ᠬᠤᠰᠢᠭᠤ ᠵᠠᠮ ᠬᠠᠷᠢᠯᠴᠠᠭᠠᠨ ᠤ ᠴᠠᠭᠳᠠᠭᠠᠨ ᠤ ᠬᠠᠮᠢᠶᠠᠷᠤᠯᠳᠠ ᠶᠢᠨ ᠶᠡᠭᠡ ᠠᠩᠬᠢ ᠵᠠᠮ ᠬᠠᠷᠢᠯᠴᠠᠭᠠᠨ ᠤ ᠠᠳᠡᠯ ᠬᠡᠷᠡᠭ ᠢ ᠰᠦᠯᠵᠢᠶᠡᠨ ᠳᠡᠭᠡᠷ᠎ᠡ ᠲᠦᠷᠭᠡᠨ ᠰᠶᠢᠳᠪᠦᠷᠢᠯᠡᠬᠦ ᠲᠤᠰᠬᠠᠢ ᠰᠡᠳᠦᠪᠲᠤ ᠪᠤᠯᠪᠠᠰᠤᠷᠠᠯ ᠦᠷᠨᠢᠬᠦᠯᠪᠡ
ᠨᠡᠶᠢᠲᠡᠯᠡᠭᠰᠡᠨ ᠴᠠᠭ᠄
2018-04-17
     ᠪᠦᠬᠦ ᠬᠤᠰᠢᠭᠤᠨ ᠤ ᠬᠦᠳᠡᠭᠡ ᠲᠤᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠬᠠᠮᠢᠶᠠᠷᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠮᠣᠵᠢᠭᠦᠯᠣᠨ ᠵᠢᠯᠣᠭᠤᠳᠣᠭᠴᠢ ᠪᠣᠯᠣᠨ ᠬᠠᠪᠰᠣᠷᠣᠨ ᠬᠠᠮᠢᠶᠠᠷᠤᠭᠴᠢ ᠶᠢᠨ ᠠᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠬᠦ ᠶᠢᠨ ᠲᠦᠯᠦᠭᠡ᠂ ᠤᠶᠢᠷ᠎ᠠ ᠳᠤ᠂ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭᠠᠨ ᠤ ᠬᠠᠮᠢᠶᠠᠷᠤᠯᠳᠠ ᠶᠢᠨ ᠶᠡᠭᠡ ᠠᠩᠬᠢ ᠶᠢᠨ ᠬᠢᠨ ᠵᠠᠮ ᠬᠠᠷᠢᠯᠴᠠᠭᠠᠨ ᠤ ᠠᠳᠡᠯ ᠬᠡᠷᠡᠭ ᠢ ᠰᠦᠯᠵᠢᠶᠡᠨ ᠳᠡᠭᠡᠷ᠎ᠡ ᠲᠦᠷᠭᠡᠨ ᠰᠶᠢᠳᠪᠦᠷᠢᠯᠡᠬᠦ ᠲᠤᠰᠬᠠᠢ ᠰᠡᠳᠦᠪᠲᠤ ᠪᠤᠯᠪᠠᠰᠤᠷᠠᠯ  ᠦᠷᠨᠢᠬᠦᠯᠦᠭᠰᠡᠨ ᠪᠠᠶᠢᠨ᠎ᠠ᠃      ᠪᠤᠯᠪᠠᠰᠤᠷᠠᠯ ᠳᠤ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠶᠢᠨ ᠴᠠᠭᠳᠠᠭ᠎ᠠ ᠠᠴᠠ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠠᠵᠢᠯᠯᠠᠭᠠᠨ ᠤ ᠬᠦᠮᠣᠵᠢᠬᠦᠯᠣᠨ ᠵᠢᠯᠣᠭᠤᠳᠣᠭᠴᠢ ᠪᠣᠯᠣᠨ ᠬᠠᠪᠰᠣᠷᠣᠨ ᠬᠠᠮᠢᠶᠠᠷᠤᠭᠴᠢ ᠶᠢᠨ ᠨᠢᠬᠡ ᠴᠣᠭᠴᠠᠵᠢᠭᠤᠯᠣᠭᠰᠠᠨ ᠭᠡᠪ ᠪᠤᠯᠪᠠᠰᠤᠷᠠᠯ ᠢ ᠲᠡᠭᠡᠭᠰᠢᠯᠡᠭᠦᠯᠭᠦ᠂ ᠵᠠᠮ ᠬᠠᠷᠢᠯᠴᠠᠭᠠᠨ ᠤ ᠠᠶᠤᠯᠭᠦᠢ ᠶᠢᠨ ᠲᠠᠯᠳᠠ ᠬᠡᠮ ᠢ ᠪᠠᠶᠢᠴᠠᠭᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠂ ᠵᠠᠮ ᠬᠠᠷᠢᠯᠴᠠᠭᠠᠨ ᠤ ᠵᠢᠯᠣᠭᠤᠳᠣᠮᠵᠢ ᠶᠢᠨ ᠪᠠᠭᠠᠵᠢ ᠭᠡᠷᠡᠭᠰᠡᠯ ᠢ ᠵᠦᠪ ᠬᠡᠷᠡᠭᠯᠡᠬᠦ ᠵᠡᠷᠭᠡ ᠳᠣᠬᠠᠶᠢᠯᠠᠭᠰᠠᠨ ᠠᠵᠢᠯ  ᠤᠨ ᠮᠡᠳᠡᠯᠭᠡ ᠶᠢᠨ ᠲᠠᠯ᠎ᠠ ᠪᠠᠷ ᠳᠠᠶᠢᠯᠪᠣᠷᠢᠯᠠᠪᠠ᠃        ᠪᠤᠯᠪᠠᠰᠤᠷᠠᠯ ᠢᠶᠠᠷ ᠲᠠᠮᠵᠢᠨ᠂ ᠦᠷᠭᠡᠨ ᠤᠯᠠᠨ ᠵᠠᠮ ᠬᠠᠷᠢᠯᠴᠠᠭᠠᠨ ᠤ ᠴᠠᠭᠳᠠᠭᠠᠨ ᠤ ᠠᠵᠢᠯ ᠤᠨ ᠬᠡᠪ ᠪᠤᠯᠪᠠᠰᠤᠷᠠᠯ ᠢ  ᠲᠡᠭᠡᠭᠰᠢᠯᠡᠬᠦᠯᠵᠦ᠂ ᠭᠠᠴᠠᠭ᠎ᠠ ᠲᠤᠰᠬᠤᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠦᠷᠳᠡᠭᠡ᠂  ᠵᠠᠮ ᠬᠠᠷᠢᠯᠴᠠᠭᠠᠨ ᠤ ᠬᠦᠮᠣᠵᠢᠬᠦᠯᠣᠨ ᠵᠢᠯᠣᠭᠤᠣᠠᠬᠤ ᠦᠷᠳᠡᠭᠡ᠂ ᠬᠠᠪᠰᠣᠷᠣᠨ ᠬᠠᠮᠢᠶᠠᠷᠤᠭᠴᠢ᠂ ᠬᠦᠮᠣᠵᠢᠬᠦᠯᠣᠨ ᠵᠢᠯᠣᠭᠤᠳᠣᠭᠴᠢ ᠵᠡᠷᠭᠡ ︽ᠬᠤᠶᠠᠷ ᠦᠷᠳᠡᠭᠡ᠂ ᠬᠤᠶᠠᠷ ᠬᠡᠰᠢᠬᠦᠨ︾ ᠤ ᠪᠠᠶᠢᠭᠤᠯᠤᠯᠳᠠ ᠶᠢ ᠳᠡᠬᠦᠯᠳᠡᠷᠵᠢᠬᠦᠯᠵᠦ᠂  ᠵᠠᠮ ᠬᠠᠷᠢᠯᠴᠠᠭᠠᠨ ᠤ ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠳᠦᠬᠦᠯᠬᠦ ᠳᠤ ᠰᠠᠭᠤᠷᠢ ᠲᠠᠯᠪᠢᠵᠠᠢ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号