ᠮᠠᠨ ᠤ ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ ᠪᠠᠷᠢᠯᠭ᠎ᠠ ᠶᠢᠨ ᠬᠦᠷᠢᠶ᠎ᠡ ᠬᠡᠷᠡᠰᠬᠡ ᠶᠢ ᠰᠡᠯᠪᠢᠨ ᠵᠠᠰᠠᠬᠤ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2018-04-17
      ᠪᠠᠷᠢᠯᠭ᠎ᠠ ᠶᠢᠨ ᠬᠦᠷᠢᠶ᠎ᠡ ᠬᠡᠷᠡᠰᠭᠡ ᠶᠢ ᠤᠯᠠᠮ ᠨᠢᠭᠡ ᠠᠯᠬᠤᠮ ᠬᠠᠮᠢᠶᠠᠷᠬᠤ ᠪᠠ ᠪᠠᠶᠢᠭᠤᠯᠵᠤ᠂ ᠬᠤᠳᠠ ᠪᠠᠯᠭᠠᠰᠤᠨ ᠤ ᠤᠷᠴᠢᠨ ᠲᠤᠭᠤᠷᠢᠨ ᠢ ᠴᠢᠮᠡᠭᠯᠡᠬᠦ ᠶᠢᠨ ᠲᠦᠯᠤᠭᠡ᠂ ᠮᠠᠨ ᠤ ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠶᠡᠷᠤᠩᠬᠡᠶᠢᠯᠡᠭᠰᠡᠨ ᠬᠠᠤᠯᠢ ᠶᠢ ᠬᠡᠷᠡᠭᠵᠢᠬᠦᠯᠬᠦ ᠲᠤᠪᠴᠢᠶᠠᠨ ᠤ ᠬᠢᠨ ᠲᠡᠭᠷᠢ ᠲᠤᠯᠠᠭᠠᠷᠠᠵᠤ ᠶᠡᠭᠡ ᠬᠡᠪᠴᠢᠶᠠᠨ ᠤ ᠪᠠᠷᠢᠯᠭ᠎ᠠ ᠡᠬᠢᠯᠡᠬᠦ ᠬᠡᠵᠤ ᠪᠠᠶᠢᠭ᠎ᠠ ᠲᠠᠰᠢᠷᠠᠮ ᠢᠶᠠᠷ ᠪᠠᠯᠭᠠᠰᠤᠨ ᠲᠤᠭᠤᠷᠢᠭ ᠤᠨ ᠬᠦᠷᠢᠶ᠎ᠡ ᠬᠡᠷᠡᠰᠭᠡ ᠶᠢ ᠰᠡᠯᠪᠢᠨ ᠵᠠᠰᠠᠬᠤ ᠠᠵᠢᠯᠯᠠᠭ᠎ᠠ ᠦᠷᠨᠢᠬᠦᠯᠪᠡ᠃      ᠲᠤᠰ ᠤᠳᠠᠭᠠᠨ ᠤ ᠠᠵᠢᠯᠯᠠᠭ᠎ᠠ ᠳᠤ ᠪᠠᠷᠢᠵᠤ ᠪᠠᠶᠢᠭ᠎ᠠ ᠪᠠᠷᠢᠯᠭ᠎ᠠ ᠶᠢᠨ ᠬᠦᠷᠢᠶ᠎ᠡ ᠬᠡᠷᠡᠰᠭᠡ ᠶᠢ ᠪᠠᠷᠢᠭᠰᠠᠨ ᠪᠠᠶᠢᠳᠠᠯ ᠳᠤ ᠲᠤᠤᠷ ᠲᠠᠳᠠᠬᠤ ᠮᠠᠶ᠋ᠢᠭ ᠤᠨ ᠬᠢᠨᠠᠨ ᠪᠠᠶᠢᠴᠠᠭᠠᠯᠳᠠ ᠬᠢᠵᠤ᠂ ᠪᠠᠷᠢᠭᠰᠠᠨ ᠨᠢ ᠲᠦᠷᠢᠮᠵᠢᠯ ᠦᠬᠡᠢ᠂ ᠵᠠᠷ ᠤᠨ ᠨᠢᠭᠤᠷ ᠨᠢ ᠡᠪᠳᠡᠵᠤ ᠰᠦᠢᠳᠦᠭᠰᠡᠨ᠂ ᠤᠬᠠᠭᠤᠯᠭ᠎ᠠ ᠶᠢᠨ ᠠᠭᠤᠯᠭ᠎ᠠ ᠨᠢ ᠲᠠᠩ ᠴᠤᠯᠭᠤᠢ ᠵᠡᠷᠬᠡ ᠪᠠᠶᠢᠳᠠᠯ ᠳᠤ ᠴᠢᠭᠯᠡᠬᠦᠯᠵᠤ ᠳᠠᠩᠰᠠᠯᠠᠨ ᠲᠡᠮᠳᠡᠭᠯᠡᠬᠦ ᠶᠢᠨ ᠬᠠᠮᠳᠤ ᠪᠠᠷᠢᠯᠭ᠎ᠠ ᠪᠠᠷᠢᠵᠤ ᠪᠠᠶᠢᠭ᠎ᠠ ᠺᠤᠮᠫᠠᠨᠢ ᠨᠢ ᠲᠠᠷᠤᠢ ᠲᠦᠷᠭᠡᠨ ᠴᠡᠭᠴᠡᠯᠡᠨ ᠵᠠᠰᠠᠬᠤ ᠶᠢ ᠱᠠᠭᠠᠷᠳᠠᠵᠤ᠂ ᠰᠢᠨ᠎ᠡ ᠪᠠᠷ ᠡᠬᠢᠯᠡᠭᠰᠡᠨ ᠪᠠᠷᠢᠯᠭ᠎ᠠ ᠶᠢᠨ ᠬᠦᠷᠢᠶ᠎ᠡ ᠬᠡᠷᠡᠰᠭᠡ ᠶᠢᠨ ᠪᠠᠷᠢᠮᠵᠢᠶ᠎ᠠ ᠪᠠ ᠱᠠᠭᠠᠷᠳᠠᠯᠭ᠎ᠠ ᠶᠢ ᠪᠠᠷᠢᠵᠤ ᠪᠠᠶᠢᠭ᠎ᠠ ᠪᠠᠶᠢᠭᠤᠯᠭ᠎ᠠ ᠨᠢᠬᠡᠴᠡ ᠳᠤ ᠤᠷᠢᠳᠴᠢᠯᠠᠨ ᠮᠡᠳᠡᠭᠳᠡᠪᠡ᠃      ᠤᠳᠤᠬᠠᠨ ᠳᠤ ᠬᠢᠨᠠᠨ ᠪᠠᠶᠢᠴᠠᠭᠠᠭᠰᠠᠨ᠂ ᠪᠦᠳᠦᠬᠡᠨ ᠪᠠᠶᠢᠭᠤᠯᠤᠭᠰᠠᠨ ᠪᠠᠷᠢᠯᠭ᠎ᠠ ᠶᠢᠨ ᠬᠦᠷᠢᠶ᠎ᠡ ᠬᠡᠷᠡᠰᠭᠡ ᠨᠢ 14 ᠭᠠᠵᠠᠷ ᠪᠤᠢ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号