ᠮᠠᠨ‌‍ᠤ ᠬᠤᠰᠢᠭᠤ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶  ᠤ ᠺᠠᠳ᠋ᠷᠴᠤᠳ ᠵᠢᠴᠢ ᠬᠤᠰᠢᠭᠤ ᠲᠠᠰ ᠤᠨ ᠮᠠᠯᠴᠢᠨ ᠲᠠᠷᠢᠶᠠᠴᠢᠨ ᠠᠷᠠᠳ ᠤᠨ ᠲᠦᠯᠦᠭᠡᠯᠡᠭᠴᠢᠳ ᠤᠨ ᠲᠤᠰᠢᠶᠠᠯ ᠢᠶᠠᠨ ᠭᠦᠢᠴᠡᠳᠭᠡᠭᠦ ᠴᠢᠳᠠᠪᠤᠷᠢ ᠪᠠᠨ ᠲᠡᠭᠡᠭᠰᠢᠯᠡᠭᠦᠯᠭᠦ ᠪᠤᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2018-04-17
     ᠤᠢᠢᠷ᠎ᠠ ᠶᠢᠨ ᠡᠳᠦᠷ᠂ ᠮᠠᠨ ᠤ ᠬᠤᠰᠢᠭᠤ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶   ᠤ ᠺᠠᠳ᠋ᠷᠴᠤᠳ ᠵᠢᠴᠢ ᠬᠤᠰᠢᠭᠤ ᠲᠠᠰ ᠤᠨ ᠮᠠᠯᠴᠢᠨ ᠲᠠᠷᠢᠶᠠᠴᠢᠨ ᠠᠷᠠᠳ ᠤᠨ ᠲᠦᠯᠦᠭᠡᠯᠡᠭᠴᠢᠳ ᠤᠨ ᠲᠤᠰᠢᠶᠠᠯ ᠢᠶᠠᠨ ᠭᠦᠢᠴᠡᠳᠭᠡᠭᠦ ᠴᠢᠳᠠᠪᠤᠷᠢ ᠪᠠᠨ ᠲᠡᠭᠡᠭᠰᠢᠯᠡᠭᠦᠯᠭᠦ ᠪᠤᠯᠪᠠᠰᠤᠷᠠᠯ ᠢ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠳᠤ ᠡᠷᠭᠢᠯᠡᠨ ᠶᠠᠪᠤᠬᠳᠠᠭᠤᠯᠪᠠ᠃      ᠡᠯ᠎ᠠ ᠭᠠᠴᠠᠭ᠎ᠠ ᠲᠤᠰᠬᠤᠨ ︵ᠨᠠᠶᠢᠭᠡᠮ ᠲᠤᠭᠤᠷᠢᠭ︶ ᠤ ᠨᠠᠮ ᠤᠨ ᠡᠭᠦᠷ ᠤᠨ ᠱᠦᠵᠢ᠂ ᠡᠷᠬᠢᠯᠡᠭᠴᠢ᠂ ᠭᠠᠴᠠᠭ᠎ᠠ ᠲᠤᠰᠬᠤᠨ ᠤ ᠬᠢᠨᠠᠯᠳᠠ ᠲᠠᠯᠪᠢᠬᠤ ᠵᠦᠪᠯᠡᠯ ᠤᠨ ᠡᠷᠬᠢᠯᠡᠭᠴᠢ᠂ ᠦᠪᠡᠷᠳᠡᠭᠡᠨ ᠵᠠᠰᠠᠬᠤ ᠤᠷᠤᠨ ᠠᠴᠠ ᠰᠤᠩᠭᠤᠨ ᠲᠤᠬᠢᠷᠠᠭᠤᠯᠤᠬᠰᠠᠨ ᠤᠶᠤᠳᠠᠳ᠂ ᠬᠤᠰᠢᠭᠤ ᠲᠠᠰ ᠤᠨ ᠮᠠᠯᠴᠢᠨ ᠲᠠᠷᠢᠶᠠᠴᠢᠨ ᠠᠷᠠᠳ ᠤᠨ ᠲᠦᠯᠦᠭᠡᠯᠡᠭᠴᠢ ᠪᠦᠭᠦ ᠨᠠᠶᠢᠳᠡ 230 ᠭᠠᠷᠤᠢ ᠭᠦᠮᠦᠨ ᠪᠤᠯᠪᠠᠰᠤᠷᠠᠯ ᠳᠤ ᠤᠷᠤᠯᠴᠠᠪᠠ᠃ ᠪᠤᠯᠪᠠᠰᠤᠷᠠᠯ ᠨᠢ ᠬᠤᠶᠠᠷ ᠬᠤᠭᠤᠴᠠᠭ᠎ᠠ ᠲᠠᠢ ᠪᠠᠷ ᠮᠤᠩᠭᠤᠯ ᠬᠢᠳᠠᠳ ᠬᠤᠶᠠᠷ ᠠᠩᠬᠢ ᠬᠤᠪᠢᠶᠠᠨ᠂ ᠬᠤᠶᠠᠷ ᠡᠳᠦᠷ ᠬᠠᠭᠠᠰ ᠤᠨ ᠬᠤᠭᠤᠴᠠᠭ᠎ᠠ ᠲᠠᠢ ᠶᠠᠪᠤᠬᠳᠠᠪᠠ᠃      ᠪᠤᠯᠪᠠᠰᠤᠷᠠᠯ ᠨᠢ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭᠠᠨ ᠤ ᠲᠠᠶᠢᠯᠤᠮᠵᠢ᠂ ᠰᠢ ᠶᠢᠨ ᠫᠢᠩ ᠶᠡᠷᠦᠩᠭᠡᠢ ᠱᠦᠵᠢ ᠶᠢᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠦᠶᠠᠰ ᠤᠨ ᠶᠠᠷᠢᠶᠠᠨ ᠤ ᠵᠤᠷᠢᠭ ᠰᠠᠨᠠᠭ᠎ᠠ᠂ ᠡᠯ᠎ᠠ ᠱᠠᠳᠤᠨ ᠤ ︽ᠬᠤᠶᠠᠷ ᠬᠤᠷᠠᠯ︾᠂ ᠪᠦᠭᠦᠳᠡ ᠬᠤᠷᠠᠯ ᠤᠨ ᠵᠤᠷᠢᠭ ᠰᠠᠨᠠᠭ᠎ᠠ᠂ ᠭᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠲᠦᠪ ᠤᠨ ᠨᠢᠭᠡᠳᠦᠭᠡᠷ ᠲᠤᠭᠠᠲᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ᠂ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ᠂ ᠲᠤᠰᠬᠤᠨ ᠤ ᠺᠠᠳ᠋ᠷ ᠤᠨ ᠬᠠᠤᠯᠢ ᠴᠡᠭᠠᠵᠠ ᠰᠠᠬᠢᠯᠭ᠎ᠠ ᠪᠠᠳᠤ ᠶᠢ ᠵᠦᠷᠢᠴᠡᠭᠰᠡᠨ ᠭᠡᠷᠡᠭ ᠤᠨ ᠵᠢᠱᠢᠶ᠎ᠠ ᠶᠢᠨ ᠵᠠᠳᠠᠯᠤᠯᠳᠡ᠂ ᠨᠤᠳᠤᠭ ᠤᠨ ᠲᠤᠮᠤᠭᠠᠳᠠᠳ ᠤᠨ ᠰᠤᠶᠤᠯ᠂ ᠭᠡᠷ ᠤᠨ ᠰᠤᠷᠳᠡᠯ ᠭᠡᠷ ᠤᠨ ᠰᠤᠷᠭᠠᠯ᠂ ᠲᠤᠰᠬᠤᠨ ᠤ ᠵᠠᠰᠠᠨ ᠴᠡᠭᠴᠡᠯᠡᠯ ᠪᠠ ᠵᠦᠷᠢᠴᠡᠯᠳᠦᠭᠡᠨ ᠢ ᠡᠶᠡᠳᠡᠭᠦᠯᠭᠦ᠂ ︽ᠦᠨᠳᠤᠰᠤᠨ ᠬᠠᠤᠯᠢ ᠶᠢᠨ ᠵᠠᠰᠠᠪᠤᠷᠢ ᠤᠷᠤᠭᠤᠯᠤᠭᠰᠠᠨ ᠲᠦᠰᠦᠯ︾ ᠪᠠ ᠰᠢᠨ᠎ᠠ ᠴᠠᠭ ᠦᠶ᠎ᠠ ᠶᠢᠨ ᠠᠷᠠᠳ ᠤᠨ ᠲᠦᠯᠦᠭᠡᠯᠡᠭᠴᠢ ᠶᠢᠨ ᠡᠭᠦᠷᠭᠡ ᠲᠤᠰᠢᠶᠠᠯ ᠵᠡᠷᠭᠡ ᠠᠭᠤᠯᠭ᠎ᠠ ᠪᠠᠷ ᠬᠤᠳᠠ ᠪᠠ ᠬᠤᠰᠢᠭᠤᠨ ᠤ ᠨᠠᠮ ᠤᠨ ᠰᠤᠷᠭᠠᠭᠤᠯᠢ ᠶᠢᠨ ᠪᠠᠭᠰᠢ ᠠᠴᠠ ᠬᠢᠴᠢᠶᠠᠯᠯᠡᠭᠰᠡᠨ ᠪᠠᠶᠢᠨ᠎ᠠ᠃      ᠲᠤᠰ ᠤᠳᠠᠭᠠᠨ ᠤ ᠪᠤᠯᠪᠠᠰᠤᠷᠠᠯ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠶᠢ ᠬᠢᠨᠡᠮᠡᠭᠠᠢ ᠰᠤᠷᠤᠯᠴᠠᠨ ᠲᠤᠤᠱᠯᠠᠭᠤᠯᠵᠤ᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠤ ᠺᠠᠳ᠋ᠷᠴᠤᠳ ᠵᠢᠴᠢ ᠬᠤᠰᠢᠭᠤ ᠲᠠᠰ ᠤᠨ ᠮᠠᠯᠴᠢᠨ ᠲᠠᠷᠢᠶᠠᠴᠢᠨ ᠠᠷᠠᠳ ᠤᠨ ᠲᠦᠯᠦᠭᠡᠯᠡᠭᠴᠢᠳ ᠤᠨ ᠬᠡᠪ ᠪᠤᠯᠪᠠᠰᠤᠷᠠᠯ ᠢ ᠤᠯᠠᠮ ᠨᠢᠭᠡ ᠠᠯᠬᠤᠮ ᠲᠡᠭᠡᠭᠰᠢᠯᠡᠭᠦᠯᠭᠦ ᠶᠢ ᠵᠤᠷᠢᠵᠤ᠂ ᠵᠤᠷᠢᠯᠳᠠ ᠶᠢᠨ ᠦᠵᠡᠯᠳᠡ᠂ ᠬᠠᠷᠢᠭᠤᠴᠠᠯᠭ᠎ᠠ ᠶᠢᠨ ᠦᠵᠡᠯᠳᠡ᠂ ᠤᠢᠢᠯᠡᠴᠢᠯᠡᠭᠡᠨ ᠤ ᠦᠵᠡᠯᠳᠡ ᠪᠠᠨ ᠦᠨᠡᠨᠭᠦ ᠲᠡᠭᠡᠭᠰᠢᠯᠡᠭᠦᠯᠵᠦ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠰᠢᠨ᠎ᠠ ᠴᠠᠭ ᠦᠶ᠎ᠠ ᠲᠠᠢ ᠪᠠᠨ ᠵᠤᠬᠢᠴᠡᠯᠴᠡᠨ ᠨᠠᠩ ᠰᠠᠶᠢᠨ ᠨᠠᠩ ᠬᠤᠷᠳᠤᠨ ᠭᠦᠭᠵᠢᠭᠦ ᠳᠤ ᠠᠬᠢᠭᠤᠯᠬᠤ ᠤᠢᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号