ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠴᠢᠶᠤᠤ ᠶᠦᠨ ᠯᠢ ᠦᠦᠰᠢᠨᠵᠤᠤ ᠪᠠᠯᠭᠠᠰᠤ ᠲᠤᠭ ᠪᠠᠯᠭᠠᠰᠤ ᠪᠠᠷ ᠬᠦᠷᠴᠦ ᠭᠤᠤᠯᠳᠠᠯᠭᠠᠲᠦ ᠠᠵᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2018-04-17
      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠴᠢᠶᠤᠤ ᠶᠦᠨ ᠯᠢ ᠦᠦᠰᠢᠨᠵᠤᠤ ᠪᠠᠯᠭᠠᠰᠤ᠂ ᠲᠤᠭ ᠪᠠᠯᠭᠠᠰᠤ ᠪᠠᠷ ᠬᠦᠷᠴᠦ ᠬᠦᠨᠳᠦ ᠴᠢᠬᠤᠯᠠ ᠳᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ᠂ ᠨᠠᠷᠢᠯᠢᠭ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠵᠡᠷᠭᠡ《 ᠭᠤᠷᠪᠠᠨ ᠶᠡᠭᠡ ᠪᠤᠭᠤᠮᠳᠠ ᠰᠢᠪᠲᠤᠯᠬᠤ  ᠠᠵᠢᠯ︾ ᠪᠤᠯᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠮᠠᠯᠵᠢᠬᠤ ᠲᠠᠷᠢᠶᠠᠯᠠᠬᠤ ᠤᠷᠤᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠨᠠᠨ ᠵᠢᠯᠤᠭᠤᠳᠤᠯᠭ᠎ᠠ ᠬᠢᠪᠡ᠃ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠦᠦᠰᠢᠨᠵᠤᠤ ᠪᠠᠯᠭᠠᠰᠤ᠂ ᠲᠤᠭ ᠪᠠᠯᠭᠠᠰᠤ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷᠠᠳᠠᠪᠠ᠃      ᠦᠦᠰᠢᠨᠵᠤᠤ ᠪᠠᠯᠭᠠᠰᠤ ᠶᠢᠨ ᠵᠠᠰᠠᠭ ᠤᠨ ᠤᠷᠳᠤᠨ ᠳᠤ᠂ ᠴᠢᠶᠤᠤ ᠶᠦᠨ ᠯᠢ ᠮᠠᠯᠵᠢᠬᠤ ᠲᠠᠷᠢᠶᠠᠯᠠᠬᠤ ᠤᠷᠤᠨ  ᠤ ᠭᠤᠤᠯᠳᠠᠯᠭᠠᠲᠦ ᠲᠦᠷᠦᠯ ᠵᠦᠢᠯ ᠤᠨ ᠡᠬᠡ ᠲᠠᠩᠰᠠ ᠶᠢ ᠨᠠᠷᠢᠨ ᠪᠠᠶᠢᠴᠠᠭᠠᠨ ᠦᠵᠡᠭᠰᠡᠨ ᠤ ᠬᠠᠮᠲᠦ ᠠᠵᠢᠯᠲᠠᠳ  ᠲᠠᠢ ᠬᠢᠨᠠᠮᠠᠭᠠᠢ ᠶᠠᠷᠢᠯᠴᠠᠵᠤ᠂ ᠳᠡᠲᠡᠨ ᠢ ᠡᠷᠬᠡᠪᠰᠢ ᠬᠦᠮᠦᠨ ᠤ ᠲᠤᠭ᠎ᠠ ᠲᠤᠲᠤᠷᠬᠠᠢ᠂ ᠵᠤᠭᠤᠰᠤᠨ ᠲᠤᠭ᠎ᠠ ᠲᠤᠲᠤᠷᠬᠠᠢ᠂ ᠬᠠᠷᠢᠴᠠᠭ᠎ᠠ ᠲᠤᠲᠤᠷᠬᠠᠢ ᠪᠠᠶᠢᠬᠤ ᠶᠢ ᠪᠡᠶᠡᠯᠡᠭᠦᠯᠵᠤ᠂ ᠨᠡᠭᠡᠭᠡᠯᠲᠡᠲᠦ᠂  ᠡᠷᠬᠡ ᠳᠡᠭᠰᠢ  ᠂ ᠲᠦᠪ ᠭᠤᠤᠯᠴᠢ ᠪᠠᠶᠢᠬᠤ ᠮᠦᠷᠲᠡᠭᠡᠨ ᠡᠯ᠎ᠡ ᠵᠦᠢᠯ ᠤᠨ ᠲᠠᠩᠰᠠ ᠶᠢᠨ ᠨᠠᠷᠢᠯᠢᠭ ᠲᠤᠲᠤᠷᠬᠠᠢ ᠪᠠᠶᠢᠬᠤ ᠶᠢ ᠪᠠᠲᠤᠯᠠᠬᠤ ᠬᠡᠷᠡᠭᠲᠡᠢ ᠬᠡᠪᠡ᠃      ᠲᠤᠭ ᠪᠠᠯᠭᠠᠰᠤ ᠶᠢᠨ ᠲᠠᠷᠬᠠᠠᠯᠠᠮ᠎ᠠ ᠭᠠᠴᠠᠭ᠎ᠠ᠂ ᠤᠯᠠᠭᠠᠨᠰᠢᠪᠠᠷᠲᠠᠢ ᠲᠤᠰᠬᠤᠨ ᠳᠤ᠂ ᠴᠢᠶᠤᠤ ᠶᠦᠨ ᠯᠢ᠂ ᠨᠠᠷᠠᠠᠮᠠᠠᠳᠤᠯ᠎ᠠ᠂ ᠭᠤᠤ ᠭᠤᠸᠠᠩ ᠷᠦᠩ᠂ ᠡᠾᠧ ᠽᠢ ᠬᠤᠸᠠ ᠵᠡᠷᠭᠡ ᠶᠠᠳᠠᠭᠤ ᠬᠦᠴᠢᠷᠳᠡᠯᠲᠡᠢ ᠡᠷᠦᠬᠡ ᠶᠢᠨ ᠬᠢᠨ ᠳᠤ ᠬᠦᠷᠴᠦ᠂ ᠲᠡᠳᠡᠨ ᠲᠠᠢ ᠳᠤᠳᠤᠨᠤᠰᠤᠭ ᠢᠶᠠᠷ ᠶᠠᠷᠢᠯᠴᠠᠨ᠂  ᠶᠠᠲᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠤᠯᠬᠤ ᠠᠵᠢᠯ ᠤᠨ ᠪᠠᠶᠢᠳᠠᠯ᠂ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢᠨ ᠲᠤᠤᠱᠯᠠᠭᠤᠯᠤᠯᠲᠠ ᠶᠢᠨ ᠪᠠᠶᠢᠳᠠᠯ ᠪᠤᠯᠤᠨ ᠬᠠᠷᠢᠯᠴᠠᠵᠤ ᠲᠠᠭᠠᠭᠠᠴᠢᠯᠠᠵᠤ ᠪᠠᠶᠢᠭ᠎ᠠ ᠺᠠᠳ᠋ᠷ ᠤᠨ ᠠᠵᠢᠯ ᠤᠨ ᠠᠬᠢᠴᠠ ᠶᠢᠨ ᠪᠠᠶᠢᠳᠠᠯ᠂ ᠳᠡᠲᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠤᠶᠢᠯᠠᠭᠠᠭᠰᠠᠨ ᠤ ᠳᠠᠷᠠᠭ᠎ᠠ ᠳᠡᠲᠡᠨ ᠢ ᠵᠤᠷᠢᠭᠵᠢᠭᠤᠯᠵᠤ᠂  ᠦᠪᠡᠷ ᠢᠶᠠᠨ ᠶᠠᠳᠠᠭᠤ ᠠᠴᠠ ᠠᠩᠬᠢᠵᠢᠷᠠᠬᠤ ᠴᠢᠳᠠᠪᠦᠷᠢ ᠪᠠᠨ ᠳᠠᠰᠤᠷᠠᠯᠲᠠ ᠦᠭᠡᠢ ᠲᠡᠭᠡᠭᠰᠢᠯᠡᠭᠦᠯᠦᠨ᠂ ᠡᠯ᠎ᠡ ᠱᠠᠲᠤᠨ  ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠳᠡᠮᠵᠢᠯᠭᠡ ᠳᠤᠤᠷ᠎ᠠ ᠡᠷᠲᠡᠭᠡᠨ ᠶᠠᠳᠠᠭᠤ ᠠᠴᠠ ᠠᠩᠬᠢᠵᠢᠷᠠᠬᠤ  ᠶᠢ ᠬᠦᠰᠡᠵᠤ ᠪᠠᠶᠢᠨ᠎ᠠ ᠬᠡᠵᠡᠢ᠃      ᠴᠢᠶᠤᠤ ᠶᠦᠨ ᠯᠢ ᠴᠢᠬᠤᠯᠠᠴᠢᠯᠠᠬᠤ ᠳᠤ ᠪᠠᠨ᠂《ᠭᠤᠷᠪᠠᠨ ᠶᠡᠭᠡ ᠪᠤᠭᠤᠮᠳᠠ ᠰᠢᠪᠲᠤᠯᠬᠤ ᠠᠵᠢᠯ》 ᠢ ᠰᠠᠶᠢᠲᠤᠷ ᠬᠢᠬᠦ ᠶᠢ ᠤᠳᠤᠬᠠᠨ ᠪᠤᠯᠤᠨ ᠬᠤᠶᠢᠰᠢᠲᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ  ᠶᠢᠨ ᠡᠭᠦᠷᠬᠡ ᠪᠤᠯᠭᠠᠨ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠬᠡᠨ᠂ ᠡᠯ᠎ᠡ ᠲᠠᠯ᠎ᠠ ᠶᠢᠨ ᠠᠵᠢᠯ ᠢ ᠴᠢᠷᠮᠠᠶᠢᠨ ᠠᠬᠢᠭᠤᠯᠬᠤ ᠬᠡᠷᠡᠭᠲᠡᠢ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠤᠯᠤᠨ ᠶᠠᠳᠠᠭᠤ ᠠᠴᠠ ᠠᠩᠬᠢᠵᠢᠷᠠᠭᠤᠯᠬᠤ ᠠᠵᠢᠯ ᠢ ᠬᠠᠷᠢᠯᠴᠠᠨ ᠤᠶᠠᠯᠳᠤᠭᠤᠯᠵᠤ᠂ ᠬᠠᠷᠠᠯᠲᠠ ᠪᠠᠨ ᠲᠤᠲᠤᠷᠬᠠᠶᠢᠯᠠᠨ᠂ ᠲᠤᠰᠬᠠᠢ ᠲᠦᠷᠦᠯ ᠤᠨ ᠶᠠᠲᠠᠭᠤ ᠶᠢ ᠲᠡᠳᠬᠦᠬᠦ᠂ ᠠᠵᠢᠯ  ᠲᠦᠷᠦᠯ ᠢᠶᠠᠷ ᠶᠠᠳᠠᠭᠤ  ᠶᠢ ᠳᠡᠳᠬᠦᠬᠦ ᠪᠤᠯᠤᠨ ᠨᠡᠶᠢᠬᠡᠮ ᠠᠴᠠ ᠶᠠᠳᠠᠭᠤ ᠶᠢ ᠲᠡᠳᠬᠦᠬᠦ ᠠᠵᠢᠯ ᠢ ᠬᠦᠨᠵᠡᠭᠡᠢ ᠲᠦᠯᠦᠪᠯᠡᠨ ᠠᠬᠢᠭᠤᠯᠵᠤ᠂ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢᠨ ᠲᠤᠤᠱᠯᠠᠭᠤᠯᠤᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠬᠤᠷᠢᠶᠠᠩᠭᠤᠶᠢᠯᠠᠨ᠂ ᠡᠯ᠎ᠡ ᠲᠦᠷᠦᠯ ᠤᠨ ᠶᠠᠳᠠᠭᠤ ᠶᠢ ᠳᠡᠳᠬᠦᠬᠦ ᠠᠷᠭ᠎ᠠ ᠬᠡᠮᠵᠢᠶ᠎ᠡ ᠶᠢ ᠦᠨᠡᠨᠬᠦ ᠲᠤᠤᠱᠯᠠᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ᠮᠠᠯ ᠲᠠᠷᠢᠶᠠᠯᠠᠩ ᠤᠨ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠬᠦᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠮᠠᠯᠴᠢᠨ ᠲᠠᠷᠢᠶᠠᠴᠢᠳ ᠤᠨ ᠤᠷᠤᠯᠭ᠎ᠠ  ᠶᠢᠨ ᠨᠡᠮᠡᠭᠲᠡᠯ ᠤᠨ ᠠᠷᠭ᠎ᠠ ᠵᠠᠮ ᠢ ᠦᠷᠬᠡᠳᠬᠡᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠲᠡᠯ ᠢ ᠠᠬᠢᠭᠤᠯᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠤ᠂ ᠲᠠᠷᠢᠶᠠᠯᠠᠩ ᠤᠨ ᠪᠤᠳᠠᠰ ᠤᠨ ᠬᠠᠲᠠᠭᠠᠯᠠᠭᠳᠠᠴᠠ᠂ ᠬᠠᠩᠭᠠᠯᠭ᠎ᠠ᠂ ᠦᠨ᠎ᠡ ᠬᠠᠩᠰᠢ ᠶᠢᠨ ᠪᠠᠶᠢᠳᠠᠯ ᠢ ᠰᠠᠶᠢᠲᠤᠷ ᠬᠠᠯᠠᠮᠵᠢᠯᠠᠨ ᠠᠩᠬᠠᠷᠴᠦ ᠂ ᠵᠠᠬ᠎ᠠ ᠳᠡᠯᠭᠡᠭᠦᠷ ᠪᠤᠯᠤᠨ ᠲᠦᠷᠦ ᠶᠢᠨ ᠪᠤᠳᠤᠯᠭ᠎ᠠ ᠶᠢᠨ ᠬᠤᠪᠢᠷᠠᠯᠲᠠ ᠵᠡᠷᠭᠡ ᠶᠢ ᠴᠠᠭ ᠲᠤᠬᠠᠢ ᠳᠤᠨᠢ ᠤᠬᠠᠭᠤᠯᠤᠨ᠂ ᠪᠦᠬᠦ ᠵᠢᠯ ᠤᠨ ᠠᠮᠤ ᠪᠤᠳᠠᠭ᠎ᠠ ᠪᠤᠯᠤᠨ ᠮᠠᠯ ᠲᠠᠷᠢᠶᠠᠯᠠᠩ ᠤᠨ ᠦᠢᠯᠡᠰ ᠤᠨ ᠦᠢᠯᠡᠳᠪᠦᠷᠢᠯᠡᠯ ᠳᠤ ᠰᠠᠶᠢᠨ ᠡᠬᠢᠯᠡᠯᠲᠡ  ᠶᠢ ᠠᠪᠴᠢᠷᠠᠬᠤ ᠬᠡᠷᠡᠭᠲᠡᠢ ᠬᠡᠪᠡ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号