ᠲᠠᠪᠤᠳᠤᠭᠠᠷ ᠪᠥᠯᠥᠭ ᠬᠤᠰᠢᠭᠤ ᠱᠠᠳᠣᠨ ᠤ ᠪᠣᠳᠠᠰ ᠤᠨ ᠪᠣᠰᠣ ᠰᠣᠶᠣᠯ ᠤᠨ ᠦᠪ ᠤᠨ ᠲᠦᠷᠥᠯ ᠵᠣᠶᠢᠯ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠢ ᠨᠠᠶᠢᠲᠡᠯᠡᠬᠦ ᠲᠣᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018-04-17
ᠡᠯ᠎ᠡ ᠠᠵᠣ ᠠᠬᠤᠢ ᠶᠢᠨ ᠨᠡᠬᠡᠬᠡᠯᠳᠡ ᠶᠢᠨ ᠲᠣᠭᠤᠷᠢᠭ ︵ᠬᠦᠷᠢᠶᠠᠯᠠᠩ︶ ᠤᠨ ᠬᠠᠮᠢᠶᠠᠷᠣᠯᠲᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠡᠯ᠎ᠡ ᠰᠠᠯᠠᠭ᠎ᠠ ᠮᠦᠴᠢᠷ᠂ ᠡᠯ᠎ᠡ ᠠᠷᠠᠳ ᠤᠨ ᠪᠥᠯᠬᠦᠮ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠵᠢᠴᠢ ᠠᠵᠣ ᠠᠬᠤᠶᠢᠯᠡᠯ ᠠᠵᠢᠯ ᠣᠶᠢᠯᠡᠰ ᠤᠨ ᠪᠠᠶᠢᠭᠤᠯᠭ᠎ᠠ᠄    ᠪᠣᠳᠠᠰ ᠤᠨ ᠪᠣᠰᠣ ᠰᠣᠶᠣᠯ ᠤᠨ ᠦᠪ ᠤᠨ ᠲᠦᠷᠥᠯ ᠵᠣᠶᠢᠯ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ  ᠤᠨ ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠨ ᠪᠣᠳᠠᠰ ᠤᠨ ᠪᠣᠰᠣ ᠰᠣᠶᠣᠯ ᠤᠨ ᠦᠪ ᠢ ᠪᠦᠳᠣᠮᠵᠢᠳᠡᠢ ᠬᠠᠮᠠᠭᠠᠯᠠᠨ ᠣᠯᠠᠮᠵᠢᠯᠠᠵᠣ᠂ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠪᠣᠳᠠᠰ ᠤᠨ ᠪᠣᠰᠣ ᠰᠣᠶᠣᠯ  ᠤᠨ ᠦᠪ ᠤᠨ ᠬᠠᠣᠯᠢ︾ ᠪᠠ ︽ᠣᠷᠳᠣᠰ ᠬᠤᠳᠠ ᠶᠢᠨ ᠪᠣᠳᠠᠰ ᠤᠨ ᠪᠣᠰᠣ ᠰᠣᠶᠣᠯ ᠤᠨ ᠦᠪ ᠤᠨ ᠲᠦᠷᠥᠯ ᠵᠣᠶᠢᠯ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠤᠨ ᠬᠢᠨᠡᠨ ᠳᠣᠭᠳᠠᠭᠠᠯᠳᠠ ᠪᠠ ᠬᠠᠮᠢᠶᠠᠷᠣᠯᠳᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠳᠣᠭᠳᠠᠭᠠᠯ ᠢ ᠦᠨᠳᠣᠰᠣᠯᠡᠨ ᠮᠠᠨ ᠤ ᠬᠤᠰᠢᠭᠤᠨ ᠤ ᠪᠣᠳᠠᠰ ᠤᠨ ᠪᠣᠰᠣ ᠰᠣᠶᠣᠯ ᠤᠨ ᠦᠪ ᠤᠨ ᠬᠠᠮᠠᠭᠠᠯᠠᠯᠳᠠ ᠶᠢᠨ ᠣᠳᠣᠷᠢᠳᠬᠤ ᠪᠠᠭ᠎ᠠ ᠳᠣᠭᠤᠶᠢᠯᠠᠩ ᠠᠴᠠ ᠪᠦᠬᠦ ᠬᠤᠰᠢᠭᠤᠨ ᠤ ᠳᠣᠳᠣᠷᠠᠬᠢ ᠣᠳᠣ ᠪᠠᠶᠢᠭ᠎ᠠ ᠪᠣᠳᠠᠰ ᠤᠨ ᠪᠣᠰᠣ ᠰᠣᠶᠣᠯ ᠤᠨ ᠦᠪ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠢ ᠨᠠᠷᠢᠨ ᠬᠢᠨᠠᠮᠠᠭᠠᠢ ᠨᠠᠶᠢᠳᠠᠮ ᠪᠠᠶᠢᠴᠠᠭᠠᠵᠣ᠂ ᠰᠤᠩᠭᠤᠨ ᠬᠢᠨᠠᠬᠤ ᠪᠠᠷ ᠳᠠᠮᠵᠢᠨ ᠠᠷᠰᠯᠠᠨ᠂ ᠶᠢᠨ ᠬᠠᠢ ᠵᠡᠷᠬᠡ 21 ᠨᠠᠷᠠᠰ ᠤᠯᠠᠮᠵᠢᠯᠠᠭᠴᠢᠳ ᠢ ᠲᠠᠪᠤᠳᠤᠭᠠᠷ ᠪᠦᠯᠥᠭ ᠬᠤᠰᠢᠭᠤ ᠱᠠᠳᠣᠨ ᠤ ᠪᠣᠳᠠᠰ ᠤᠨ ᠪᠣᠰᠣ ᠰᠣᠶᠣᠯ ᠤᠨ ᠦᠪ ᠤᠨ ᠲᠦᠷᠥᠯ ᠵᠣᠶᠢᠯ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠢᠶᠠᠷ ᠨᠠᠶᠢᠲᠡᠯᠡᠬᠦ ᠪᠠᠷ ᠲᠣᠭᠲᠠᠪᠠ᠃    ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠠᠴᠠ ᠣᠯᠣᠰ᠂ ᠦᠪᠡᠷᠳᠡᠬᠡᠨ ᠵᠠᠰᠠᠬᠤ ᠣᠷᠣᠨ ᠪᠠ ᠬᠤᠳᠠ ᠶᠢᠨ ᠬᠤᠯᠪᠣᠭᠳᠠᠯ ᠪᠦᠬᠦᠢ ᠳᠣᠭᠳᠠᠭᠠᠯ ᠢ ᠶᠤᠰᠤᠭᠠᠷ ︽ᠬᠠᠮᠠᠭᠠᠯᠠᠬᠤ ᠪᠠᠷ ᠭᠤᠣᠯ ᠪᠣᠯᠭᠠᠨ᠂ ᠠᠪᠤᠷᠠᠬᠤ ᠶᠢ ᠳᠡᠷᠢᠬᠦᠨ ᠪᠠᠶᠢᠷᠢᠨ ᠳᠤ ᠳᠠᠯᠪᠢᠵᠣ᠂ ᠵᠣᠬᠢᠰᠳᠡᠢ ᠠᠰᠢᠭᠯᠠᠨ᠂ ᠣᠯᠠᠮᠵᠢᠯᠠᠨ ᠬᠦᠭᠵᠢᠬᠦᠯᠬᠦ︾ ᠠᠵᠢᠯ ᠤᠨ ᠴᠢᠭᠯᠡᠯᠳᠡ ᠶᠢ ᠨᠠᠷᠢᠨ ᠬᠢᠨᠠᠮᠠᠭᠠᠢ ᠳᠣᠣᠱᠯᠠᠭᠤᠯᠵᠣ᠂ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ︵ᠪᠦᠯᠬᠦᠮ︶ ᠤᠨ ᠣᠯᠠᠮᠵᠢᠯᠡᠨ ᠵᠢᠭᠠᠬᠤ ᠠᠵᠢᠯᠯᠠᠭ᠎ᠠ ᠦᠷᠨᠢᠬᠦᠯᠬᠦ ᠶᠢ ᠵᠣᠷᠢᠭᠵᠢᠭᠤᠯᠣᠨ ᠳᠠᠮᠵᠢᠵᠣ᠂ ᠣᠯᠠᠨ ᠲᠦᠷᠥᠯ ᠤᠨ ᠠᠷᠭ᠎ᠠ ᠵᠠᠮ ᠢᠶᠠᠷ ᠪᠣᠳᠠᠰ ᠤᠨ ᠪᠣᠰᠣ ᠰᠣᠶᠣᠯ ᠢ ᠳᠡᠯᠬᠡᠷᠡᠬᠦᠯᠵᠣ᠂ ᠣᠯᠠᠨ ᠲᠦᠮᠡᠨ ᠤ ᠣᠶᠢᠯᠠᠭᠠᠯᠳᠠ ᠳᠠᠨᠢᠯᠳᠠ ᠶᠢ ᠳᠡᠬᠡᠭᠰᠢᠯᠡᠬᠦᠯᠥᠨ ᠪᠣᠳᠠᠰ ᠤᠨ ᠪᠣᠰᠣ ᠰᠣᠶᠣᠯ ᠤᠨ ᠦᠪ ᠢ ᠪᠦᠳᠣᠮᠵᠢᠳᠡᠢ ᠬᠠᠳᠠᠭᠠᠯᠠᠬᠤ᠂ ᠣᠯᠠᠮᠵᠢᠯᠠᠬᠤ ᠪᠠ ᠬᠦᠭᠵᠢᠬᠦᠯᠬᠦ ᠠᠵᠢᠯ ᠢ ᠪᠠᠳᠣᠯᠠᠨ᠎ᠠ᠃    ᠳᠠᠭᠠᠯᠳᠣᠭᠤᠯᠣᠯ᠄ ᠲᠠᠪᠤᠳᠤᠭᠠᠷ ᠪᠦᠯᠥᠭ ᠬᠤᠰᠢᠭᠤ ᠱᠠᠳᠣᠨ ᠤ ᠪᠣᠳᠠᠰ ᠤᠨ ᠪᠣᠰᠣ ᠰᠣᠶᠣᠯ ᠤᠨ ᠦᠪ ᠤᠨ ᠲᠦᠷᠥᠯ ᠵᠣᠶᠢᠯ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠤᠨ ᠨᠠᠷᠠᠰ                          ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                          2018 ᠣᠨ ᠤ 4 ᠰᠠᠷ᠎ᠠ ᠶᠢᠨ 3 ᠤ ᠡᠳᠦᠷ                     ᠲᠠᠪᠤᠳᠤᠭᠠᠷ ᠪᠦᠯᠥᠭ ᠬᠤᠰᠢᠭᠤ ᠱᠠᠳᠣᠨ ᠤ ᠪᠣᠳᠠᠰ ᠤᠨ ᠪᠣᠰᠣ ᠰᠣᠶᠣᠯ ᠤᠨ ᠦᠪ ᠤᠨ                   ᠲᠦᠷᠥᠯ ᠵᠣᠶᠢᠯ ᠤᠨ ᠲᠥᠯᠥᠭᠡᠯᠡᠬᠦ ᠴᠢᠨᠠᠷᠲᠠᠢ ᠣᠯᠠᠮᠵᠢᠯᠠᠭᠴᠢᠳ ᠤᠨ ᠨᠠᠷᠠᠰ
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号