ᠪᠦᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠰᠠᠬᠢᠯᠭ᠎ᠠ ᠪᠠᠲᠤ ᠬᠡᠷᠡᠭᠵᠢᠭᠦᠯᠵᠦ ᠬᠢᠨᠠᠨ ᠪᠠᠶᠢᠴᠠᠭᠠᠬᠤ ᠮᠡᠳᠡᠯᠭᠡ ᠶᠢ ᠲᠤᠭᠤᠷᠢᠨ ᠤᠬᠠᠭᠤᠯᠬᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2018-04-17
      ᠤᠶᠢᠷ᠎ᠠ ᠳᠤ᠂  ᠪᠦᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠰᠠᠬᠢᠯᠭ᠎ᠠ ᠪᠠᠲᠤ ᠬᠡᠷᠡᠭᠵᠢᠭᠦᠯᠵᠦ ᠬᠢᠨᠠᠨ ᠪᠠᠶᠢᠴᠠᠭᠠᠬᠤ ᠮᠡᠳᠡᠯᠭᠡ ᠶᠢ ᠲᠤᠭᠤᠷᠢᠨ ᠤᠬᠠᠭᠤᠯᠬᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠯ᠎ᠠ᠃      ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠭᠡᠯᠲᠡᠰ  ᠤᠨ ᠲᠠᠷᠤᠭ᠎ᠠ ᠼᠦᠢ ᠶᠢᠩ ᠠᠵᠢᠯᠯᠠᠭ᠎ᠠ ᠳᠤ ᠤᠷᠤᠯᠴᠠᠵᠤ ᠶᠠᠷᠢᠶ᠎ᠠ ᠲᠠᠯᠪᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ  ᠵᠦᠪᠯᠡᠯ  ᠤᠨ ᠡᠷᠬᠢᠯᠡᠭᠴᠢ ᠯᠠᠨ ᠲᠢᠶᠠᠨ ᠠᠵᠢᠯᠯᠠᠭ᠎ᠠ ᠶᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠦ᠂ ᠪᠦᠬᠦ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ︽ᠭᠤᠷᠪᠠᠨ ᠲᠥᠷᠥᠯ ᠤᠨ ᠤᠷ᠎ᠠ ᠠᠪᠢᠶᠠᠰ︾ ᠠᠵᠢᠯᠯᠠᠭᠠᠨ ᠤ ᠡᠭᠡ ᠪᠢᠴᠢᠭ ᠡᠯᠰᠡᠭᠦ ᠤᠷᠤᠯᠳᠤᠭᠠᠨ ᠤ 5 ᠱᠠᠩᠨᠠᠯ ᠭᠦᠷᠲᠡᠭᠴᠢ ᠪᠤᠯᠤᠨ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ  ᠭᠢᠨᠠᠨ ᠪᠠᠶᠢᠴᠠᠭᠠᠬᠤ ᠵᠥᠪᠯᠠᠯ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠡᠯ᠎ᠡ ᠰᠤᠮᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠭᠡᠷ᠂ ᠲᠤᠭᠤᠶᠢᠯᠠᠩ᠂ ᠠᠯᠪᠠᠨ ᠪᠠᠶᠢᠭᠤᠯᠭ᠎ᠠ ᠶᠢᠨ ᠡᠯ᠎ᠠ ᠭᠡᠯᠳᠡᠰ ᠲᠠᠰᠤᠭ ᠤᠨ ᠪᠥᠭᠦ ᠺᠠᠳ᠋ᠷ ᠠᠵᠢᠯᠲᠠᠨ ᠠᠵᠢᠯᠯᠠᠭᠠᠨ ᠳᠤ ᠤᠷᠤᠯᠴᠠᠪᠠ᠃      ᠤᠬᠠᠭᠤᠯᠤᠨ ᠶᠠᠷᠢᠬᠤ ᠬᠤᠷᠠᠯ ᠲᠡᠭᠡᠷ᠎ᠡ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠯᠪᠤᠭᠳᠠᠯ ᠪᠦᠬᠦᠢ ᠤᠳᠤᠷᠢᠳᠤᠯᠭ᠎ᠠ ᠠᠴᠠ᠂ ᠭᠤᠤᠯᠳᠠᠯᠭ᠎ᠠ ᠲᠠᠢ ᠪᠠᠷ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠬᠦᠯᠬᠦ ᠪᠠ ᠬᠢᠨᠠᠨ ᠪᠠᠶᠢᠴᠠᠭᠠᠬᠤ ︽ᠳᠦᠷᠪᠡᠨ ᠨᠢᠭᠡ︾ ᠶᠢᠨ ᠲᠥᠷᠢᠮ ᠤᠨ ᠲᠠᠯ᠎ᠠ ᠪᠠᠷ᠂ ᠬᠤᠰᠢᠭᠤ ᠲᠤᠭᠤᠷᠢᠭ ᠤᠨ ᠪᠤᠳᠠᠲᠤ ᠪᠠᠶᠢᠳᠠᠯ ᠲᠠᠢ ᠤᠶᠠᠯᠳᠤᠭᠤᠯᠤᠨ᠂ ᠰᠦᠪᠡᠭᠴᠢ ᠶᠢ ᠰᠢᠢᠳᠪᠦᠷᠢᠯᠡᠬᠦ᠂ ᠶᠠᠷᠢᠯᠴᠠᠭ᠎ᠠ ᠶᠢ ᠵᠠᠬᠢᠳᠠᠯ ᠢᠶᠠᠷ ᠠᠰᠠᠭᠤᠬᠤ᠂ ᠠᠩᠬ᠎ᠠ ᠠᠯᠬᠤᠮ ᠤᠨ ᠬᠢᠨᠠᠨ ᠬᠠᠷᠭᠤᠭᠤᠯᠬᠤ ᠠᠵᠢᠯ ᠤᠨ ᠶᠠᠪᠤᠴᠠ ᠵᠢᠴᠢ ᠪᠤᠳᠠᠲᠤ ᠱᠠᠭᠠᠷᠳᠠᠯᠭ᠎ᠠ ᠳᠤ ᠨᠠᠷᠢᠨ ᠲᠠᠶᠢᠯᠤᠮᠵᠢ ᠬᠢᠵᠦ᠂ ᠪᠦᠬᠦ ᠬᠤᠰᠢᠭᠤᠨ ᠤ ᠰᠠᠬᠢᠯᠭ᠎ᠠ ᠪᠠᠲᠤ  ᠪᠠᠶᠢᠴᠠᠭᠠᠬᠤ ᠭᠢᠨᠠᠨ ᠪᠠᠶᠢᠴᠠᠭᠠᠬᠤ ᠺᠠᠳ᠋ᠷᠴᠤᠳ ᠤᠨ ︽ᠳᠦᠷᠪᠡᠨ ᠨᠢᠭᠡ︾  ᠲᠥᠷᠢᠮ ᠢ ᠤᠯᠠᠮ ᠨᠢᠭᠡ ᠠᠯᠬᠤᠮ ᠰᠠᠶᠢᠲᠤᠷ ᠰᠤᠷᠤᠯᠴᠠᠬᠤ  ᠳᠤ ᠴᠢᠬᠤᠯᠠ ᠵᠢᠯᠤᠭᠤᠳᠤᠯᠭ᠎ᠠ ᠪᠠ ᠠᠬᠢᠭᠤᠯᠬᠤ ᠦᠢᠯᠡᠳᠦᠯ ᠥᠵᠡᠭᠦᠯᠥᠭᠰᠠᠨ ᠪᠠᠶᠢᠨ᠎ᠠ ᠭᠡᠵᠡᠢ᠃      ᠱᠠᠩᠨᠠᠯ ᠬᠦᠷᠳᠡᠭᠴᠢ ᠠᠴᠠ᠂ ︽ᠭᠤᠷᠪᠠᠨ ᠲᠥᠷᠥᠯ ᠤᠨ ᠤᠷ᠎ᠠ ᠠᠪᠢᠶᠠᠰ︾ ᠶᠢᠨ ᠰᠤᠷᠢᠯᠳᠠ ᠶᠢᠨ ᠠᠵᠢᠯᠯᠠᠭᠠᠨ ᠤ ᠡᠭᠡ ᠪᠢᠴᠢᠭ ᠡᠯᠰᠡᠭᠦ ᠲᠤᠭᠤᠷᠢᠨ ᠳᠤ᠂ ᠦᠪᠡᠷ ᠤᠨ ᠢᠶᠠᠨ ᠠᠵᠢᠯ ᠦᠢᠯᠡᠳᠦᠯᠭᠡ ᠲᠤᠷᠰᠢᠯᠭ᠎ᠠ ᠲᠠᠢ ᠤᠶᠠᠯᠳᠤᠭᠤᠯᠤᠨ᠂ ᠰᠠᠬᠢᠯᠭ᠎ᠠ ᠪᠠᠲᠤ ᠶᠢ ᠭᠡᠷᠡᠭᠵᠢᠭᠦᠯᠤᠨ ᠬᠢᠨᠠᠯᠲᠠ ᠲᠠᠯᠪᠢᠬᠤ ᠠᠵᠢᠯ ᠤᠨ ᠲᠤᠮᠳᠠᠭᠢ ᠲᠤᠷᠰᠢᠯᠭ᠎ᠠ ᠪᠤᠯᠤᠨ ᠦᠪᠡᠷ ᠤᠨ ᠤᠯᠤᠯᠲᠠ ᠲᠦᠷᠦᠭᠳᠡᠯ ᠢᠶᠠᠨ ᠲᠠᠶᠠᠭᠠᠷ ᠲᠠᠢ ᠬᠤᠪᠢᠶᠠᠯᠴᠠᠨ᠂ ᠤᠯᠠᠨ ᠤ ᠬᠠᠯᠠᠭᠤᠨ ᠬᠦᠷᠢᠶᠡᠯᠡᠯ  ᠢ ᠤᠯᠤᠭᠰᠠᠨ ᠪᠠᠶᠢᠨ᠎ᠠ᠃      ᠼᠦᠢ ᠶᠢᠩ ᠵᠢᠭᠠᠵᠤ ᠭᠠᠷᠭᠠᠬᠤ ᠳᠠᠭᠠᠨ᠂ ᠲᠤᠰ ᠤᠳᠠᠭᠠᠨ ᠤ ᠲᠤᠭᠤᠷᠢᠨ ᠤᠬᠠᠭᠤᠯᠭ᠎ᠠ ᠪᠤᠯ᠂ ᠬᠤᠳᠠ ᠶᠢᠨ ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠠ ᠭᠢᠨᠠᠨ ᠪᠠᠶᠢᠴᠠᠭᠠᠬᠤ ᠵᠥᠪᠯᠠᠯ ᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ  ᠤᠨ ᠬᠢᠨᠠᠨ ᠵᠦᠪᠯᠡᠬᠦ ᠳᠤ ᠤᠷᠤᠯᠴᠠᠬᠤ ᠥᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠦ ᠂ ᠪᠦᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠺᠠᠳ᠋ᠷᠴᠤᠳ ᠤᠨ ᠡᠩᠨᠡᠭᠡᠨ  ᠤ ᠪᠠᠶᠢᠭᠤᠯᠠᠯᠳᠠ ᠶᠢᠨ ᠳᠡᠭᠡᠭᠰᠢᠯᠡᠭᠦᠯᠦᠯᠲᠡ ᠶᠢᠨ ᠤᠨ ᠪᠤᠯᠤᠨ ᠶᠡᠭᠡ ᠰᠤᠷᠤᠯᠴᠠᠯᠭ᠎ᠠ ᠶᠢᠨ ᠠᠵᠢᠯᠯᠠᠭ᠎ᠠ ᠶᠢ ᠭᠥᠨᠵᠡᠭᠡᠢ ᠦᠷᠨᠢᠭᠦᠯᠬᠦ ᠶᠢ ᠲᠦᠯᠬᠢᠨ ᠠᠬᠢᠭᠤᠯᠬᠤ ᠨᠢᠭᠡ ᠲᠦᠷᠦᠯ ᠤᠨ ᠴᠢᠬᠤᠯᠠ ᠠᠷᠭ᠎ᠠ ᠪᠠᠷᠢᠯ ᠪᠤᠯᠤᠨ᠎ᠠ᠃ ᠡᠯ᠎ᠡ ᠲᠦᠷᠦᠯ  ᠤᠨ ᠬᠠᠥᠯᠢ ᠲᠦᠷᠢᠮ ᠬᠠᠤᠯᠢ ᠴᠠᠭᠠᠵᠠ ᠶᠢ ᠦᠷᠭᠦᠯᠵᠢᠯᠡᠨ ᠰᠤᠷᠤᠯᠴᠠᠵᠤ᠂ ᠲᠤᠭᠤᠷᠢᠨ ᠤᠬᠠᠭᠤᠯᠭ᠎ᠠ ᠶᠢᠨ ᠦᠷ᠎ᠡ ᠪᠦᠲᠦᠭᠡᠯ ᠢ ᠪᠠᠳᠤᠳᠬᠠᠵᠤ᠂ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ ᠲᠤᠮᠳᠠᠬᠢ ᠡᠯ᠎ᠡ ᠲᠦᠷᠦᠯ  ᠤᠨ ᠡᠭᠦᠷᠭᠡ ᠶᠢ ᠰᠠᠶᠢᠲᠦᠷ ᠨᠠᠶᠢᠳᠠᠪᠤᠷᠢᠵᠢᠭᠤᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ  ᠤᠨ ᠤᠯᠤᠰ ᠲᠦᠷᠦ ᠶᠢᠨ ᠬᠡᠪ ᠪᠤᠯᠪᠠᠰᠤᠷᠠᠯ ᠪᠠ ᠠᠵᠢᠯ ᠤᠨ ᠬᠢᠷᠢ ᠲᠦᠪᠰᠢᠨ ᠢ ᠤᠯᠠᠮ ᠨᠢᠬᠡ ᠠᠯᠬᠤᠮ ᠳᠡᠭᠡᠭᠰᠢᠯᠡᠬᠦᠯᠬᠦ ᠬᠡᠷᠡᠭᠲᠡᠢ ᠭᠡᠵᠡᠢ᠃      ᠯᠠᠨ ᠲᠢᠶᠠᠨ ᠴᠢᠬᠤᠯᠠᠴᠢᠯᠠᠬᠤ ᠳᠠᠭᠠᠨ᠂ ᠲᠤᠰ ᠤᠳᠠᠭᠠᠨ ᠤ ᠲᠤᠭᠤᠷᠢᠨ ᠤᠬᠠᠭᠤᠯᠭ᠎ᠠ ᠶᠢᠨ ᠠᠵᠢᠯᠯᠠᠭ᠎ᠠ ᠪᠠᠷ ᠠᠵᠠ ᠲᠤᠬᠢᠶᠠᠯ ᠪᠤᠯᠭᠠᠵᠤ᠂ ᠲᠡᠷᠢᠬᠦᠨ ᠤ ᠵᠢᠱᠢᠶᠡᠴᠢ ᠲᠠᠢ ᠬᠠᠷᠢᠴᠠᠭᠤᠯᠤᠨ ᠦᠪᠡᠷ ᠤᠨ ᠬᠦᠷᠦᠯᠴᠡᠬᠦ ᠦᠬᠡᠢ ᠲᠠᠯ᠎ᠠ  ᠪᠠᠨ ᠡᠷᠢᠨ ᠭᠠᠷᠭᠠᠵᠤ᠂ ᠲᠤᠬᠠᠶᠢᠯᠠᠭᠰᠠᠨ ᠠᠵᠢᠯ ᠤᠨ ᠮᠡᠳᠡᠯᠭᠡ ᠪᠠᠨ ᠪᠠᠲᠤᠲᠠᠶᠢᠵᠢᠭᠤᠯᠵᠤ᠂ ᠬᠢᠨᠠᠨ ᠪᠠᠶᠢᠴᠠᠭᠠᠬᠤ ᠬᠠᠥᠯᠢ ᠶᠢ ᠰᠤᠷᠤᠯᠴᠠᠨ ᠤᠶᠢᠯᠠᠭᠠᠬᠤ ᠲᠡᠭᠡᠷ᠎ᠡ ᠭᠥᠴᠤ ᠲᠠᠯᠪᠢᠨ᠂ ᠮᠠᠳᠠᠭ ᠲᠠᠢ ᠠᠰᠠᠭᠤᠳᠠᠯ ᠢᠶᠠᠨ ᠡᠷᠢᠨ ᠭᠠᠷᠭᠠᠵᠤ᠂ ᠠᠵᠢᠯ ᠤᠨ ᠪᠠᠶᠢᠷᠢ ᠶᠢᠨ ᠪᠤᠯᠪᠠᠰᠤᠷᠠᠯ ᠢᠶᠠᠨ ᠴᠢᠩᠭᠠᠳᠬᠠᠵᠤ᠂ ᠰᠠᠭᠢᠯᠭ᠎ᠠ ᠪᠠᠳᠤ ᠪᠠᠶᠢᠴᠠᠭᠠᠬᠤ ᠭᠢᠨᠠᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠬᠡᠪ ᠪᠤᠯᠪᠠᠰᠤᠷᠠᠯ ᠢᠶᠠᠨ ᠳᠡᠭᠡᠭᠰᠢᠯᠡᠭᠦᠯᠦᠨ᠂ ᠪᠦᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠠᠭᠢᠭᠤᠯᠤᠨ ᠲᠠᠭᠢᠨ ᠰᠢᠨ᠎ᠡ ᠨᠢᠭᠡᠨ ᠲᠡᠭᠲᠡᠷ ᠲᠤ ᠭᠠᠷᠭᠠᠬᠤ ᠬᠡᠷᠡᠭᠲᠡᠢ ᠭᠡᠵᠡᠢ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号