ᠬᠤᠰᠢᠭᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠰᠤᠷᠭᠠᠭᠤᠯᠢ ᠶᠢᠨ ᠭᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠴᠢᠩᠭ᠎ᠠ ᠠᠳᠬᠤᠵᠤ ᠪᠤᠢ
ᠨᠡᠶᠢᠲᠡᠯᠡᠭᠰᠡᠨ ᠴᠠᠭ᠄
2018-04-17
      ᠬᠤᠰᠢᠭᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠬᠠᠪᠤᠷ ᠤᠨ ᠰᠤᠷᠤᠯᠭ᠎ᠠ ᠡᠬᠢᠯᠡᠬᠦ ᠡᠮᠦᠨ᠎ᠡ ᠬᠤᠶᠢᠨ᠎ᠠ ᠬᠠᠭᠠᠰ ᠰᠠᠷ᠎ᠠ ᠶᠢᠨ ᠴᠠᠭ ᠢ ᠠᠰᠢᠭᠯᠠᠨ ᠲᠤᠮᠳᠠᠲᠤ ᠰᠤᠷᠭᠠᠭᠤᠯᠢ᠂ ᠪᠠᠭ᠎ᠠ ᠰᠤᠷᠭᠠᠭᠤᠯᠢ᠂ ᠬᠡᠤᠭᠡᠳ ᠤᠨ ᠴᠡᠴᠡᠷᠯᠢᠭ ᠤᠨ ᠬᠤᠭᠤᠯᠠᠨ ᠭᠡᠷ᠂ ᠰᠤᠷᠭᠠᠭᠤᠯᠢ ᠶᠢᠨ ᠬᠦᠷᠢᠶᠡᠨ ᠳᠠᠬᠢ ᠢᠳᠡᠭᠡᠨ ᠤ ᠵᠢᠵᠢᠭ ᠳᠡᠯᠭᠡᠭᠦᠷ ᠵᠢᠴᠢ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠳᠤ ᠲᠤᠰᠬᠠᠢ ᠲᠦᠷᠦᠯ ᠤᠨ ᠪᠠᠶᠢᠴᠠᠭᠠᠯᠳᠠ ᠭᠢᠪᠡ᠃      ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮ ᠤᠨ ᠪᠠᠶᠢᠭᠤᠯᠤᠯᠳᠠ ᠶᠢ ᠲᠡᠭᠦᠯᠳᠡᠷᠵᠢᠭᠦᠯᠵᠦ ᠂ ᠰᠤᠷᠭᠠᠭᠤᠯᠢ ᠶᠢᠨ ᠵᠠᠬᠢᠷᠤᠯ ᠪᠤᠯ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠳᠠᠨ ᠪᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠡᠵᠡᠩᠨᠡᠯᠳᠡ ᠶᠢ ᠴᠢᠩᠭ᠎ᠠ ᠠᠳᠬᠤᠵᠤ᠂ ᠰᠤᠷᠭᠠᠭᠤᠯᠢ ᠶᠢᠨ ᠬᠤᠭᠤᠯᠠᠨ ᠭᠡᠷ ᠤᠨ ︽ᠢᠳᠡᠭᠡᠨ ᠤᠮᠳᠠᠭᠠᠨ ᠤ ᠡᠵᠡᠩᠨᠡᠯᠲᠡ ᠶᠢᠨ ᠵᠦᠪᠰᠢᠶᠡᠷᠡᠯ ᠤᠨ ᠦᠨᠠᠮᠯᠡᠯ︾ ᠡᠰᠡᠭᠦᠯ᠎ᠡ ︽ᠢᠳᠡᠭᠡᠨ ᠤᠮᠳᠠᠭᠠᠨ ᠤ ᠦᠢᠯᠡᠴᠢᠯᠡᠭᠡᠨ ᠤ ᠵᠦᠪᠰᠢᠶᠡᠷᠡᠯ ᠤᠨ ᠦᠨᠠᠮᠯᠡᠯ︾ ᠤᠨ ᠬᠤᠭᠤᠴᠠᠭ᠎ᠠ ᠦᠡᠭᠭᠡᠷᠡᠭᠰᠡᠨ᠂ ᠬᠡᠪᠴᠢᠶᠡᠨ ᠠᠴᠠ ᠬᠡᠳᠦᠷᠡᠭᠰᠡᠨ ᠡᠵᠡᠩᠨᠡᠯ ᠤᠨ ᠠᠰᠠᠭᠤᠳᠠᠯ ᠤᠷᠤᠰᠢᠵᠤ ᠪᠠᠶᠢᠬᠤ ᠡᠰᠡᠬᠦ ᠶᠢ ᠪᠠᠶᠢᠴᠠᠭᠠᠨ᠂ ᠡᠵᠡᠩᠨᠡᠬᠦ ᠨᠦᠭᠦᠴᠡᠯ ᠳᠤ ᠬᠤᠪᠢᠷᠠᠯᠳᠠ ᠭᠠᠷᠴᠤ ᠲᠠᠷᠤᠢ ᠳᠤᠨᠢ ᠭᠠᠷ ᠭᠦᠢᠴᠡᠳᠭᠡᠯ ᠬᠢᠭᠰᠡᠨ ᠦᠭᠡᠢ ᠨᠢᠭᠡᠴᠡ ᠶᠢ ᠲᠠᠷᠤᠢ ᠲᠦᠷᠭᠡᠨ ᠬᠠᠮᠢᠶ᠎ᠠ ᠪᠦᠬᠦᠢ ᠭᠠᠷ ᠭᠦᠢᠴᠡᠳᠬᠡᠯ ᠬᠢᠯᠭᠡᠬᠦ ᠶᠢ ᠱᠠᠭᠠᠷᠳᠠᠪᠠ᠃ ᠰᠤᠷᠭᠠᠭᠤᠯᠢ᠂ ᠬᠡᠤᠭᠡᠳ ᠤᠨ ᠴᠡᠴᠡᠷᠯᠢᠭ ᠤᠨ ᠬᠤᠭᠤᠯᠠᠨ ᠭᠡᠷ ᠤᠨ ᠢᠳᠡᠭᠡᠨ ᠤ ᠲᠦᠭᠦᠬᠡᠢ ᠡᠳ᠋ ᠤᠷᠤᠭᠤᠯᠤᠭᠰᠠᠨ ᠪᠠᠶᠢᠳᠠᠯ᠂ ᠬᠦᠮᠦᠷᠭᠡ ᠵᠢᠴᠢ ᠠᠵᠢᠯᠯᠠᠬᠤ ᠲᠠᠰᠤᠭ ᠤᠨ ᠢᠳᠡᠭᠡᠨ ᠬᠠᠳᠠᠭᠠᠯᠠᠵᠤ ᠪᠠᠶᠢᠭ᠎ᠠ ᠪᠠᠶᠢᠳᠠᠯ᠂ ᠪᠠᠭᠠᠵᠢ ᠬᠡᠷᠡᠭᠰᠡᠯ ᠢ ᠭᠡᠷᠡᠭᠯᠡᠭᠦ ᠪᠠ ᠲᠦᠭᠦᠬᠡᠢ ᠡᠳ᠋ ᠢ ᠰᠢᠢᠳᠪᠦᠷᠢᠯᠡᠬᠦ ᠳᠤ ᠰᠤᠯᠪᠢᠴᠠᠨ ᠪᠤᠭᠢᠷᠳᠤᠬᠤ ᠡᠰᠡᠭᠦ᠂ ᠬᠤᠭᠤᠯᠠᠨ ᠰᠠᠪᠠ ᠶᠢ ᠠᠷᠢᠭᠤᠳᠬᠠᠬᠤ ᠪᠦᠳᠦᠮᠵᠢ ᠬᠢᠭᠡᠳ ᠬᠤᠭᠤᠯᠠ ᠬᠤᠪᠢᠶᠠᠷᠢᠯᠠᠬᠤ ᠪᠠ ᠬᠤᠭᠤᠯᠠ ᠪᠡᠯᠡᠳᠬᠡᠭᠦ ᠲᠠᠰᠤᠭ ᠨᠢ ᠡᠯ᠎ᠡ ᠲᠦᠷᠦᠯ ᠤᠨ ᠱᠠᠭᠠᠷᠳᠠᠯᠭ᠎ᠠ ᠳᠤ ᠨᠡᠶᠢᠴᠡᠭᠰᠡᠨ ᠡᠰᠡᠭᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠵᠤ᠂ ᠤᠶᠢᠷ᠎ᠠ ᠬᠠᠪᠢ ᠶᠢᠨ ᠬᠤᠭᠤᠯᠠᠨ ᠭᠡᠷ ᠤᠨ ᠠᠵᠢᠯᠳᠠᠨ ᠤ ᠡᠷᠡᠭᠦᠯ ᠮᠡᠨᠳᠦ ᠶᠢᠨ ᠦᠨᠡᠮᠯᠡᠯ᠂ ᠲᠦᠭᠦᠬᠡᠢ ᠡᠳ᠋ ᠤᠨ ᠲᠠᠩᠰᠠ ᠡᠪᠬᠡᠮᠡᠯ᠂ ᠢᠳᠡᠭᠡᠨ ᠢ ᠡᠳ᠋ᠰᠢᠯᠡᠭᠦᠯᠦᠨ ᠪᠤᠯᠪᠠᠰᠤᠷᠠᠭᠤᠯᠬᠤ ᠶᠠᠪᠦᠴᠠ᠂ ᠰᠡᠷᠢᠭᠦᠨ ᠲᠦᠬᠦᠭᠡᠢ ᠢᠳᠡᠭᠡᠨ ᠢ ᠪᠤᠯᠪᠠᠰᠤᠷᠠᠭᠤᠯᠬᠤ ᠨᠦᠬᠦᠴᠡᠯ ᠪᠤᠯᠤᠨ ᠢᠳᠡᠭᠡᠨ ᠤ ᠬᠦᠮᠦᠷᠭᠡ ᠶᠢᠨ ᠬᠡᠷᠡᠭᠯᠡᠯᠳᠡ ᠶᠢᠨ ᠪᠠᠶᠢᠳᠠᠯ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠠᠬᠤ ᠶᠢᠨ ᠬᠠᠮᠲᠤ ᠰᠤᠷᠭᠠᠭᠤᠯᠢ ᠶᠢᠨ ᠬᠦᠷᠢᠶᠡᠨ ᠳᠠᠬᠢ ᠢᠳᠡᠭᠡᠨ ᠤ ᠵᠢᠵᠢᠭ ᠳᠡᠯᠭᠡᠭᠦᠷ ᠵᠢᠴᠢ ᠤᠶᠢᠷ᠎ᠠ ᠬᠠᠪᠢ ᠶᠢᠨ ᠢᠳᠡᠭᠡᠨ ᠤ ᠬᠤᠯᠢᠮᠠᠭ ᠲᠡᠯᠭᠡᠭᠦᠷ᠂ ᠲᠦᠭᠦᠮ ᠲᠡᠯᠭᠡᠭᠦᠷ᠂ ᠴᠢᠯᠦᠭᠡᠳᠦ ᠵᠢᠵᠢᠭ ᠲᠡᠯᠭᠡᠭᠦᠷ ᠲᠤ ᠬᠤᠳᠠᠯᠳᠤᠵᠤ ᠪᠠᠶᠢᠭ᠎ᠠ ᠠᠮᠳᠠ ᠤᠷᠤᠭᠤᠯᠤᠭᠰᠠᠨ ᠭᠤᠯᠢᠷ ᠤᠨ ᠪᠦᠳᠦᠭᠡᠭᠳᠡᠭᠦᠨ᠂ ᠪᠤᠯᠤᠭᠰᠠᠨ ᠮᠢᠬᠠᠨ ᠤ ᠪᠦᠳᠦᠭᠡᠭᠳᠡᠭᠦᠨ᠂ ᠪᠤᠭᠤᠷᠰᠤᠭ᠂ ᠤᠮᠳᠠᠭᠠᠨ ᠵᠡᠷᠭᠡ ᠬᠡᠤᠬᠡᠳ ᠪᠠᠭᠠᠴᠤᠳ ᠤᠨ ᠦᠷᠭᠦᠯᠵᠢ ᠬᠤᠳᠠᠯᠳᠤᠨ ᠠᠪᠳᠠᠭ ᠢᠳᠡᠭᠡᠨ ᠢ ᠭᠤᠤᠯᠳᠠᠯᠭ᠎ᠠ ᠲᠠᠢ ᠪᠠᠶᠢᠴᠠᠭᠠᠵᠤ᠂ ᠢᠳᠡᠭᠡᠨ ᠤ ᠭᠠᠳᠠᠷ ᠪᠠᠶᠢᠳᠠᠯ᠂ ᠶᠠᠰᠤ ᠴᠢᠨᠠᠷ᠂ ᠪᠠᠷᠠᠭ᠎ᠠ ᠤᠷᠤᠭᠤᠯᠤᠭᠰᠠᠨ ᠵᠠᠮ ᠪᠠ ᠬᠠᠳᠠᠭᠠᠯᠠᠬᠤ ᠨᠦᠬᠦᠴᠡᠯ ᠵᠡᠷᠭᠡ ᠶᠢ ᠪᠠᠶᠢᠴᠠᠭᠠᠨ ᠦᠵᠡᠵᠤ᠂ ᠡᠵᠡᠩᠨᠡᠭᠴᠢ ᠳᠤ ᠢᠳᠡᠭᠡᠨ ᠤᠷᠤᠭᠤᠯᠤᠭᠰᠠᠨ ᠲᠠᠩᠰᠠ ᠲᠡᠮᠳᠡᠭᠯᠡᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ︽ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠱᠠᠭᠠᠷᠳᠠᠯᠭ᠎ᠠ ᠶᠤᠰᠤᠭᠠᠷ ᠬᠠᠮᠢᠶ᠎ᠠ ᠪᠦᠭᠦᠢ ᠠᠭᠤᠯᠭ᠎ᠠ ᠪᠠᠨ ᠦᠨᠡᠨ ᠪᠤᠳᠠᠳᠠᠢ ᠲᠡᠮᠳᠡᠭᠯᠡᠬᠦ ᠶᠢ ᠱᠠᠭᠠᠷᠳᠠᠭᠰᠠᠨ ᠪᠠᠶᠢᠨ᠎ᠠ᠃ ᠤᠤᠭᠤᠬᠤ ᠤᠰᠤᠨ ᠤ ᠠᠷᠢᠭᠤᠨ ᠴᠡᠪᠡᠷ ᠤᠨ ᠬᠠᠮᠢᠶᠠᠷᠤᠯᠳᠠ ᠶᠢᠨ ᠲᠦᠷᠢᠮ ᠢ ᠲᠤᠭᠳᠠᠭᠠᠭᠰᠠᠨ ᠡᠰᠡᠭᠦ᠂ ᠤᠰᠤ ᠬᠠᠩᠭᠠᠬᠤ ᠲᠦᠬᠦᠭᠡᠷᠦᠮᠵᠢ ᠳᠤ ᠠᠷᠢᠭᠤᠨ ᠴᠡᠪᠡᠷ ᠤᠨ ᠬᠠᠮᠠᠭᠠᠯᠠᠯᠳᠠ ᠪᠠᠶᠢᠬᠤ ᠡᠰᠡᠬᠦ᠂ ᠤᠰᠤ ᠤᠤᠭᠤᠬᠤ ᠮᠠᠰᠢᠨ ᠢᠶᠠᠨ ᠲᠤᠭᠳᠠᠭᠰᠠᠨ ᠬᠤᠭᠤᠴᠠᠭ᠎ᠠ ᠲᠠᠢ ᠤᠬᠢᠶᠠᠨ ᠠᠷᠢᠭᠤᠳᠬᠠᠵᠤ᠂ ᠠᠷᠢᠭᠤᠳᠬᠠᠭᠰᠠᠨ ᠲᠡᠮᠳᠡᠭᠯᠡᠯ ᠬᠢᠭᠰᠡᠨ ᠡᠰᠡᠭᠦ ᠶᠢ ᠪᠠᠶᠢᠴᠠᠭᠠᠨ ᠦᠵᠡᠵᠦ᠂ ᠤᠰᠤᠨ ᠤ ᠴᠢᠨᠠᠷ ᠲᠡᠰ ᠢ ᠰᠢᠯᠭᠠᠨ ᠪᠠᠶᠢᠴᠠᠭᠠᠪᠠ᠃ ᠢᠳᠡᠪᠭᠢᠳᠠᠢ ᠰᠢᠨ᠎ᠡ ᠶᠢ ᠡᠭᠦᠳᠴᠦ᠂ ᠰᠤᠷᠭᠠᠭᠤᠯᠢ ᠶᠢᠨ ᠬᠤᠭᠤᠯᠠᠨ ᠭᠡᠷ ᠢᠶᠠᠨ ᠢᠨᠲ᠋ᠧᠷ ᠰᠦᠯᠵᠢᠶ᠎ᠡ ᠪᠠᠷ ᠲᠠᠮᠵᠢᠨ ᠤᠯᠨᠨ ᠳᠤ ᠦᠵᠡᠭᠦᠯᠬᠦ ᠶᠢ ᠲᠦᠯᠬᠢᠨ ᠠᠬᠢᠭᠤᠯᠵᠤ᠂ ᠤᠶᠤᠨᠴᠢᠯᠠᠭᠰᠠᠨ ᠬᠠᠷᠠᠭᠠᠨ ᠲᠠᠪᠳᠠᠮᠵᠢ ᠶᠢᠨ ᠬᠢᠨᠠᠨ ᠡᠵᠡᠮᠰᠢᠯ ᠪᠠ ᠡᠯᠧᠺᠲᠷᠤᠨ ᠬᠢᠨᠠᠨ ᠬᠠᠮᠢᠶᠠᠷᠤᠯᠳᠠ ᠶᠢ ᠪᠡᠶᠡᠯᠡᠭᠦᠯᠵᠦ᠂ ᠦᠷᠭᠡᠨ ᠤᠯᠠᠨ ᠪᠠᠭᠰᠢ ᠰᠤᠷᠤᠭᠴᠢ᠂ ᠭᠡᠷ ᠤᠨ ᠠᠬᠠᠮᠠᠳ ᠤᠨ ᠪᠠᠶᠢᠳᠠᠯ ᠢ ᠮᠡᠳᠡᠭᠦ ᠡᠷᠭᠡ ᠪᠠ ᠬᠢᠨᠠᠬᠤ ᠡᠷᠭᠡ ᠶᠢ ᠰᠠᠶᠢᠳᠤᠷ ᠪᠠᠳᠤᠯᠠᠭᠰᠠᠨ ᠪᠠᠶᠢᠨ᠎ᠠ᠃      ᠰᠤᠷᠭᠠᠭᠤᠯᠢ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠠᠵᠢᠯ ᠢ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠠᠶᠤᠯ ᠢ ᠴᠠᠭ ᠲᠤᠬᠠᠢ ᠳᠤᠨᠢ ᠰᠡᠷᠬᠡᠶᠢᠯᠡᠵᠤ᠂ ᠢᠳᠡᠭᠡᠨ ᠤ ᠬᠤᠤᠷᠳᠠᠯ ᠪᠠ ᠤᠤᠭᠤᠬᠤ ᠤᠰᠤᠨ ᠤ ᠪᠤᠬᠢᠷᠳᠤᠯ ᠡᠭᠦᠰᠬᠦ ᠶᠢ ᠴᠢᠩᠭ᠎ᠠ ᠰᠡᠷᠭᠡᠶᠢᠯᠡᠨ᠂ ᠠᠵᠢᠯᠳᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠤᠬᠠᠮᠰᠠᠷ ᠢ ᠲᠡᠭᠡᠭᠰᠢᠯᠡᠭᠦᠯᠵᠦ᠂ ᠦᠷᠭᠡᠨ ᠤᠯᠠᠨ ᠪᠠᠭᠰᠢ ᠰᠤᠷᠤᠭᠴᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠳᠤᠯᠠᠭᠰᠠᠨ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号