ᠬᠤᠰᠢᠭᠤ ᠡᠮᠡᠭᠲᠡᠶᠢᠴᠦᠳ ᠤᠨ ᠬᠤᠯᠪᠤᠭᠠᠳᠤ ᠬᠤᠷᠠᠯ ︽ᠶᠠᠳᠠᠭᠤ ᠬᠦᠴᠢᠷᠳᠡᠯᠳᠡᠢ ᠡᠭᠡᠴᠤᠳ ᠢ ᠬᠤᠶᠠᠷ ᠦᠮᠡᠨ ᠠᠴᠠ ᠠᠪᠤᠷᠠᠨ ᠳᠤᠰᠠᠯᠠᠬᠤ ᠲᠤᠰᠬᠠᠢ ᠲᠦᠷᠦᠯ ᠤᠨ ᠰᠠᠭᠤᠷᠢ ᠮᠦᠩᠬᠦ︾ ᠶᠢ ᠲᠠᠷᠬᠠᠭᠠᠪᠠ
ᠨᠡᠶᠢᠲᠡᠯᠡᠭᠰᠡᠨ ᠴᠠᠭ᠄
2018-04-17
      ᠤᠶᠢᠷ᠎ᠠ ᠶᠢᠨ ᠡᠳᠦᠷ᠂ ᠤᠷᠳᠤᠰ ᠬᠤᠲᠠ ᠪᠤᠯᠤᠨ ᠦᠤᠰᠢᠨ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠠᠴᠠ ᠦᠤᠰᠢᠨ ᠬᠤᠰᠢᠭᠤᠨ ᠤ 6 ᠰᠤᠮᠤ ᠪᠠᠯᠭᠠᠰᠤᠨ ᠳᠠᠬᠢ ︽ᠬᠤᠶᠠᠷ ᠦᠮᠡᠨ︾ ᠳᠤ ᠨᠡᠷᠪᠡᠭᠳᠡᠭᠰᠡᠨ 10 ᠡᠮᠡᠭᠲᠡᠶᠢᠴᠦᠳ ᠨᠢᠭᠡᠪᠦᠷᠢ ᠳᠤ 10000 ᠲᠥᠭᠦᠷᠢᠭ ᠤᠨ ᠳᠦᠪ ᠤᠨ ᠳᠤᠰᠬᠠᠢ ᠳᠦᠷᠤᠯ ᠤᠨ ᠱᠠᠩᠨᠠᠯᠳᠦ ᠰᠤᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ ᠶᠢᠨ ᠲᠦᠷᠦᠯ ᠵᠦᠢᠯ ᠤᠨ ︽ᠶᠠᠳᠠᠭᠤ ᠬᠦᠴᠢᠷᠳᠡᠯᠳᠡᠢ ᠡᠭᠡᠴᠤᠳ ᠢ ᠬᠤᠶᠠᠷ ᠦᠮᠡᠨ ᠠᠴᠠ ᠠᠪᠤᠷᠠᠨ ᠳᠤᠰᠠᠯᠠᠬᠤ︾ ᠮᠦᠩᠬᠦ ᠶᠢ ᠲᠠᠷᠬᠠᠭᠠᠭᠰᠠᠨ ᠪᠠᠶᠢᠨ᠎ᠠ᠃      ᠤᠷᠳᠤᠰ ᠬᠤᠲᠠ ᠪᠤᠯᠤᠨ ᠦᠤᠰᠢᠨ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠬᠠᠷᠢᠭᠤᠴᠠᠯᠭᠠᠲᠠᠨ ᠡᠪᠡᠳᠴᠢᠲᠡᠨ ᠤ ᠭᠡᠷ ᠲᠤ ᠬᠦᠷᠴᠦ᠂ ᠲᠡᠳᠡᠨ ᠲᠠᠢ ᠳᠣᠲᠣᠨᠣᠰᠤᠭ ᠢᠶᠠᠷ ᠶᠠᠷᠢᠯᠴᠠᠵᠤ᠂ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠨᠠᠷᠢᠨ ᠤᠶᠢᠯᠠᠭᠠᠬᠤ ᠶᠢᠨ ᠬᠠᠮᠲᠦ ᠲᠤᠬᠤᠨᠢᠭᠤᠯᠭ᠎ᠠ ᠶᠢᠨ ᠮᠦᠩᠭᠦ ᠭᠠᠷᠳᠠᠭᠤᠯᠵᠤ᠂ ᠪᠠᠶᠠᠷ ᠪᠠᠶᠠᠰᠬᠤᠯᠠᠩ ᠲᠠᠢ ᠨᠤᠭᠤᠷᠠᠰᠢ ᠦᠭᠡᠢ ᠣᠪᠤᠷ ᠢᠶᠠᠷ ᠠᠮᠢᠳᠤᠷᠠᠯ ᠤᠨ ᠬᠦᠴᠢᠷ ᠪᠡᠷᠬᠡᠰᠢᠶᠡᠯ ᠢ ᠵᠤᠷᠢᠭᠲᠠᠢ ᠲᠤᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠳᠡᠮᠵᠢᠯᠭᠡ ᠪᠠᠷ ᠡᠪᠡᠳᠴᠢᠨ ᠢᠶᠠᠨ ᠰᠠᠶᠢᠨ ᠡᠮᠨᠡᠭᠦᠯᠵᠦ᠂ ᠡᠷᠲᠡᠬᠡᠨ ᠡᠷᠡᠭᠦᠯᠵᠢᠬᠦ ᠶᠢ ᠬᠦᠰᠡᠵᠡᠢ᠃      ᠤᠶᠢᠯᠠᠭᠠᠭᠰᠠᠨ ᠢᠶᠠᠷ᠂ ᠦᠤᠰᠢᠨ ᠬᠤᠰᠢᠭᠤ 2011 ᠤᠨ ᠠᠴᠠ ︽ᠬᠤᠶᠠᠷ ᠦᠮᠠᠨ︾ ᠢ ᠦᠨ᠎ᠠ ᠲᠦᠯᠦᠪᠦᠷᠢ ᠦᠭᠡᠢ ᠪᠠᠷ ᠪᠠᠶᠢᠴᠠᠭᠠᠨ ᠲᠣᠳᠣᠯᠠᠬᠤ ᠲᠦᠷᠦᠯ ᠵᠦᠢᠯ ᠢ ᠬᠡᠷᠡᠭᠵᠢᠭᠦᠯᠦᠭᠰᠡᠨ ᠠᠴᠠ ᠨᠠᠭᠠᠰᠢ᠂ 65686 ᠨᠡᠷ᠎ᠠ 35 ᠠᠴᠠ 64 ᠨᠠᠰᠤᠨ ᠤ ᠬᠤᠭᠤᠷᠤᠨᠳᠤᠬᠢ ᠬᠦᠳᠡᠭᠡ ᠲᠤᠰᠬᠤᠨ ᠤ ᠡᠮᠡᠭᠲᠡᠶᠢᠴᠦᠳ ᠲᠤ ︽ᠬᠤᠶᠠᠷ ᠦᠮᠠᠨ︾ ᠤ ᠪᠠᠶᠢᠴᠠᠭᠠᠯᠲᠠ ᠬᠢᠵᠦ᠂ ︽ᠶᠠᠳᠠᠭᠤ ᠬᠦᠴᠢᠷᠳᠡᠯᠲᠡᠢ ᠡᠬᠡᠴᠦᠳ ᠢ ᠬᠤᠶᠠᠷ ᠦᠮᠠᠨ ᠠᠴᠠ ᠠᠪᠤᠷᠠᠨ ᠲᠤᠰᠠᠯᠠᠬᠤ︾ ᠰᠠᠭᠤᠷᠢ ᠮᠦᠩᠭᠦ ᠶᠢ 42 ᠲᠦᠮᠡᠨ ᠲᠦᠭᠦᠷᠢᠭ ᠲᠡᠮᠡᠴᠡᠨ ᠣᠯᠵᠤ᠂ 42 ᠨᠠᠷᠠᠰ ︽ᠬᠤᠶᠠᠷ ᠦᠮᠡᠨ︾ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠡᠮᠡᠭᠲᠡᠶᠢᠴᠦᠳ ᠢ ᠠᠪᠤᠷᠠᠨ ᠲᠤᠰᠠᠯᠠᠭᠰᠠᠨ ᠪᠠᠶᠢᠨ᠎ᠠ᠃ ︽ᠶᠠᠳᠠᠭᠤ ᠬᠦᠴᠢᠷᠳᠡᠯᠲᠡᠢ ᠡᠬᠡᠴᠦᠳ ᠢ ᠬᠤᠶᠠᠷ ᠦᠮᠠᠨ ᠠᠴᠠ ᠠᠪᠤᠷᠠᠨ ᠲᠤᠰᠠᠯᠠᠬᠤ︾ ᠰᠠᠭᠤᠷᠢ ᠮᠦᠩᠭᠦ ᠨᠢ ︽ᠬᠤᠶᠠᠷ ᠦᠮᠠᠨ ︾ ᠳᠤ ᠨᠡᠷᠪᠡᠭᠳᠡᠭᠰᠡᠨ ᠡᠮᠡᠭᠲᠡᠶᠢᠴᠦᠳ ᠤᠨ ᠡᠪᠡᠳᠴᠢᠨ ᠢᠶᠠᠨ ᠡᠮᠨᠡᠬᠦ ᠲᠠᠷᠤᠭᠠᠰᠤ ᠶᠢ ᠨᠢ ᠬᠥᠩᠭᠡᠷᠡᠭᠦᠯᠵᠦ᠂ ᠨᠠᠮ ᠵᠠᠰᠠᠭ᠂ ᠨᠠᠶᠢᠭᠡᠮ ᠨᠡᠶᠢᠳᠡ ᠶᠢᠨ ᠡᠯ᠎ᠠ ᠡᠳᠡᠭᠡᠳ ᠤᠨ ᠬᠠᠶᠢᠷ᠎ᠠ ᠬᠠᠯᠠᠮᠵᠢ ᠶᠢ ᠭᠦᠷᠭᠡᠵᠤ᠂ ᠡᠪᠡᠳᠴᠢᠨ ᠤ ᠲᠠᠷᠴᠢᠯᠭᠠᠯ ᠢ ᠢᠯᠡᠨ ᠲᠠᠪᠠᠭ᠋ᠤ ᠢᠳᠡᠭᠡᠯ ᠵᠤᠷᠢᠭ ᠢ ᠤᠯᠭᠤᠭᠰᠠᠨ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号