᠳᠣᠷᠰᠢᠯᠳᠠ ᠶᠢᠨ ᠪᠠᠭ᠎ᠠ ᠰᠣᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠠᠰᠢᠭᠯᠠᠯᠳᠠ ᠳᠤ ᠣᠷᠣᠭᠤᠯᠵᠣ᠂ ᠬᠤᠳᠠ ᠶᠢᠨ ᠮᠣᠩᠭᠤᠯ ᠦᠨᠳᠣᠰᠣᠳᠠᠨ ᠤ ᠬᠤᠶᠠᠳᠣᠭᠠᠷ ᠳᠣᠮᠳᠠᠳᠣ ᠰᠣᠷᠭᠠᠭᠤᠯᠢ ᠵᠡᠷᠬᠡ ᠰᠢᠨ᠎ᠡ ᠪᠠᠷ ᠪᠠᠶᠢᠭᠤᠯᠬᠤ ᠪᠠ ᠦᠬᠡᠷᠡᠴᠢᠯᠡᠨ ᠪᠠᠶᠢᠭᠤᠯᠬᠤ 4 ᠰᠣᠷᠭᠠᠭᠤᠯᠢ ︵ᠬᠡᠣᠬᠡᠳ ᠤᠨ ᠴᠡᠴᠡᠷᠯᠢᠭ︶ ᠶᠢᠨ ᠲᠦᠯᠦᠪᠯᠡᠨ ᠵᠢᠷᠤᠬᠤ ᠠᠵᠢᠯ ᠢ ᠳᠠᠭᠤᠰᠬᠠᠵᠣ᠂ 125 ᠪᠠᠭᠰᠢ ᠶᠢ ᠣᠷᠣᠭᠤᠯᠣᠨ ᠠᠪᠴᠢᠷᠠᠪᠠ︔ ᠮᠣᠩᠭᠤᠯ ᠡᠮᠨᠡᠯᠬᠡ ᠶᠢᠨ ᠬᠤᠷᠢᠶ᠎ᠠ ᠶᠢ ᠣᠳᠠᠯ ᠦᠬᠡᠢ ᠨᠡᠬᠦᠯᠬᠡᠨ ᠰᠢᠯᠵᠢᠬᠦᠯᠬᠦ ᠪᠠᠷ ᠪᠠᠶᠢᠵᠤ᠂ ︽ᠪᠦᠬᠦ ᠣᠯᠣᠰ ᠤᠨ ᠦᠨᠳᠣᠰᠣᠨ ᠱᠠᠳᠣᠨ ᠤ ᠮᠣᠩᠭᠤᠯ ᠬᠢᠳᠡᠳ ᠡᠮ ᠡᠮᠨᠡᠯᠬᠡ ᠶᠢᠨ ᠠᠵᠢᠯ ᠤᠨ ᠳᠠᠷᠢᠬᠦᠨ ᠤ ᠬᠤᠰᠢᠭᠤ︾ ᠶᠢ ᠡᠬᠦᠳᠣᠨ ᠴᠣᠭᠴᠠᠯᠠᠬᠤ ᠠᠵᠢᠯ ᠰᠢᠯᠭᠠᠨ ᠬᠤᠷᠢᠶᠠᠯᠳᠠ ᠶᠢ ᠦᠡᠭᠭᠡᠷᠡᠭᠡᠪᠡ᠃ ᠢᠳᠡᠬᠡᠨ ᠣᠮᠳᠠᠭᠠᠨ ᠡᠮ ᠤᠨ ᠵᠦᠢᠯᠡᠰ ᠤᠨ ᠰᠢᠯᠭᠠᠨ ᠪᠠᠶᠢᠴᠠᠭᠠᠯᠳᠠ ᠶᠢᠨ ᠲᠦᠪ ᠦᠪᠡᠷᠳᠡᠬᠡᠨ ᠵᠠᠰᠠᠬᠤ ᠣᠷᠣᠨ ᠤ ᠳᠠᠰ ᠤᠨ ᠬᠢᠷᠢ ᠬᠡᠮ ᠤᠨ ᠬᠡᠷᠡᠴᠢᠯᠡᠯᠳᠡ ᠶᠢ ᠳᠠᠮᠵᠢᠵᠣ ᠪᠦᠬᠦ ᠬᠤᠰᠢᠭᠤᠨ ᠳᠤ ᠨᠡᠶᠢᠳᠡᠮᠵᠢᠭᠰᠡᠨ ᠲᠦᠷᠬᠡᠨ ᠰᠢᠯᠭᠠᠨ ᠪᠠᠶᠢᠴᠠᠭᠠᠬᠤ ᠰᠢᠰᠲ᠋ᠧᠮ ᠢ ᠪᠦᠷᠢᠯᠳᠣᠬᠦᠯᠵᠡᠢ᠃ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ ᠠᠵᠢᠯ ᠣᠶᠢᠯᠡᠰ ᠢ ᠯᠠᠪᠳᠠᠭᠤᠨ ᠠᠬᠢᠭᠤᠯᠪᠠ᠃ ︽ᠪᠦᠬᠦ ᠣᠷᠣᠨ ᠤ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢ ᠡᠬᠦᠳᠣᠨ ᠪᠠᠶᠢᠭᠤᠯᠬᠤ ᠠᠵᠢᠯᠯᠠᠭᠠᠨ ᠤ ᠳᠠᠭᠤᠷᠢᠶᠠᠯ ᠬᠤᠰᠢᠭᠤ︾ ᠪᠠᠷ ᠨᠡᠷᠡᠶᠢᠳᠦᠭᠳᠠᠵᠣ᠂ ᠳᠣᠭᠤᠷᠢᠮ ᠭᠠᠴᠠᠭ᠎ᠠ ︽ᠬᠤᠶᠠᠳᠣᠭᠠᠷ ᠪᠦᠯᠥᠭ ᠳᠣᠮᠳᠠᠳᠣ ᠣᠯᠣᠰ ᠤᠨ ᠴᠦᠬᠡᠨ ᠳᠣᠭᠠᠳᠣ ᠦᠨᠳᠣᠰᠣᠳᠠᠨ ᠤ ᠣᠨᠴᠠᠯᠢᠭᠳᠣ ᠭᠠᠴᠠᠭ᠎ᠠ ᠳᠣᠰᠬᠤᠨ︾ ᠢᠶᠠᠷ ᠦᠨᠡᠯᠡᠭᠳᠡᠭᠰᠡᠨ ᠪᠠᠶᠢᠨ᠎ᠠ᠃
 
ᠢᠷᠡᠯᠲᠡ᠄ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号