ᠮᠠᠨ ᠤ ᠬᠤᠰᠢᠭᠤ ᠨᠠᠮ ᠤᠨ ᠪᠠᠶᠢᠭᠤᠯᠤᠯᠳᠠ ᠶᠢᠨ ᠠᠵᠢᠯ ᠤᠨ ᠲᠦᠪᠰᠢᠨ ᠢ ᠶᠡᠬᠡᠪᠡᠷ ᠲᠡᠭᠡᠭᠰᠢᠯᠡᠬᠦᠯᠵᠥ ᠪᠠᠶᠢᠨ᠎ᠠ
ᠨᠡᠶᠢᠲᠡᠯᠡᠭᠰᠡᠨ ᠴᠠᠭ᠄
2018-04-17
      ᠮᠠᠨ ᠤ ᠬᠤᠰᠢᠭᠤ ᠤᠮᠠᠷᠠᠳᠤ ᠬᠢᠯᠢ ᠶᠢᠨ ᠬᠤᠰᠢᠭᠤᠴᠢ ᠶᠢᠨ ᠢᠨᠵᠧᠨᠧᠷᠢᠩ ᠢ ᠶᠡᠬᠡᠪᠡᠷ ᠬᠡᠷᠡᠭᠵᠢᠬᠦᠯᠵᠥ᠂ ᠡᠯ᠎ᠡ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠲᠦᠪᠰᠢᠨ ᠢ ᠶᠡᠬᠡᠪᠡᠷ ᠲᠡᠭᠡᠭᠰᠢᠯᠡᠬᠦᠯᠵᠥ ᠪᠠᠶᠢᠨ᠎ᠠ᠃      ︽ᠰᠤᠳᠤᠨ ᠨᠡᠶᠢᠬᠡᠮ ᠲᠤᠭᠤᠷᠢᠭ︾ ᠢ ᠡᠬᠦᠳᠴᠦ᠂ ︽ᠬᠠᠶᠢᠷ᠎ᠠ ᠬᠠᠯᠠᠮᠵᠢᠳᠤ ᠨᠠᠮ ᠤᠨ ᠪᠠᠶᠢᠭᠤᠯᠤᠯᠳᠠ︾ ᠶᠢ ᠰᠠᠶᠢᠳᠤᠷ ᠠᠳᠬᠤᠪᠠ᠃ ᠵᠢᠯ ᠪᠤᠯᠭᠠᠨ ᠬᠦᠴᠤ ᠪᠠᠨ ᠲᠦᠪᠯᠡᠷᠡᠬᠦᠯᠥᠨ ᠨᠢᠵᠢᠬᠡᠳ ᠰᠤᠳᠤᠨ ᠵᠢᠱᠢᠶ᠎ᠡ ᠦᠵᠡᠬᠦᠯᠬᠦ ᠨᠡᠶᠢᠬᠡᠮ ᠲᠤᠭᠤᠷᠢᠭ ᠢ ᠭᠤᠤᠯᠳᠠᠯᠭ᠎ᠠ ᠲᠠᠢ ᠪᠡᠶᠢᠭᠤᠯᠵᠥ᠂ ᠰᠤᠳᠤᠨ ᠨᠡᠶᠢᠬᠡᠮ ᠲᠤᠭᠤᠷᠢᠭ ᠤᠨ ᠲᠤᠭ᠎ᠠ ᠶᠢ ᠵᠢᠯ ᠲᠠᠷᠠᠭᠠᠯᠠᠨ ᠨᠡᠮᠡᠭᠳᠡᠬᠦᠯᠵᠥ᠂ ᠨᠡᠶᠢᠬᠡᠮ ᠲᠤᠭᠤᠷᠢᠭ ᠤᠨ ᠦᠢᠯᠡᠴᠢᠯᠡᠬᠡᠨ ᠤ ᠲᠦᠪᠰᠢᠨ ᠢ ᠲᠠᠰᠤᠷᠠᠯᠳᠡ ᠦᠭᠡᠢ ᠲᠡᠭᠡᠭᠰᠢᠯᠡᠬᠦᠯᠪᠡ᠃ ︽ᠨᠢᠬᠡ ᠲᠤᠰᠬᠤᠨ ᠨᠢᠬᠡ ᠲᠦᠷᠦᠯ ᠲᠡᠮᠳᠡᠭ︾ ᠲᠠᠢ ᠪᠠᠶᠢᠬᠤ ᠶᠢ ᠠᠬᠢᠭᠤᠯᠵᠥ᠂ ︽ᠠᠷᠠᠳ ᠢ ᠪᠠᠶᠠᠵᠢᠭᠤᠯᠬᠤ ᠨᠠᠮ ᠤᠨ ᠪᠠᠶᠢᠭᠤᠯᠤᠯᠳᠠ︾ ᠶᠢ ᠰᠠᠶᠢᠳᠤᠷ ᠠᠳᠬᠤᠪᠠ᠃  ︽ᠰᠤᠶᠤᠯ ᠤᠨ ᠦᠵᠡᠮᠵᠢ︾᠂ ︽ᠵᠤᠭᠠᠴᠠᠯ ᠤᠨ ᠦᠵᠡᠮᠵᠢ︾᠂ ︽ᠤᠳᠤ ᠦᠶ᠎ᠡ ᠶᠢᠨ ᠶᠡᠷᠤᠩᠬᠡᠶᠢᠯᠡᠭᠰᠡᠡ ᠬᠦᠳᠡᠭᠡ ᠠᠵᠥ ᠠᠬᠤᠢ ᠶᠢᠨ ᠭᠠᠷᠤᠯᠳᠠ ᠶᠢᠨ ᠤᠷᠤᠨ︾ ᠵᠡᠷᠬᠡ ᠤᠨᠴᠠᠯᠢᠭᠳᠤ ᠲᠠᠷᠢᠶᠠᠯᠠᠬᠤ ᠤᠷᠤᠨ ᠤ ᠲᠦᠷᠦᠯ ᠲᠡᠮᠳᠡᠭ ᠢ ᠡᠬᠦᠳᠴᠦ᠂ ᠬᠦᠳᠡᠭᠡ ᠠᠵᠥ ᠠᠬᠤᠢ ᠬᠦᠳᠡᠭᠡ ᠲᠤᠰᠬᠤᠨ ᠤ ᠠᠵᠥ ᠠᠬᠤᠢ ᠶᠢᠨ ᠬᠦᠭᠵᠢᠯᠳᠡ ᠶᠢ ᠲᠠᠶᠢᠴᠢᠯᠠᠵᠥ᠂ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠪᠠ᠃ ︽ᠬᠤᠶᠠᠷ ᠢ ᠪᠦᠷᠬᠦᠬᠦᠯᠬᠦ︾ ᠶᠢ ᠦᠷᠬᠡᠳᠭᠡᠵᠥ᠂ ︽ᠰᠡᠳᠬᠢᠯ ᠤᠨ ᠬᠤᠯᠪᠤᠭ᠎ᠠ ᠨᠠᠮ ᠤᠨ ᠪᠠᠶᠢᠭᠤᠯᠤᠯᠳᠠ︾ ᠶᠢ ᠰᠠᠶᠢᠳᠤᠷ ᠠᠳᠬᠤᠪᠠ᠃ ᠨᠡᠶᠢᠳᠡ ᠶᠢᠨ ᠦᠮᠴᠢᠯᠡᠯ ᠤᠨ ᠪᠤᠰᠤ ᠬᠦᠷᠢᠶᠡᠨ ᠳᠤ ᠨᠠᠮ ᠤᠨ ᠵᠤᠬᠢᠶᠠᠨ ᠪᠠᠶᠢᠭᠤᠯᠤᠯᠳᠠ ᠴᠤᠬᠴᠠᠯᠠᠬᠤ ᠶᠢ ᠠᠬᠢᠭᠤᠯᠵᠥ᠂ ᠨᠠᠮ ᠤᠨ ᠠᠵᠢᠯ ᠢ ᠪᠦᠷ ᠪᠦᠷᠬᠦᠬᠦᠯᠪᠡ᠃ ︽ᠰᠢᠯᠢᠳᠡᠭ ᠠᠵᠢᠯᠳᠠᠨ︾ ᠢ ᠲᠤᠬᠢᠷᠠᠭᠤᠯᠵᠥ᠂ ︽ᠠᠮᠢᠵᠢᠷᠠᠯ ᠪᠢᠯᠬᠠᠬᠰᠠᠨ ᠨᠠᠮ ᠤᠨ ᠪᠠᠶᠢᠭᠤᠯᠤᠯᠳᠠ︾ ᠶᠢ ᠰᠠᠶᠢᠳᠤᠷ ᠠᠳᠬᠤᠪᠠ᠃ ᠪᠠᠶᠢᠭᠤᠯᠤᠯᠭ᠎ᠠ ᠶᠢᠨ ᠨᠠᠮ ᠤᠨ ᠠᠵᠢᠯ ᠤᠨ ᠺᠠᠳ᠋ᠷ ᠢ ᠰᠠᠶᠢᠳᠤᠷ ᠲᠤᠬᠢᠷᠠᠭᠤᠯᠵᠥ᠂ ᠰᠤᠷᠤᠯᠴᠠᠯᠭ᠎ᠠ ᠪᠤᠯᠪᠠᠰᠤᠷᠠᠯ᠂ ᠠᠵᠢᠯ ᠤᠨ ᠪᠠᠶᠢᠷᠢ ᠰᠤᠯᠢᠨ ᠠᠵᠢᠯᠯᠠᠭᠤᠯᠬᠤ᠂ ᠦᠢᠯᠡᠳᠦᠯᠬᠡ ᠶᠢᠨ ᠲᠠᠪᠳᠠᠯᠳᠡ ᠳᠤ ᠤᠷᠤᠯᠴᠠᠭᠤᠯᠬᠤ ᠵᠡᠷᠬᠡ ᠠᠷᠭ᠎ᠠ ᠪᠠᠷ ᠪᠠᠶᠢᠭᠤᠯᠤᠯᠭ᠎ᠠ ᠶᠢᠨ ᠨᠠᠮ ᠤᠨ ᠠᠵᠢᠯ ᠤᠨ ᠺᠠᠳ᠋ᠷ ᠢ ᠬᠠᠪᠰᠤᠷᠤᠨ ᠤᠯᠤᠰ ᠲᠦᠷᠦ ᠶᠢᠨ ᠬᠡᠪ ᠪᠤᠯᠪᠠᠰᠤᠷᠠᠯ ᠪᠤᠯᠤᠨ ᠲᠤᠬᠠᠶᠢᠯᠠᠭᠰᠠᠠ ᠠᠵᠢᠯ ᠤᠨ ᠴᠢᠳᠠᠪᠤᠷᠢ ᠶᠢ ᠨᠢ ᠲᠡᠭᠡᠭᠰᠢᠯᠡᠬᠦᠯᠵᠥ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠲᠦᠪᠰᠢᠨ ᠤ ᠲᠠᠰᠤᠷᠠᠯᠳᠡ ᠦᠭᠡᠢ ᠲᠡᠭᠡᠭᠰᠢᠯᠡᠬᠦ ᠶᠢ ᠠᠬᠢᠭᠤᠯᠵᠠᠢ᠃
 
ᠢᠷᠡᠯᠲᠡ᠄ ᠤᠷᠳᠤᠰ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号